ᠬᠦᠯᠦᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ︵ᠨᠠᠢᠮᠠ︶
ᠨᠡᠶᠢᠲᠡᠯᠡᠭᠰᠡᠨ ᠴᠠᠭ᠄
2021/8/30
      ᠠᠷᠪᠠᠨ ᠨᠠᠢᠮᠠᠳᠤᠭᠠᠷ ᠵᠦᠢᠯ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠣᠯᠤᠭᠰᠠᠨ ᠬᠡᠷᠡᠭᠵᠢᠭᠦᠯᠬᠦ ᠪᠠᠶᠢᠭᠤᠯᠭ᠎ᠠ ᠨᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠲᠤ ᠲᠣᠭᠲᠠᠭᠠᠭᠰᠠᠨ ᠠᠭᠤᠯᠭ᠎ᠠ ᠶᠢ ᠦᠨᠳᠦᠰᠦᠯᠡᠨ᠂ ᠬᠠᠤᠯᠢ ᠶᠣᠰᠣᠭᠠᠷ ᠲᠤᠬᠠᠢ ᠶᠢᠨ ᠬᠥᠮᠦᠨ ᠳᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠨ ᠬᠡᠷᠡᠭᠵᠢᠬᠦᠯᠬᠦ᠂ ᠵᠠᠰᠠᠭ ᠵᠠᠬᠢᠷᠭᠠᠨ ᠤ ᠰᠢᠢᠳᠬᠡᠯ ᠬᠡᠷᠡᠭᠵᠢᠬᠦᠯᠬᠦ ᠶᠢᠨ ᠬᠠᠮᠲᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠣᠯᠭᠤᠨ ᠥᠭᠬᠦ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠡᠷᠡᠭᠵᠢᠭᠦᠯᠬᠦ ᠦᠶᠡᠰ᠂ ᠠᠵᠤ ᠠᠬᠤᠶᠢᠯᠠᠯ ᠤᠨ ᠢᠲᠡᠭᠡᠯ ᠠᠯᠳᠠᠭᠰᠠᠨ ᠮᠡᠳᠡᠭᠡ ᠵᠠᠩᠭᠢ ᠶᠢ ᠦᠨᠳᠦᠰᠦᠯᠡᠨ ᠲᠤᠬᠠᠢ ᠶᠢᠨ ᠬᠥᠮᠦᠨ ᠳᠤ ᠵᠣᠬᠢᠬᠤ ᠵᠠᠯᠬᠠᠭᠠᠨ ᠴᠡᠭᠡᠷᠯᠡᠬᠦᠯᠦᠯ ᠶᠠᠪᠤᠭᠤᠯᠤᠨ᠎ᠠ᠃       ᠠᠷᠪᠠ ᠶᠢᠰᠦᠳᠦᠭᠡᠷ ᠵᠦᠢᠯ ᠢᠲᠡᠭᠡᠮᠵᠢ ᠶᠢ ᠨᠢ ᠰᠡᠷᠭᠦᠭᠡᠬᠦ ᠲᠣᠭᠲᠠᠴᠠ ᠶᠢ ᠪᠠᠶᠢᠭᠤᠯᠬᠤ ᠶᠢᠨ ᠬᠠᠮᠲᠤ ᠲᠡᠭᠦᠯᠳᠡᠷᠵᠢᠬᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠳᠤ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠢᠲᠡᠭᠡᠯ ᠠᠯᠳᠠᠭᠰᠠᠨ ᠭᠤᠤᠯ ᠴᠣᠭᠴᠠ ᠨᠢ ᠱᠠᠭᠠᠷᠳᠠᠯᠭ᠎ᠠ ᠶᠣᠰᠣᠭᠠᠷ ᠢᠲᠡᠭᠡᠯ ᠠᠯᠳᠠᠭᠰᠠᠨ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠮᠠᠭᠤ ᠨᠥᠯᠥᠭᠡ ᠶᠢ ᠠᠷᠢᠯᠭᠠᠪᠠᠯ ᠴᠥᠮ ᠢᠲᠡᠭᠡᠮᠵᠢ ᠪᠠᠨ ᠵᠠᠰᠠᠨ ᠰᠡᠷᠭᠦᠭᠡᠬᠦ ᠪᠠᠷ ᠭᠤᠶᠤᠴᠢᠯᠠᠵᠤ ᠪᠣᠯᠤᠨ᠎ᠠ᠃ ᠰᠡᠷᠭᠦᠭᠡᠬᠦ ᠨᠥᠬᠦᠴᠡᠯ ᠳᠤ ᠨᠡᠶᠢᠴᠡᠪᠡᠯ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠭᠲᠠᠭᠠᠯ ᠶᠣᠰᠣᠭᠠᠷ ᠢᠲᠡᠭᠡᠯ ᠠᠯᠳᠠᠭᠰᠠᠨ ᠨᠡᠷᠡᠰ ᠢ ᠴᠠᠭ ᠲᠤᠬᠠᠶ ᠳᠤᠨᠢ ᠰᠢᠯᠵᠢᠭᠦᠯᠦᠨ ᠭᠠᠷᠭᠠᠨ᠎ᠠ᠃       ᠲᠠᠪᠤᠳᠤᠭᠠᠷ ᠪᠦᠯᠦᠭ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠠᠷᠭᠤᠭᠠᠨ ᠢ ᠰᠢᠢᠳᠪᠦᠷᠢᠯᠡᠬᠦ       ᠬᠤᠷᠢᠳᠤᠭᠠᠷ ᠵᠦᠢᠯ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠣᠯᠤᠭᠰᠠᠨ ᠬᠡᠷᠡᠭᠵᠢᠭᠦᠯᠬᠦ ᠪᠠᠶᠢᠭᠤᠯᠭ᠎ᠠ ᠨᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠳᠤ ᠤᠨᠳᠤᠤ ᠰᠠᠨᠠᠯ ᠲᠠᠢ ᠪᠠᠶᠢᠪᠠᠯ᠂ ᠮᠡᠳᠡᠭᠡ ᠵᠠᠩᠭᠢ ᠶᠢ ᠰᠢᠢᠳᠪᠦᠷᠢᠯᠡᠬᠦ ᠪᠠᠶᠢᠭᠤᠯᠭ᠎ᠠ ᠳᠤ ᠪᠤᠴᠠᠭᠠᠵᠤ ᠪᠣᠯᠤᠨ᠎ᠠ᠂ ᠭᠡᠪᠡᠴᠦ ᠤᠴᠢᠷ ᠰᠢᠯᠲᠠᠭᠠᠨ ᠢᠶᠠᠨ ᠡᠷᠬᠡᠪᠰᠢ ᠲᠣᠳᠣᠷᠬᠠᠶᠢᠯᠠᠬᠤ ᠬᠡᠷᠡᠭᠲᠡᠶ᠃       ᠬᠤᠷᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠠᠪᠤᠴᠠ ᠳᠤᠮᠳᠠ ᠮᠠᠷᠭᠤᠭᠠᠨ ᠭᠠᠷᠪᠠᠯ᠂ ᠬᠠᠮᠲᠤ ᠶᠢᠨ ᠳᠡᠭᠡᠳᠦ ᠱᠠᠲᠤᠨ ᠤ ᠪᠠᠶᠢᠭᠤᠯᠭ᠎ᠠ ᠲᠠᠢ ᠪᠤᠯ᠂ ᠬᠠᠮᠲᠤ ᠶᠢᠨ ᠳᠡᠭᠡᠳᠦ ᠱᠠᠲᠤᠨ ᠤ ᠪᠠᠶᠢᠭᠤᠯᠭ᠎ᠠ ᠠᠴᠠ ᠲᠣᠭᠲᠠᠭᠠᠨ᠎ᠠ︔ ᠬᠠᠮᠲᠤ ᠶᠢᠨ ᠳᠡᠭᠡᠳᠦ ᠱᠠᠲᠤᠨ ᠤ ᠪᠠᠶᠢᠭᠤᠯᠭ᠎ᠠ ᠪᠠᠶᠢᠬᠤ ᠤᠢᠭᠡᠢ ᠪᠣᠯ᠂ ᠲᠤᠰ ᠲᠤᠰ ᠤᠨ ᠳᠡᠭᠡᠳᠦ ᠱᠠᠲᠤᠨ ᠤ ᠪᠠᠶᠢᠭᠤᠯᠭ᠎ᠠ ᠨᠢ ᠬᠠᠮᠲᠤ ᠪᠠᠷ ᠰᠤᠳᠤᠯᠤᠨ ᠰᠢᠢᠳᠪᠦᠷᠢᠯᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ