ᠬᠦᠯᠦᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ︵ᠭᠤᠷᠪᠠ︶
ᠨᠡᠶᠢᠲᠡᠯᠡᠭᠰᠡᠨ ᠴᠠᠭ᠄
2021/8/27
      ᠲᠠᠪᠤᠳᠤᠭᠠᠷ ᠵᠦᠢᠯ ᠬᠤᠰᠢᠭᠤ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠬᠠᠷᠢᠶ᠎ᠠ ᠣᠷᠣᠨ ᠤ ᠪᠠᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠬᠦᠯᠦᠯᠲᠡ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠲᠠᠶ ᠠᠬᠢᠭᠤᠯᠤᠨ᠎ᠠ᠃ ᠲᠤᠰ ᠠᠷᠭ᠎ᠠ ᠳᠠᠬᠢ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ ᠪᠣᠯ ᠲᠤᠰ ᠠᠷᠭ᠎ᠠ ᠶᠢ ᠬᠡᠷᠡᠭᠵᠢᠭᠦᠯᠬᠦ ᠭᠤᠣᠯ ᠴᠣᠭᠴᠠ ᠪᠣᠯᠤᠨ᠎ᠠ᠃       ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠢᠲᠡᠭᠡᠯ ᠠᠯᠳᠠᠭᠰᠠᠳ ᠢ ᠬᠢᠵᠠᠭᠠᠷᠯᠠᠵᠤ ᠵᠠᠯᠬᠠᠭᠠᠨ ᠴᠡᠭᠡᠷᠯᠡᠭᠦᠯᠬᠦ ᠲᠦᠷᠢᠮ ᠢ ᠲᠦᠷᠦᠭᠦᠯᠡᠨ ᠪᠠᠶᠢᠭᠤᠯᠬᠤ ᠪᠠ ᠲᠡᠭᠦᠯᠳᠡᠷᠵᠢᠭᠦᠯᠬᠦ ᠶᠢ ᠬᠠᠷᠢᠭᠤᠴᠠᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠭᠠᠷᠴᠠᠭ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠵᠢᠯᠴᠠᠬᠤ ᠲᠣᠭᠲᠠᠴᠠ ᠶᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠪᠠᠶᠢᠩᠭᠤ ᠣᠷᠳᠣ ᠬᠤᠭᠤᠴᠠᠭ᠎ᠠ ᠪᠦᠲᠦᠮᠵᠢᠲᠡᠶ᠂ ᠯᠠᠪᠳᠠᠭᠤᠨ  ᠢᠶᠠᠷ ᠠᠬᠢᠬᠤ ᠶᠢ ᠠᠬᠢᠭᠤᠯᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠶᠢᠨ ᠦᠨᠡᠨ ᠬᠦ ᠪᠣᠳᠠᠲᠤ ᠦᠷ᠎ᠡ ᠪᠦᠲᠦᠮᠵᠢ ᠪᠠᠳᠠᠷᠠᠭᠤᠯᠬᠤ ᠶᠢ ᠪᠠᠲᠤᠯᠠᠨ᠎ᠠ᠃       ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠠᠷᠢᠨ ᠳᠠᠩᠰᠠ ᠶᠢ ᠲᠣᠳᠣᠷᠬᠠᠶᠢᠯᠠᠨ᠂ ᠵᠠᠯᠬᠠᠭᠠᠨ ᠴᠡᠭᠡᠷᠯᠡᠭᠦᠯᠬᠦ ᠲᠦᠷᠢᠮ ᠢ ᠪᠦᠷᠢᠨᠰᠢᠬᠦᠯᠵᠦ᠂ ᠲᠤᠭ᠎ᠠ ᠪᠠᠷᠢᠮᠲᠠ ᠶᠢ ᠵᠣᠯᠭᠠᠭᠤᠯᠬᠤ ᠠᠵᠢᠯ ᠢ ᠰᠠᠶᠢᠲᠤᠷ ᠬᠢᠨ᠎ᠡ᠃ ᠬᠤᠯᠪᠣᠭᠳᠠᠯ ᠪᠥᠬᠦᠶ ᠬᠤᠲᠠ ᠶᠢᠨ ᠱᠠᠲᠤᠨ ᠤ ᠲᠥᠷᠥ ᠶᠢᠨ ᠪᠠᠶᠢᠭᠤᠯᠭ᠎ᠠ ᠨᠢ ᠲᠣᠰ ᠠᠷᠭ᠎ᠠ ᠶᠢ ᠦᠨᠳᠦᠰᠦᠯᠡᠨ ᠲᠣᠰ ᠰᠢᠰᠲ᠋ᠧᠮ ᠤᠨ ᠢᠶᠠᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠵᠣᠬᠢᠬᠤ ᠲᠠᠰ ᠳᠠᠷᠠᠭᠠᠯᠠᠯ ᠤᠨ ᠲᠣᠭᠲᠠᠭᠠᠯ ᠢ ᠪᠦᠷᠢᠨᠰᠢᠬᠦᠯᠦᠨ᠎ᠡ᠃       ᠬᠤᠲᠠ ᠪᠠ ᠬᠤᠰᠢᠭᠤ ᠬᠤᠲᠠ ᠲᠣᠭᠤᠷᠢᠭ ᠤᠨ ᠡᠯ᠎ᠡ ᠲᠥᠷᠥ ᠶᠢᠨ ᠪᠠᠶᠢᠭᠤᠯᠭ᠎ᠠ ᠬᠠᠤᠯᠢ ᠶᠣᠰᠣᠭᠠᠷ ᠴᠢᠩᠭ᠎ᠠ ᠬᠠᠮᠳᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠬᠦᠯᠬᠦ ᠶᠢᠨ ᠬᠠᠮᠲᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠢ ᠲᠣᠰ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠳᠤ ᠤᠷᠤᠭᠤᠯᠤᠨ᠎ᠠ᠃       ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠤᠳ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠢᠲᠡᠭᠡᠮᠵᠢᠲᠦ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠠᠲᠤᠲᠠᠶ ᠠᠬᠢᠭᠤᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ