ᠬᠦᠯᠦᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠷᠭ᠎ᠠ ︵ᠶᠢᠰᠦ︶
ᠨᠡᠶᠢᠲᠡᠯᠡᠭᠰᠡᠨ ᠴᠠᠭ᠄
2021/8/30
      ᠵᠢᠷᠭᠤᠳᠤᠭᠠᠷ ᠪᠦᠯᠦᠭ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢᠨ ᠪᠠᠲᠤᠯᠠᠭ᠎ᠠ       ᠬᠤᠷᠢᠨ ᠬᠤᠶᠠᠳᠤᠭᠠᠷ ᠵᠦᠢᠯ ᠬᠤᠲᠠ ᠶᠢᠨ ᠱᠠᠲᠤᠨ ᠤ ᠲᠥᠷᠦ ᠶᠢᠨ ᠪᠠᠶᠢᠭᠤᠯᠭ᠎ᠠ ᠲᠣᠰ ᠰᠢᠰᠲ᠋ᠧᠮ ᠤᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃       ᠡᠯ᠎ᠡ ᠲᠥᠷᠥ ᠶᠢᠨ ᠪᠠᠶᠢᠭᠤᠯᠭ᠎ᠠ ᠨᠢ ᠲᠣᠰ ᠪᠠᠶᠢᠭᠤᠯᠭ᠎ᠠ ᠶᠢᠨ ᠲᠤᠰᠬᠠᠶ ᠪᠠᠶᠢᠭᠤᠯᠤᠮᠵᠢ᠂ ᠲᠤᠰᠬᠠᠶ ᠬᠦᠮᠦᠨ ᠢᠶᠠᠷ  ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠢ ᠬᠠᠷᠢᠭᠤᠴᠠᠭᠤᠯᠤᠨ᠎ᠠ᠃       ᠬᠤᠷᠢᠨ ᠭᠤᠷᠪᠠᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠠᠵᠢᠯᠲᠠᠨ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠳᠤᠮᠳᠠ᠂ ᠳᠣᠣᠷᠠᠬᠢ ᠪᠠᠶᠢᠳᠠᠯ ᠲᠠᠢ ᠪᠣᠯ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠨᠡᠶᠢᠲᠡᠯᠡᠨ ᠰᠢᠬᠦᠮᠵᠢᠯᠡᠨ᠎ᠡ︔ ᠨᠡᠶᠢᠭᠡᠮ ᠤᠨ ᠨᠠᠵᠠᠭᠠᠢ ᠲᠠᠯ᠎ᠠ ᠶᠢᠨ ᠨᠥᠯᠥᠭᠡ ᠭᠠᠷᠭᠠᠭᠰᠠᠨ ᠪᠠ ᠲᠤᠬᠠᠢ ᠶᠢᠨ ᠬᠥᠮᠦᠨ ᠳᠤ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠲᠣᠭᠲᠠᠭᠠᠯ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ︵ᠨᠢᠭᠡ︶ ᠬᠠᠮᠲᠤᠷᠠᠨ ᠵᠠᠯᠬᠠᠭᠠᠨ ᠴᠡᠭᠡᠷᠯᠡᠭᠦᠯᠬᠦ ᠭᠠᠷᠴᠠᠭ ᠲᠤ ᠲᠣᠭᠲᠠᠭᠠᠭᠰᠠᠨ ᠪᠠᠶᠢᠳᠠᠯ ᠭᠠᠷᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠳᠤ ᠴᠠᠭ ᠤᠨ ᠬᠢᠵᠠᠭᠠᠷ ᠶᠣᠰᠣᠭᠠᠷ ᠲᠡᠮᠳᠡᠭᠯᠡᠭᠰᠡᠨ ᠥᠬᠡᠶ ᠪᠤᠶᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠳᠠᠮᠵᠢᠭᠤᠯᠤᠭᠰᠠᠨ ᠥᠬᠡᠶ︔       ︵ᠬᠤᠶᠠᠷ︶ ᠮᠡᠳᠡᠭᠡ ᠵᠠᠩᠭᠢ ᠶᠢ ᠲᠡᠮᠳᠡᠭᠯᠡᠭᠰᠡᠨ ᠨᠢ ᠦᠨᠡᠨ ᠪᠣᠳᠠᠲᠠᠶ ᠪᠤᠰᠤ ᠪᠤᠶᠤ ᠪᠤᠷᠤᠭᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠬᠠᠩᠭᠠᠵᠤ᠂ ᠮᠠᠭᠤ ᠨᠥᠯᠥᠭᠡ ᠭᠠᠷᠭᠠᠭᠰᠠᠨ︔       ︵ᠭᠤᠷᠪᠠ︶ ᠵᠦᠶ ᠶᠣᠰᠣᠨ ᠤ ᠰᠢᠯᠲᠠᠭᠠᠨ ᠥᠬᠡᠶ ᠪᠠᠷ᠂ ᠲᠤᠭᠲᠠᠭᠠᠯ ᠪᠤᠰᠤ ᠪᠠᠷ ᠲᠤᠬᠠᠢ ᠶᠢᠨ ᠬᠥᠮᠦᠨ ᠤ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠦᠵᠡᠭᠰᠡᠨ ᠪᠤᠶᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠮᠡᠳᠡᠭᠡ ᠵᠠᠩᠭᠢ ᠶᠢ ᠲᠡᠪᠴᠢᠵᠦ ᠥᠯᠥ ᠭᠥᠯᠢᠶᠡᠨ ᠠᠪᠤᠭᠰᠠᠨ︔       ︵ᠳᠥᠷᠪᠡ︶ ᠵᠦᠶ ᠶᠣᠰᠣᠨ ᠤ ᠰᠢᠯᠲᠠᠭᠠᠨ ᠥᠬᠡᠶ ᠪᠠᠷ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠭᠠᠷᠴᠠᠭ ᠲᠤ ᠲᠣᠭᠲᠠᠭᠠᠭᠰᠠᠨ ᠠᠭᠤᠯᠭ᠎ᠠ ᠪᠠ ᠲᠣᠰ ᠠᠷᠭ᠎ᠠ ᠳᠤ ᠲᠣᠭᠲᠠᠭᠠᠭᠰᠠᠨ ᠲᠠᠰ ᠳᠠᠷᠠᠭᠠᠯᠠᠯ ᠶᠤᠰᠤᠭᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠬᠦᠯᠦᠭᠰᠡᠨ ᠦᠬᠡᠢ᠃       ᠬᠤᠷᠢᠨ ᠳᠥᠷᠪᠡᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽︿ᠬᠥᠯᠥᠨ ᠪᠤᠶᠢᠷ ᠬᠤᠲᠠ ᠶᠢᠨ ᠢᠲᠡᠭᠡᠯ ᠠᠯᠳᠠᠭᠰᠠᠨ ᠠᠵᠤ ᠠᠬᠤᠶᠢᠯᠠᠯ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠬᠦᠯᠦᠨ ᠵᠠᠰᠠᠭ ᠠᠯᠪᠠᠨ ᠥᠰᠥᠭ〔2017〕260 ᠳ᠋ᠤᠭᠠᠷ ᠲᠣᠭᠠᠲᠤ ︶ ᠶᠢ ᠬᠠᠮᠲᠤ ᠳᠤ ᠨᠢ ᠬᠦᠴᠦᠨ ᠦᠭᠡᠢ ᠪᠤᠯᠭᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ