ᠬᠦᠯᠦᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ︵ᠲᠠᠪᠤ︶
ᠨᠡᠶᠢᠲᠡᠯᠡᠭᠰᠡᠨ ᠴᠠᠭ᠄
2021/8/27
      ᠭᠤᠷᠪᠠᠳᠤᠭᠠᠷ ᠪᠦᠯᠦᠭ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠠᠪᠴᠠᠯ       ᠨᠠᠢᠮᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠤ ᠳᠤᠤᠷᠠᠬᠢ ᠠᠭᠤᠯᠭ᠎ᠠ ᠶᠢ ᠪᠠᠭᠲᠠᠭᠠᠨ᠎ᠠ᠄       ︵ᠨᠢᠭᠡ︶ ᠲᠥᠷᠥ ᠶᠢᠨ ᠪᠠᠶᠢᠭᠤᠯᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠭᠰᠡᠨ ᠤ ᠳᠠᠷᠠᠭ᠎ᠠ᠂ ᠲᠤᠬᠠᠢ ᠶᠢᠨ ᠬᠥᠮᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠬᠠᠮᠢᠶ᠎ᠠ ᠪᠦᠬᠦᠢ ᠲᠥᠷᠥ ᠶᠢᠨ ᠪᠠᠶᠢᠭᠤᠯᠭ᠎ᠠ ᠲᠡᠮᠳᠡᠭᠯᠡᠯ ᠤᠨ ᠮᠡᠳᠡᠭᠡ ᠵᠠᠩᠭᠢ ᠶᠢ ᠦᠨᠳᠦᠰᠦᠯᠡᠨ ᠳᠠᠩᠰᠠᠯᠠᠨ ᠲᠡᠮᠳᠡᠭᠯᠡᠬᠦ᠂ ᠵᠠᠰᠠᠭ ᠵᠠᠬᠢᠷᠭᠠᠨ ᠢᠶᠠᠷ ᠵᠥᠪᠰᠢᠶᠡᠷᠡᠭᠦᠯᠬᠦ᠂ ᠢᠷᠠᠭᠤ ᠠᠯᠳᠠᠷ ᠣᠯᠭᠤᠬᠤ᠂ ᠬᠢᠷᠢ ᠬᠡᠮ ᠢ ᠦᠨᠡᠯᠡᠨ ᠲᠣᠭᠲᠠᠭᠠᠬᠤ᠂ ᠵᠠᠰᠠᠭ ᠤᠨ ᠣᠷᠳᠣᠨ ᠤ ᠭᠠᠵᠠᠷ ᠰᠢᠷᠣᠶ ᠬᠠᠩᠭᠠᠬᠤ ᠶᠢ  ᠤᠯᠬᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠵᠠᠭᠠᠷᠯᠠᠬᠤ ᠪᠤᠶᠤ ᠬᠤᠷᠢᠭᠯᠠᠨ᠎ᠡ᠃       ︵ᠬᠤᠶᠠᠷ︶ ᠲᠥᠷᠥ ᠶᠢᠨ ᠪᠠᠶᠢᠭᠤᠯᠭ᠎ᠠ ᠨᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠭᠰᠡᠨ ᠤ ᠳᠠᠷᠠᠭ᠎ᠠ᠂ ᠲᠤᠬᠠᠢ ᠶᠢᠨ ᠬᠥᠮᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠪᠤᠰᠤᠳ ᠲᠥᠷᠥ ᠶᠢᠨ ᠪᠠᠶᠢᠭᠤᠯᠭ᠎ᠠ ᠳᠤ ᠳᠠᠮᠵᠢᠭᠤᠯᠤᠨ ᠬᠦᠷᠭᠡᠵᠦ᠂ ᠪᠤᠰᠤᠳ ᠲᠥᠷᠥ ᠶᠢᠨ ᠪᠠᠶᠢᠭᠤᠯᠭ᠎ᠠ ᠨᠢ ᠬᠠᠤᠯᠢ ᠶᠣᠰᠣᠭᠠᠷ ᠬᠠᠮᠵᠢᠯᠴᠠᠨ ᠬᠠᠮᠢᠶ᠎ᠠ ᠪᠥᠬᠦᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠤᠶᠤ ᠲᠤᠬᠠᠢ ᠶᠢᠨ ᠬᠥᠮᠦᠨ ᠳᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠭᠠᠳᠬᠠᠨ᠎ᠠ᠃       ᠲᠤᠰ ᠬᠤᠲᠠ ᠶᠢᠨ ᠡᠯ᠎ᠡ ᠱᠠᠲᠤᠨ ᠤ ᠠᠷᠠᠳ ᠤᠨ ᠰᠢᠭᠦᠬᠦ ᠬᠤᠷᠢᠶ᠎ᠠ ᠭᠦᠢᠴᠡᠳᠬᠡᠭᠳᠡᠭᠴᠢ ᠶᠢᠨ ᠢᠲᠡᠭᠡᠯ ᠠᠯᠳᠠᠭᠰᠠᠨ ᠮᠡᠳᠡᠭᠡ ᠵᠠᠩᠭᠢ ᠶᠢ ᠢᠲᠡᠭᠡᠮᠵᠢ ᠶᠢᠨ ᠲᠡᠮᠳᠡᠭᠯᠡᠯ ᠳᠤ ᠬᠦᠷᠭᠡᠨ ᠣᠷᠣᠭᠤᠯᠵᠤ ᠪᠣᠯᠤᠨ᠎ᠠ᠃       ᠶᠢᠰᠦᠳᠦᠭᠡᠷ ᠵᠦᠢᠯ ᠬᠥᠯᠥᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠬᠡᠷᠡᠭᠵᠢᠭᠦᠯᠬᠦ ᠭᠠᠷᠴᠠᠭ ᠤᠨ ᠬᠠᠮᠢᠶᠠᠷᠤᠯᠲᠠ       ᠬᠤᠲᠠ ᠶᠢᠨ ᠱᠠᠲᠤᠨ ᠤ ᠲᠥᠷᠥ ᠶᠢᠨ ᠪᠠᠶᠢᠭᠤᠯᠭ᠎ᠠ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠦᠨᠳᠦᠰᠦᠯᠡᠨ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠶᠣᠰᠣᠭᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠤᠨ ᠠᠭᠤᠯᠭ᠎ᠠ ᠶᠢ ᠲᠣᠭᠲᠠᠭᠠᠨ᠎ᠠ᠃ ᠭᠠᠷᠴᠠᠭ ᠤᠨ ᠠᠭᠤᠯᠭ᠎ᠠ ᠶᠢ ᠠᠩᠬ᠎ᠠ ᠠᠯᠬᠤᠮ ᠲᠤᠭᠤᠷᠪᠢᠵᠤ ᠳᠠᠭᠤᠰᠤᠭᠰᠠᠨ ᠤ ᠳᠠᠷᠠᠭ᠎ᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ᠲᠦᠷᠦᠭᠦᠯᠡᠬᠦ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠲᠤ ᠮᠡᠳᠡᠭᠦᠯᠦᠨ ᠡᠮᠬᠢᠳᠬᠡᠨ ᠴᠤᠭᠯᠠᠭᠤᠯᠵᠤ ᠂ ᠬᠥᠯᠥᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠤᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠢ ᠨᠠᠶᠢᠷᠠᠭᠤᠯᠤᠨ ᠵᠣᠬᠢᠶᠠᠵᠤ ᠪᠦᠷᠢᠯᠳᠦᠭᠦᠯᠦᠨ᠎ᠡ᠃ ᠭᠠᠷᠴᠠᠭ ᠢ ᠨᠠᠶᠢᠷᠠᠭᠤᠯᠤᠨ ᠵᠣᠬᠢᠶᠠᠵᠤ ᠳᠠᠭᠤᠰᠤᠭᠰᠠᠨ ᠤ ᠳᠠᠷᠠᠭ᠎ᠠ᠂ ᠲᠦᠷᠦᠭᠦᠯᠡᠬᠦ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠥᠷᠥ ᠶᠢᠨ ᠪᠠᠶᠢᠭᠤᠯᠭ᠎ᠠ ᠶᠢᠨ ᠰᠠᠨᠠᠯ ᠢ ᠬᠤᠷᠢᠶᠠᠵᠤ᠂ ᠬᠠᠮᠲᠤ ᠶᠢᠨ ᠲᠠᠨᠢᠯᠲᠠ ᠲᠠᠢ ᠪᠣᠯᠵᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠲᠦᠷᠦᠭᠦᠯᠡᠬᠦ ᠰᠠᠯᠠᠭ᠎ᠠ ᠮᠥᠴᠢᠷ ᠠᠴᠠ ᠨᠡᠶᠢᠭᠡᠮ ᠳᠤ ᠢᠯᠡ ᠨᠡᠶᠢᠲᠡᠯᠡᠨ᠎ᠡ᠃       ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠤᠨ ᠠᠭᠤᠯᠭ᠎ᠠ ᠳᠤ ᠰᠢᠢᠳᠪᠦᠷᠢᠯᠡᠬᠦ ᠪᠠᠶᠢᠭᠤᠯᠭ᠎ᠠ᠂ ᠬᠡᠷᠡᠭᠵᠢᠭᠦᠯᠬᠦ ᠠᠷᠭ᠎ᠠ ᠠᠪᠴᠠᠯ ᠤᠴᠢᠷ ᠰᠢᠯᠲᠠᠭᠠᠨ᠂ ᠬᠡᠷᠡᠭᠵᠢᠭᠦᠯᠬᠦ ᠪᠠᠶᠢᠭᠤᠯᠭ᠎ᠠ᠂ ᠠᠷᠭ᠎ᠠ ᠬᠡᠮᠵᠢᠶ᠎ᠡ ᠶᠢᠨ ᠠᠭᠤᠯᠭ᠎ᠠ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠪᠠ ᠬᠠᠤᠯᠢ ᠴᠠᠭᠠᠵᠠ ᠶᠢᠨ ᠦᠨᠳᠦᠰᠦᠯᠡᠯ ᠵᠡᠷᠭᠡ ᠶᠢ ᠪᠠᠭᠲᠠᠭᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ