︽ᠬᠥᠯᠥᠨ ᠪᠤᠶᠢᠷ ᠬᠤᠲᠠ ᠶᠢᠨ ᠲᠥᠪ ᠬᠤᠲᠠ ᠶᠢᠨ ᠰᠢᠨ᠎ᠡ ᠲᠣᠭᠤᠷᠢᠭ ᠤᠨ ᠭᠤᠣᠯ ᠤᠨ ᠵᠡᠭᠦᠨ ᠭᠤᠣᠯ ᠤᠨ  ᠪᠠᠷᠠᠭᠤᠨᠳᠠᠬᠢ ᠪᠦᠯᠦᠭᠵᠢᠯ ᠤᠨ ᠬᠢᠵᠠᠭᠠᠷᠯᠠᠯ ᠤᠨ ᠴᠢᠨᠠᠷᠲᠠᠶ ᠨᠠᠷᠢᠨ ᠲᠥᠯᠥᠪᠵᠢᠭᠦᠯᠭᠡ︾ ᠳᠤ ᠵᠠᠰᠠᠪᠤᠷᠢ ᠣᠷᠣᠭᠤᠯᠬᠤ ᠶᠢ ᠵᠦᠪᠰᠢᠶᠡᠷᠡᠬᠦ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2022/1/20
                           ᠬᠥᠯᠦᠨ ᠵᠠᠰᠠᠭ ᠦᠰᠦᠭ ﹇2022﹈ 2 ᠳ᠋ᠤᠭᠠᠷ ᠲᠣᠭᠠᠲᠤᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄       ᠲᠠᠨ ᠤ ᠲᠣᠪᠴᠢᠶ᠎ᠠ ᠶᠢᠨ ︽︿ᠬᠥᠯᠥᠨ ᠪᠤᠶᠢᠷ ᠬᠤᠲᠠ ᠶᠢᠨ ᠲᠥᠪ ᠬᠤᠲᠠ ᠶᠢᠨ ᠰᠢᠨ᠎ᠡ ᠲᠣᠭᠤᠷᠢᠭ ᠤᠨ ᠭᠤᠣᠯ ᠤᠨ ᠵᠡᠭᠦᠨ ᠭᠤᠣᠯ ᠤᠨ  ᠪᠠᠷᠠᠭᠤᠨᠳᠠᠬᠢ ᠪᠦᠯᠦᠭᠵᠢᠯ ᠤᠨ ᠬᠢᠵᠠᠭᠠᠷᠯᠠᠯ ᠤᠨ ᠴᠢᠨᠠᠷᠲᠠᠶ ᠨᠠᠷᠢᠨ ᠲᠥᠯᠥᠪᠵᠢᠭᠦᠯᠭᠡ﹀ ᠳᠤ ᠵᠠᠰᠠᠪᠤᠷᠢ ᠣᠷᠣᠭᠤᠯᠬᠤ ᠲᠤᠬᠠᠶ ᠵᠢᠭᠠᠪᠤᠷᠢ ᠠᠪᠬᠤ ᠮᠡᠳᠡᠭᠦᠯᠦᠯᠲᠡ︾ ︵ ᠬᠥᠯᠦᠨ ᠪᠠᠶᠢᠭᠠᠯᠢ ᠪᠠᠶᠠᠯᠢᠭ ᠲᠠᠷᠬᠠᠭᠠᠭᠰᠠᠨ ﹇2021﹈ 507 ᠳ᠋ᠤᠭᠠᠷ ᠲᠣᠭᠠᠲᠤ︶ ᠶᠢ ᠬᠤᠷᠢᠶᠠᠨ ᠠᠪᠤᠯ᠎ᠠ᠃ ᠰᠤᠳᠤᠯᠬᠤ ᠪᠠᠷ ᠲᠠᠮᠵᠢᠨ᠂ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄       ᠨᠢᠭᠡ᠂ ︽ᠬᠥᠯᠥᠨ ᠪᠤᠶᠢᠷ ᠬᠤᠲᠠ ᠶᠢᠨ ᠲᠥᠪ ᠬᠤᠲᠠ ᠶᠢᠨ ᠰᠢᠨ᠎ᠡ ᠲᠣᠭᠤᠷᠢᠭ ᠤᠨ ᠭᠤᠣᠯ ᠤᠨ ᠵᠡᠭᠦᠨ ᠭᠤᠣᠯ ᠤᠨ  ᠪᠠᠷᠠᠭᠤᠨᠳᠠᠬᠢ ᠪᠦᠯᠦᠭᠵᠢᠯ ᠤᠨ ᠬᠢᠵᠠᠭᠠᠷᠯᠠᠯ ᠤᠨ ᠴᠢᠨᠠᠷᠲᠠᠶ ᠨᠠᠷᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠬᠤ ᠶᠢ ᠵᠠᠷᠴᠢᠮ ᠳᠡᠭᠡᠷ᠎ᠡ ᠪᠠᠨ ᠵᠦᠪᠰᠢᠶᠡᠷᠡᠪᠡ᠃       ᠬᠤᠶᠠᠷ᠂ ᠲᠠᠨ ᠤ ᠲᠣᠪᠴᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠵᠢᠴᠢ ᠬᠤᠯᠪᠤᠭᠳᠠᠯ ᠪᠥᠬᠦᠶ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠦᠨᠳᠦᠰᠦᠯᠡᠨ᠂ ︽ᠲᠥᠯᠥᠪᠵᠢᠭᠦᠯᠭᠡ︾ ᠬᠢᠭᠡᠳ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠲᠥᠪ ᠬᠤᠲᠠ ᠶᠢᠨ ᠲᠣᠭᠤᠷᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠳᠤ ᠨᠡᠶᠢᠴᠡᠭᠦᠯᠬᠦ ᠬᠡᠷᠡᠭᠲᠡᠶ᠃       ᠭᠤᠷᠪᠠ᠂ ᠲᠠᠨ ᠤ ᠲᠣᠪᠴᠢᠶ᠎ᠠ ᠪᠠᠶᠢᠴᠠᠭᠠᠨ ᠰᠤᠳᠤᠯᠤᠯᠲᠠ ᠶᠢ ᠪᠠᠲᠤᠲᠠᠶ ᠥᠷᠨᠢᠭᠦᠯᠵᠦ᠂ ᠥᠷᠭᠡᠨ ᠢᠶᠠᠷ ᠰᠠᠨᠠᠯ ᠬᠤᠷᠢᠶᠠᠵᠤ᠂ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠴᠢᠩᠭ᠎ᠠ ᠨᠢᠮᠪᠠᠶ ᠵᠣᠬᠢᠶᠠᠨ ᠪᠠᠶᠢᠭᠤᠯᠬᠤ ᠶᠢᠨ ᠬᠠᠮᠲᠤ᠂ ᠬᠤᠯᠪᠤᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠠᠰᠠᠪᠤᠷᠢ ᠣᠷᠣᠭᠤᠯᠤᠨ ᠨᠠᠶᠢᠷᠠᠭᠤᠯᠬᠤ ᠵᠢᠴᠢ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠃       ᠡᠭᠦᠨ ᠤ ᠲᠤᠯᠠ ᠲᠤᠰᠬᠠᠶᠢᠯᠠᠨ ᠴᠤᠬᠤᠯᠠᠪᠤᠷᠢᠯᠠᠪᠠ᠃                                          2022 ᠣᠨ ᠤ 1 ᠰᠠᠷ᠎ᠠ ᠶᠢᠨ 12 ᠤᠨ ᠡᠳᠦᠷ       ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ