︽ᠬᠥᠯᠥᠨ ᠪᠤᠶᠢᠷ ᠬᠤᠲᠠ ᠶᠢᠨ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢᠨ ᠶᠡᠷᠦᠩᠬᠡᠶ ᠲᠥᠰᠦᠯ︾ ᠤᠨ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2022/1/20
                           ᠬᠥᠯᠦᠨ ᠵᠠᠰᠠᠭ ᠦᠰᠦᠭ ﹇2022﹈ 1 ᠳ᠋ᠦ᠋ᠭᠡᠷ ᠲᠣᠭᠠᠲᠤᠬᠥᠯᠥᠨ ᠪᠤᠶᠢᠷ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ᠄       ᠲᠠᠨ ᠤ ᠲᠣᠪᠴᠢᠶ᠎ᠠ ᠶᠢᠨ ︽︿ᠬᠥᠯᠥᠨ ᠪᠤᠶᠢᠷ ᠬᠤᠲᠠ ᠶᠢᠨ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢᠨ ᠶᠡᠷᠦᠩᠬᠡᠶ ᠲᠥᠰᠦᠯ﹀ ᠢ ᠮᠡᠳᠡᠭᠦᠯᠦᠨ ᠬᠦᠷᠭᠡᠬᠦ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ᠬᠥᠯᠥᠨ ᠤᠢ ᠨᠤᠲᠤᠭ ᠲᠠᠷᠬᠠᠭᠠᠭᠰᠠᠨ ﹇2021﹈ 324 ᠳ᠋ᠦ᠋ᠭᠡᠷ ᠲᠤᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠲᠠᠮᠵᠢᠨ᠂ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄       ᠨᠢᠭᠡ᠂ ᠲᠠᠨ ᠤ ᠲᠣᠪᠴᠢᠶ᠎ᠠ ᠶᠢᠨ ᠲᠣᠭᠲᠠᠭᠠᠭᠰᠠᠨ ︽ᠬᠥᠯᠥᠨ ᠪᠤᠶᠢᠷ ᠬᠤᠲᠠ ᠶᠢᠨ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠪᠤᠨ ᠵᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢᠨ ᠶᠡᠷᠦᠩᠬᠡᠶ ᠲᠥᠰᠦᠯ︾ ᠢ ᠵᠦᠪᠰᠢᠶᠡᠷᠡᠪᠡ᠂ ᠲᠥᠰᠦᠯ ᠤᠨ ᠠᠭᠤᠯᠭ᠎ᠠ ᠶᠣᠰᠣᠭᠠᠷ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃       ᠬᠤᠶᠠᠷ᠂ ᠲᠠᠨ ᠤ ᠲᠣᠪᠴᠢᠶ᠎ᠠ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠢ ᠬᠢᠨᠠᠨ ᠬᠡᠮᠵᠢᠬᠦ ᠪᠠ ᠨᠡᠶᠢᠳᠡᠮ ᠪᠠᠶᠢᠴᠠᠭᠠᠬᠤ ᠮᠡᠳᠡᠭᠦᠯᠦᠯᠲᠡ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠯᠲᠠᠭᠠᠨ ᠨᠢ ᠲᠣᠳᠣᠷᠬᠠᠶ ᠥᠬᠡᠶ ᠪᠠᠷ ᠬᠤᠪᠠᠭ᠋ᠠᠶᠢᠷᠠᠵᠤ ᠥᠭᠦᠭᠰᠡᠨ ᠮᠤᠳᠤ ᠠᠴᠠ ᠡᠷᠬᠡᠪᠰᠢ ᠮᠡᠷᠭᠡᠵᠢᠯ ᠤᠨ ᠲᠦᠷᠢᠮ ᠶᠣᠰᠣᠭᠠᠷ ᠴᠠᠭ ᠲᠤᠬᠠᠶ ᠳᠤᠨᠢ ᠥᠯᠢᠭᠡᠷ ᠠᠪᠴᠤ᠂ ᠬᠢᠨᠠᠨ ᠲᠣᠭᠲᠠᠭᠠᠵᠤ᠂ ᠬᠢᠵᠢᠭ ᠤᠨ ᠪᠠᠶᠢᠳᠠᠯ ᠢ ᠣᠨᠣᠪᠴᠢᠲᠠᠶ ᠵᠢᠭᠰᠠᠭᠠᠨ ᠪᠠᠶᠢᠴᠠᠭᠠᠵᠤ᠂ ᠬᠢᠵᠢᠭ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠠᠷᠢᠯᠭᠠᠬᠤ ᠬᠡᠷᠡᠭᠲᠡᠶ᠃       ᠭᠤᠷᠪᠠ᠂ ᠲᠠᠨ ᠤ ᠲᠣᠪᠴᠢᠶ᠎ᠠ ᠬᠢᠵᠢᠭ ᠤᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠪᠠᠨ ᠴᠢᠩᠭᠠᠳᠬᠠᠵᠤ᠂  ᠭᠠᠳᠠᠨ᠎ᠠ ᠠᠴᠠ ᠤᠷᠤᠭᠤᠯᠤᠭᠰᠠᠨ ᠮᠣᠳᠣᠨ ᠮᠠᠲ᠋ᠧᠷᠢᠶᠠᠯ᠂ ᠢᠯᠠᠩᠭᠤᠶ᠎ᠠ ᠨᠠᠷᠠᠰᠤᠨ ᠮᠣᠳᠣ ᠵᠢᠴᠢ ᠲᠡᠭᠦᠨ ᠤ ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠶᠢᠨ ᠳᠠᠬᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠵᠢᠭ ᠣᠷᠣᠵᠤ ᠢᠷᠡᠬᠦ ᠶᠢ ᠰᠡᠷᠭᠡᠶᠢᠯᠡᠬᠦ ᠬᠡᠷᠡᠭᠲᠡᠶ᠃       ᠳᠥᠷᠪᠡ᠂ ᠲᠠᠨ ᠤ ᠲᠣᠪᠴᠢᠶ᠎ᠠ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠲᠤᠰᠬᠠᠶ ᠱᠠᠯᠠᠪᠳᠠᠨ ᠪᠠᠶᠢᠴᠠᠭᠠᠯᠲᠠ ᠪᠠᠨ ᠦᠨᠡᠨ ᠬᠦ ᠴᠢᠩᠭᠠᠳᠬᠠᠵᠤ᠂ ᠲᠠᠪᠤᠨ ᠵᠢᠯ ᠤᠨ ᠪᠤᠭᠤᠮᠲᠠ ᠰᠢᠪᠲᠤᠯᠬᠤ ᠠᠵᠢᠯᠯᠠᠭ᠎ᠠ ᠶᠢᠨ ᠡᠯ᠎ᠡ  ᠲᠦᠷᠦᠯ ᠤᠨ ᠡᠭᠦᠷᠭᠡ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃       ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                          2022 ᠣᠨ ᠤ 1 ᠰᠠᠷ᠎ᠠ ᠶᠢᠨ 10 ᠤ ᠡᠳᠦᠷ       ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ