ᠬᠦᠯᠦᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ︵ᠵᠢᠷᠭᠤᠭ᠎ᠠ︶
ᠨᠡᠶᠢᠲᠡᠯᠡᠭᠰᠡᠨ ᠴᠠᠭ᠄
2021/8/30
      ᠲᠦᠷᠦᠭᠦᠯᠡᠬᠦ ᠰᠠᠯᠠᠭ᠎ᠠ ᠮᠥᠴᠢᠷ ᠨᠢ ᠭᠠᠷᠴᠠᠭ ᠤᠨ ᠡᠳᠦᠷ ᠲᠤᠲᠤᠮ ᠤᠨ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠲᠤ ᠬᠦᠳᠡᠯᠦᠩᠭᠦᠢ ᠬᠠᠮᠢᠶᠠᠷᠤᠯᠲᠠ ᠬᠢᠬᠦ ᠬᠡᠷᠡᠭᠲᠡᠶ᠃ ︽ᠬᠡᠨ ᠲᠤᠭᠲᠠᠭᠠᠬᠤ᠂ ᠬᠡᠨ ᠬᠠᠩᠭᠠᠬᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠭᠠᠷᠴᠠᠭ ᠢ ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠤ ᠳᠠᠷᠠᠭᠠᠬᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠢᠮ ᠲᠣᠭᠲᠠᠭᠠᠯ ᠢ ᠲᠤᠭᠲᠠᠭᠠᠬᠤ᠂ ᠵᠠᠰᠠᠪᠤᠷᠢ ᠤᠷᠤᠭᠤᠯᠬᠤ ᠪᠤᠶᠤ ᠬᠦᠴᠦᠨ ᠥᠬᠡᠶ ᠪᠤᠯᠭᠠᠬᠤ ᠠᠴᠠ ᠪᠣᠯᠵᠣ ᠵᠠᠰᠠᠪᠤᠷᠢ ᠣᠷᠣᠭᠤᠯᠤᠭᠰᠠᠨ ᠭᠠᠷᠴᠠᠭ ᠲᠤ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠪᠠᠯ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠲᠠᠢ ᠲᠥᠷᠥ ᠶᠢᠨ ᠪᠠᠶᠢᠭᠤᠯᠭ᠎ᠠ ᠠᠴᠠ ᠳᠤᠷᠠᠳᠴᠤ᠂ ᠲᠦᠷᠦᠭᠦᠯᠡᠬᠦ ᠰᠠᠯᠠᠭ᠎ᠠ ᠮᠥᠴᠢᠷ ᠲᠤ ᠮᠡᠳᠡᠭᠦᠯᠦᠨ ᠬᠤᠯᠪᠣᠭᠳᠠᠯ ᠪᠥᠬᠦᠶ ᠲᠠᠰ ᠳᠠᠷᠠᠭᠠᠯᠠᠯ ᠢ ᠦᠨᠳᠦᠰᠦᠯᠡᠨ ᠲᠣᠬᠢᠷᠠᠭᠤᠯᠤᠯᠲᠠ ᠬᠢᠵᠦ ᠮᠠᠭᠠᠳᠯᠠᠨ ᠲᠣᠭᠲᠠᠭᠠᠨ᠎ᠠ᠃ ᠲᠣᠬᠢᠷᠠᠭᠤᠯᠤᠯᠲᠠ ᠬᠢᠵᠦ ᠮᠠᠭᠠᠳᠯᠠᠨ ᠲᠤᠭᠲᠠᠭᠠᠬᠤ ᠶᠢ ᠪᠡᠶᠡᠯᠡᠭᠦᠯᠬᠦ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠦᠷᠦᠭᠦᠯᠡᠬᠦ ᠰᠠᠯᠠᠭ᠎ᠠ ᠮᠥᠴᠢᠷ ᠠᠴᠠ ᠵᠠᠰᠠᠪᠤᠷᠢ ᠣᠷᠣᠭᠤᠯᠵᠤ ᠲᠣᠬᠢᠷᠠᠭᠤᠯᠤᠭᠰᠠᠨ ᠤ ᠳᠠᠷᠠᠭᠠᠬᠢ ᠭᠠᠷᠴᠠᠭ ᠢ ᠨᠡᠶᠢᠭᠡᠮ ᠳᠤ ᠢᠯᠡ ᠨᠡᠶᠢᠲᠡᠯᠡᠨ᠎ᠡ᠃       ᠠᠷᠪᠠᠳᠤᠭᠠᠷ ᠵᠦᠢᠯ ᠲᠣᠰ ᠬᠤᠲᠠ ᠶᠢᠨ ᠡᠯ᠎ᠡ ᠲᠥᠷᠦ ᠶᠢᠨ ᠪᠠᠶᠢᠭᠤᠯᠭ᠎ᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠤᠨ ᠠᠭᠤᠯᠭ᠎ᠠ ᠶᠣᠰᠣᠭᠠᠷ᠂ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠲᠡᠮᠳᠡᠭᠯᠡᠵᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠬᠦᠷᠭᠡᠵᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠬᠦᠯᠦᠨ᠎ᠡ᠃       ᠳᠥᠷᠪᠡᠳᠦᠭᠡᠷ ᠪᠦᠯᠦᠭ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠡᠰ ᠳᠠᠷᠠᠭᠠᠯᠠᠯ       ᠠᠷᠪᠠᠨ ᠨᠢᠭᠡᠳᠦᠭᠡᠷ ᠵᠦᠢᠯ ᠲᠣᠰ ᠬᠤᠲᠠ ᠶᠢᠨ ᠡᠯ᠎ᠡ ᠲᠥᠷᠥ ᠶᠢᠨ ᠪᠠᠶᠢᠭᠤᠯᠭ᠎ᠠ ᠨᠢ ᠬᠠᠤᠯᠢ ᠬᠡᠷᠡᠭᠵᠢᠭᠦᠯᠬᠦ ᠠᠵᠢᠯᠯᠠᠭ᠎ᠠ ᠳᠤᠮᠳᠠ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠲᠤ ᠲᠣᠭᠲᠠᠭᠠᠭᠰᠠᠨ ᠪᠠᠶᠢᠳᠠᠯ ᠭᠠᠷᠪᠠᠯ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠨᠡᠶᠢᠲᠡ ᠳᠤ ᠵᠠᠷᠯᠠᠬᠤ ᠰᠢᠰᠲ᠋ᠧᠮ — ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠥᠪᠥᠷ ᠮᠣᠩᠭᠤᠯ︶ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠮᠡᠳᠡᠭᠡ ᠵᠠᠩᠭᠢ ᠪᠣᠶ ᠪᠣᠯᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠨᠡᠶᠢᠭᠡᠮ ᠨᠡᠶᠢᠲᠡ ᠳᠤ ᠵᠠᠷᠯᠠᠬᠤ ᠶᠢᠨ ᠬᠠᠮᠲᠤ ᠠᠵᠤ ᠠᠬᠤᠶᠢᠯᠠᠯ ᠤᠨ ᠨᠡᠷ᠎ᠡ ᠳᠤᠤᠷ᠎ᠠ ᠪᠤᠳᠤᠵᠤ ᠤᠷᠤᠭᠤᠯᠤᠨ᠎ᠠ᠃       ᠠᠷᠪᠠᠨ ᠬᠤᠶᠠᠳᠤᠭᠠᠷ ᠵᠦᠢᠯ ᠰᠢᠢᠳᠪᠦᠷᠢᠯᠡᠬᠦ ᠪᠠᠶᠢᠭᠤᠯᠭ᠎ᠠ ᠨᠢ ᠲᠤᠬᠠᠢ ᠶᠢᠨ ᠬᠥᠮᠦᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠲᠡᠮᠳᠡᠭᠯᠡᠬᠦ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄       ︵ᠨᠢᠭᠡ︶ ᠰᠢᠢᠳᠪᠦᠷᠢᠯᠡᠬᠦ ᠪᠠᠶᠢᠭᠤᠯᠭ᠎ᠠ ᠶᠢᠨ ᠨᠡᠷᠡᠶᠢᠳᠦᠯ︔       ︵ᠬᠤᠶᠠᠷ︶ ᠲᠤᠬᠠᠢ ᠶᠢᠨ ᠬᠥᠮᠦᠨ ᠤ ᠦᠨᠳᠦᠰᠦᠨ ᠪᠠᠶᠢᠳᠠᠯ︔       ︵ᠭᠤᠷᠪᠠ︶ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠳᠠᠯ ᠵᠢᠴᠢ ᠦᠷ᠎ᠡ ᠳ᠋ᠦᠩ︔       ︵ᠳᠥᠷᠪᠡ︶ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠠᠪᠴᠠᠯ ᠤᠨ ᠠᠭᠤᠯᠭ᠎ᠠ︔       ︵ᠲᠠᠪᠤ︶ ᠬᠡᠷᠡᠭᠵᠢᠭᠦᠯᠬᠦ ᠪᠠᠶᠢᠭᠤᠯᠭ᠎ᠠ ᠶᠢᠨ ᠨᠡᠷᠡᠶᠢᠳᠦᠯ︔       ︵ᠵᠢᠷᠭᠤᠭ᠎ᠠ︶ ᠬᠠᠮᠢᠶ᠎ᠠ ᠪᠦᠬᠦᠢ ᠦᠨᠳᠦᠰᠦᠯᠡᠯ︔       ︵ᠳᠣᠯᠤᠭ᠎ᠠ︶ ᠬᠡᠷᠡᠭᠵᠢᠭᠦᠯᠬᠦ ᠪᠠᠶᠢᠭᠤᠯᠭ᠎ᠠ ᠶᠢᠨ ᠬᠡᠷᠡᠭᠰᠡᠬᠦ ᠪᠤᠰᠤᠳ ᠮᠡᠳᠡᠭᠡ ᠵᠠᠩᠭᠢ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ