ᠬᠦᠯᠦᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ︵ᠳᠤᠯᠤᠭ᠎ᠠ︶
ᠨᠡᠶᠢᠲᠡᠯᠡᠭᠰᠡᠨ ᠴᠠᠭ᠄
2021/8/30
      ᠠᠷᠪᠠᠨ ᠭᠤᠷᠪᠠᠳᠤᠭᠠᠷ ᠵᠦᠢᠯ ᠲᠣᠰ ᠠᠷᠭ᠎ᠠ ᠶᠢᠨ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︵ᠨᠢᠭᠡᠳᠦᠭᠡᠷ︶ ᠲᠤᠭᠲᠠᠭᠠᠯ ᠳᠤ ᠨᠡᠶᠢᠴᠡᠪᠡᠯ᠂ ᠬᠡᠷᠡᠭᠵᠢᠭᠦᠯᠬᠦ ᠪᠠᠶᠢᠭᠤᠯᠭ᠎ᠠ ᠨᠢ ᠬᠡᠷᠡᠭ ᠤᠨ ᠡᠮᠦᠨ᠎ᠡ ᠲᠤᠬᠠᠢ ᠶᠢᠨ ᠬᠥᠮᠦᠨ ᠤ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠦᠵᠡᠵᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠲᠤ ᠲᠣᠭᠲᠠᠭᠠᠭᠰᠠᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠠᠪᠴᠠᠯ ᠶᠣᠰᠣᠭᠠᠷ ᠲᠤᠬᠠᠢ ᠶᠢᠨ ᠬᠥᠮᠦᠨ ᠳᠤ ᠬᠠᠤᠯᠢ ᠶᠣᠰᠣᠭᠠᠷ ᠵᠣᠬᠢᠬᠤ ᠬᠢᠵᠠᠭᠠᠷᠯᠠᠯ ᠪᠤᠶᠤ ᠬᠤᠷᠢᠭᠯᠠᠯ ᠶᠠᠪᠤᠭᠤᠯᠤᠨ᠎ᠠ᠃       ᠠᠷᠪᠠᠨ ᠳᠥᠷᠪᠡᠳᠦᠭᠡᠷ ᠵᠦᠢᠯ ᠲᠣᠰ ᠠᠷᠭ᠎ᠠ ᠶᠢᠨ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︵ᠬᠤᠶᠠᠳᠤᠭᠠᠷ︶ ᠲᠤᠭᠲᠠᠭᠠᠯ ᠳᠤ ᠨᠡᠶᠢᠴᠡᠪᠡᠯ᠂ ᠮᠡᠳᠡᠭᠡ ᠵᠠᠩᠭᠢ ᠶᠢ ᠲᠡᠮᠳᠡᠭᠯᠡᠬᠦ ᠶᠢᠨ ᠬᠠᠮᠲᠤ᠂ 7 ᠠᠵᠢᠯᠯᠠᠬᠤ ᠡᠳᠦᠷ ᠤᠨ ᠳᠣᠲᠣᠷ᠎ᠠ ︽ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠳᠠᠮᠵᠢᠭᠤᠯᠤᠨ ᠬᠦᠷᠭᠡᠬᠦ ᠬᠠᠭᠤᠳᠠᠰᠤ︾ ᠶᠢ ᠲᠠᠭᠯᠠᠵᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠬᠠᠷᠢᠶᠠᠯᠠᠬᠤ ᠡᠷᠬᠡ ᠪᠦᠬᠦᠢ ᠬᠡᠷᠡᠭᠵᠢᠭᠦᠯᠬᠦ ᠪᠠᠶᠢᠭᠤᠯᠭ᠎ᠠ ᠳᠤ ᠳᠠᠮᠵᠢᠭᠤᠯᠤᠨ ᠬᠦᠷᠭᠡᠨ᠎ᠡ᠃       ᠠᠷᠪᠠᠨ ᠲᠠᠪᠤᠳᠤᠭᠠᠷ ᠵᠦᠢᠯ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠳᠤ ᠪᠠᠭᠲᠠᠬᠤ ᠨᠢ᠄       ︵ᠨᠢᠭᠡ︶ ᠮᠡᠳᠡᠭᠡ ᠵᠠᠩᠭᠢ ᠶᠢ ᠪᠦᠷᠢᠯᠳᠦᠬᠦᠯᠦᠭᠰᠡᠨ ᠪᠠᠶᠢᠭᠤᠯᠤᠮᠵᠢ︔       ︵ᠬᠤᠶᠠᠷ︶ ᠲᠤᠬᠠᠢ ᠶᠢᠨ ᠬᠥᠮᠦᠨ ᠤ ᠦᠨᠳᠦᠰᠦᠨ ᠪᠠᠶᠢᠳᠠᠯ︔       ︵ᠭᠤᠷᠪᠠ︶ ᠵᠠᠰᠠᠭ ᠵᠠᠬᠢᠷᠭᠠᠨ ᠤ ᠰᠢᠢᠳᠬᠡᠯ ᠪᠤᠶᠤ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠡ ᠵᠠᠩᠭᠢ︔       ︵ᠳᠥᠷᠪᠡ︶ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠠᠭᠤᠯᠭ᠎ᠠ︔       ︵ᠲᠠᠪᠤ︶ ᠠᠷᠭ᠎ᠠ ᠠᠪᠴᠠᠯ ᠢ ᠬᠡᠷᠡᠭᠵᠢᠭᠦᠯᠬᠦ ᠪᠠᠶᠢᠭᠤᠯᠤᠮᠵᠢ︔       ︵ᠵᠢᠷᠭᠤᠭ᠎ᠠ︶ ᠬᠠᠤᠯᠢ ᠴᠠᠭᠠᠵᠠ ᠶᠢᠨ ᠦᠨᠳᠦᠰᠦ ᠪᠠᠷᠢᠮᠲᠠ︔       ︵ᠳᠣᠯᠤᠭ᠎ᠠ︶ ᠭᠦᠢᠴᠡᠳᠬᠡᠬᠦ ᠴᠠᠭ ᠤᠨ ᠬᠢᠵᠠᠭᠠᠷ︔       ︵ᠨᠠᠢᠮᠠ︶ ᠠᠷᠭ᠎ᠠ ᠠᠪᠴᠠᠯ ᠢ ᠬᠡᠷᠡᠭᠵᠢᠭᠦᠯᠬᠦ ᠪᠠᠶᠢᠭᠤᠯᠤᠮᠵᠢ ᠶᠢᠨ ᠬᠡᠷᠡᠭᠰᠡᠬᠦ ᠪᠤᠰᠤᠳ ᠮᠡᠳᠡᠭᠡ ᠵᠠᠩᠭᠢ᠃       ᠠᠷᠪᠠᠨ ᠵᠢᠷᠭᠤᠳᠤᠭᠠᠷ ᠵᠦᠢᠯ ᠮᠡᠳᠡᠭᠡ ᠵᠠᠩᠭᠢ ᠶᠢ ᠪᠦᠷᠢᠯᠳᠦᠬᠦᠯᠦᠭᠰᠡᠨ ᠪᠠᠶᠢᠭᠤᠯᠤᠮᠵᠢ ᠶᠢᠨ ᠳᠠᠮᠵᠢᠭᠤᠯᠤᠨ ᠬᠦᠷᠭᠡᠭᠰᠡᠨ ᠮᠡᠳᠡᠭᠡ ᠵᠠᠩᠭᠢ ᠨᠢ ᠦᠨᠡᠨ ᠪᠣᠳᠠᠲᠠᠶ ᠂ ᠬᠠᠤᠯᠢ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ ᠵᠠᠰᠠᠭ ᠵᠠᠬᠢᠷᠭᠠᠨ ᠤ ᠬᠠᠤᠯᠢ  ᠬᠡᠷᠡᠭᠵᠢᠬᠦᠯᠬᠦ ᠲᠠᠩᠰᠠ ᠡᠪᠬᠡᠮᠡᠯ ᠤᠨ ᠠᠭᠤᠯᠭ᠎ᠠ ᠯᠤᠭ᠎ᠠ ᠨᠢᠭᠡᠳᠦᠯᠲᠡᠶ ᠪᠠᠶᠢᠬᠤ ᠬᠡᠷᠡᠭᠲᠡᠶ᠃       ᠠᠷᠪᠠᠨ ᠳᠣᠯᠣᠳᠤᠭᠠᠷ ᠵᠦᠢᠯ ᠬᠡᠷᠡᠭᠵᠢᠭᠦᠯᠬᠦ ᠪᠠᠶᠢᠭᠤᠯᠭ᠎ᠠ ᠨᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠠᠤᠯᠢ ᠶᠣᠰᠣᠭᠠᠷ ᠬᠡᠷᠡᠭᠵᠢᠬᠦᠯᠵᠦ᠂ ᠬᠠᠤᠯᠢ ᠲᠣᠭᠲᠠᠭᠠᠯ ᠲᠦᠷᠢᠮ ᠲᠤᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠵᠢᠴᠢ ᠤᠯᠤᠰ ᠤᠨ ᠶᠠᠮᠤᠨ ᠵᠥᠪᠯᠡᠯ ᠤᠨ ᠪᠢᠴᠢᠭ ᠮᠠᠲ᠋ᠧᠷᠢᠶᠠᠯ ᠳᠤ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠤᠨ ᠲᠤᠬᠠᠶ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠥᠬᠡᠶ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ