ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠠᠷᠪᠠᠨ ᠬᠤᠶᠠᠷ︶
ᠨᠡᠶᠢᠲᠡᠯᠡᠭᠰᠡᠨ ᠴᠠᠭ᠄
2021/8/20
      ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ         ᠬᠤᠷᠢᠨ ᠵᠢᠷᠭᠤᠳᠤᠭᠠᠷ ᠵᠦᠢᠯ  ᠡᠯ᠎ᠡ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠬᠤ ᠬᠦᠰᠦᠨᠦᠭᠲᠦ︾ ︵ᠳᠠᠭᠠᠯᠳᠤᠭᠤᠯᠤᠯ 1︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠮᠡᠳᠡᠭᠳᠡᠬᠦ ᠪᠢᠴᠢᠭ︾ ︵ᠳᠠᠭᠠᠯᠳᠤᠭᠤᠯᠤᠯ 2︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ ︾ ︵ᠳᠠᠭᠠᠯᠳᠤᠭᠤᠯᠤᠯ 3︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠤᠨ ᠪᠢᠴᠢᠭ︾ ︵ᠳᠠᠭᠠᠯᠳᠤᠭᠤᠯᠤᠯ 4︶ ᠤᠨ ᠪᠢᠴᠢᠭ ᠬᠠᠷ᠎ᠠ ᠶᠢᠨ ᠵᠠᠭᠪᠤᠷ ᠢᠶᠠᠷ ᠯᠠᠪᠯᠠᠯᠲᠠ ᠪᠣᠯᠭᠠᠵᠤ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠬᠢᠨᠠᠯᠲᠠ ᠬᠠᠮᠢᠶᠠᠷᠤᠯᠲᠠ ᠳᠤ ᠳᠣᠭᠢᠷᠠᠬᠤ ᠪᠢᠴᠢᠭ ᠬᠠᠷ᠎ᠠ ᠶᠢᠨ ᠬᠡᠯᠪᠡᠷᠢ ᠮᠠᠶ᠋ᠢᠭ ᠢ ᠲᠣᠭᠲᠠᠭᠠᠬᠤ ᠶᠢᠨ ᠬᠠᠮᠲᠤ ᠦᠪᠡᠷᠲᠡᠭᠡᠨ ᠳᠠᠷᠤᠮᠠᠯᠯᠠᠨ ᠦᠢᠯᠡᠳᠦᠨ᠎ᠡ᠃       ᠬᠤᠷᠢᠨ ᠳᠣᠯᠣᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ︽ᠳᠡᠭᠡᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠵᠤ᠂ ︽ᠳᠣᠷᠣᠭᠰᠢ︾ ᠳᠤ ᠲᠤᠰ ᠲᠤᠭ᠎ᠠ ᠶᠢ ᠪᠠᠭᠲᠠᠭᠠᠬᠤ ᠦᠭᠡᠶ᠃       ᠬᠤᠷᠢᠨ ᠨᠠᠢᠮᠠᠳᠤᠭᠠᠷ ᠵᠦᠢᠯ  ᠲᠣᠰ ᠠᠷᠭ᠎ᠠ ᠳᠤ ᠲᠣᠭᠲᠠᠭᠠᠭᠰᠠᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠵᠡᠷᠭᠡ ᠬᠤᠭᠤᠴᠠᠭ᠎ᠠ ᠶᠢ ᠠᠵᠢᠯᠯᠠᠬᠤ ᠡᠳᠦᠷ ᠢᠶᠠᠷ ᠪᠤᠳᠤᠨ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠥᠬᠡᠶ᠃       ᠬᠤᠷᠢ ᠶᠢᠰᠦᠳᠦᠭᠡᠷ ᠵᠦᠢᠯ  ᠲᠣᠰ ᠠᠷᠭ᠎ᠠ ᠶᠢ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃       ᠭᠤᠴᠢᠳᠤᠭᠠᠷ ᠵᠦᠢᠯ  ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︵ ᠬᠦᠯᠦᠨ ᠵᠠᠰᠠᠭ ᠠᠯᠪᠠᠨ ᠦᠰᠦᠭ〔2017〕244 ᠳ᠋ᠤᠭᠡᠷ ᠲᠣᠭᠠᠲᠤ︶ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ