ᠬᠦᠯᠦᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ︵ᠳᠦᠷᠪᠡ︶
ᠨᠡᠶᠢᠲᠡᠯᠡᠭᠰᠡᠨ ᠴᠠᠭ᠄
2021/8/27
      ᠬᠤᠶᠠᠳᠤᠭᠠᠷ ᠪᠦᠯᠦᠭ ᠢᠲᠡᠭᠡᠯ ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ       ᠵᠢᠷᠭᠤᠳᠤᠭᠠᠷ ᠵᠦᠢᠯ ᠢᠲᠡᠭᠡᠯ ᠠᠯᠳᠠᠭᠰᠠᠨ ᠠᠵᠢᠯᠯᠠᠭ᠎ᠠ ᠶᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠢᠲᠡᠭᠡᠮᠵᠢ ᠶᠢᠨ ᠲᠡᠮᠳᠡᠭᠯᠡᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠠᠮᠢ ᠠᠬᠤᠶ ᠣᠷᠴᠢᠨ ᠲᠣᠭᠤᠷᠢᠨ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠪᠠᠩᠬᠢ ᠵᠡᠷᠭᠡ ᠰᠠᠯᠠᠭ᠎ᠠ ᠮᠥᠴᠢᠷ ᠤᠨ ᠢᠲᠡᠭᠡᠮᠵᠢ ᠶᠢᠨ ᠲᠡᠮᠳᠡᠭᠯᠡᠯ ᠢᠶᠠᠷ ᠭᠤᠣᠯᠳᠠᠯᠭ᠎ᠠ ᠪᠤᠯᠭᠠᠨ᠎ᠠ᠃ ᠪᠣᠳᠠᠲᠤ ᠪᠠᠶᠢᠳᠠᠯ ᠢ ᠦᠨᠳᠦᠰᠦᠯᠡᠨ᠂ ᠪᠦᠬᠦ ᠬᠤᠲᠠ ᠶᠢᠨ ᠬᠡᠪᠴᠢᠶᠡᠨ ᠳᠠᠬᠢ ᠪᠤᠢ ᠪᠦᠬᠦᠢ ᠲᠥᠷᠦ ᠶᠢᠨ ᠪᠠᠶᠢᠭᠤᠯᠭ᠎ᠠ ᠳᠤ ᠠᠯᠬᠤᠮ ᠠᠯᠬᠤᠮ ᠢᠶᠠᠷ ᠪᠦᠬᠦ ᠲᠠᠯ᠎ᠠ ᠪᠠᠷ ᠳᠡᠯᠭᠡᠷᠡᠭᠦᠯᠦᠨ᠎ᠡ᠃       ᠳᠣᠯᠣᠳᠤᠭᠠᠷ ᠵᠦᠢᠯ ︽ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠨᠢᠭᠡᠳᠦᠯᠲᠡᠶ ᠴᠤᠭᠯᠠᠭᠤᠯᠤᠨ ᠨᠡᠶᠢᠲᠡ ᠳᠤ ᠵᠠᠷᠯᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠠᠷᠢᠭᠤ ᠵᠠᠬᠢᠳᠠᠯ︾ ︵ᠲᠥᠷᠥ ᠠᠯᠪᠠᠨ ᠵᠠᠬᠢᠳᠠᠯ〔2016〕74   ᠳ᠋ᠤᠭᠡᠷ ᠲᠣᠭᠠᠲᠤ︶ ᠤᠨ ᠲᠣᠭᠲᠠᠭᠠᠯ ᠶᠣᠰᠣᠭᠠᠷ᠂ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ ᠨᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠣᠶ ᠪᠣᠯᠤᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ— ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠥᠪᠥᠷ ᠮᠣᠩᠭᠤᠯ︶ ᠢᠶᠠᠷ ᠳᠠᠮᠵᠢᠭᠤᠯᠤᠨ ᠠᠵᠤ ᠠᠬᠤᠶᠢᠯᠠᠯ ᠤᠨ ᠨᠡᠷ᠎ᠡ ᠳᠤᠤᠷ᠎ᠠ ᠲᠦᠪᠯᠡᠷᠡᠬᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ