ᠬᠦᠯᠦᠨ ᠪᠤᠶᠢᠷ ᠬᠤᠲᠠ ᠶᠢᠨ ᠠᠮᠤ ᠪᠤᠳᠠᠭᠠᠨ ᠤ ᠲᠤᠪᠴᠢᠶ᠎ᠠ ᠶᠢᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/10/14
       ᠨᠢᠭᠡ᠂ ᠠᠮᠤ ᠪᠤᠳᠠᠭᠠᠨ ᠤ ᠬᠦᠢᠯᠭᠡᠭᠡᠨ᠂ ᠨᠦᠭᠡᠴᠡ ᠶᠢᠨ ᠲᠤᠬᠠᠢ ᠤᠯᠤᠰ᠂ ᠦᠪᠡᠷᠳᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠴᠢᠭᠯᠡᠯᠳᠡ᠂ ᠲᠦᠷᠦ ᠶᠢᠨ ᠪᠤᠳᠤᠯᠭ᠎ᠠ ᠪᠠ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠠᠮᠤ ᠪᠤᠳᠠᠭᠠᠨ ᠤ ᠬᠤᠷᠸ᠎ᠠ ᠲᠤᠬᠢᠷᠠᠭᠤᠯᠭ᠎ᠠ᠂ ᠶᠡᠷᠦᠩᠭᠡᠢ ᠬᠡᠮᠵᠢᠶ᠎ᠡ ᠶᠢ ᠲᠡᠩᠴᠡᠬᠦᠯᠬᠦ ᠵᠢᠴᠢ ᠠᠮᠤ ᠪᠤᠳᠠᠭᠠᠨ ᠤ ᠬᠦᠢᠯᠭᠡᠭᠡᠨ ᠤ ᠳᠤᠮᠳᠠ ᠤᠷᠳᠤ ᠬᠤᠭᠤᠴᠠᠭᠠᠨ ᠤ ᠲᠦᠯᠦᠪᠵᠢᠬᠦᠯᠭᠡ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠶᠡᠷᠦᠩᠭᠡᠢ ᠬᠡᠮᠵᠢᠶ᠎ᠡ ᠶᠢᠨ ᠲᠦᠯᠦᠪᠯᠡᠭᠡ ᠪᠠ ᠪᠦᠬᠦ ᠬᠤᠲᠠ ᠶᠢᠨ ᠨᠦᠭᠡᠴᠡ ᠠᠮᠤ ᠪᠤᠳᠠᠭ᠎ᠠ ᠶᠢ ᠬᠦᠳᠡᠯᠭᠡᠨ ᠬᠡᠷᠡᠭᠯᠡᠬᠦ ᠰᠠᠨᠠᠭᠤᠯᠭ᠎ᠠ ᠶᠢ ᠰᠤᠳᠤᠯᠤᠨ ᠲᠤᠷᠠᠳᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃        ᠬᠤᠶᠠᠷ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠲᠦᠰᠦᠯ ᠢ ᠲᠤᠭᠤᠷᠪᠢᠨ ᠲᠣᠭᠲᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠤᠳᠤ ᠦᠶ᠎ᠡ ᠶᠢᠨ ᠠᠮᠤ ᠪᠤᠳᠠᠭᠠᠨ ᠤ ᠬᠦᠢᠯᠭᠡᠭᠡᠨ ᠤ ᠠᠵᠤ ᠦᠢᠯᠡᠰ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠲᠤᠷᠠᠳᠴᠤ᠂ ᠤᠯᠤᠰ ᠤᠨ ᠦᠮᠴᠢᠯᠡᠯᠲᠦ ᠠᠮᠤ ᠪᠤᠳᠠᠭᠠᠨ ᠤ ᠠᠵᠤ ᠠᠬᠤᠶᠢᠯᠠᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠤᠨ᠎ᠠ᠃        ᠭᠤᠷᠪᠠ᠂ ᠪᠦᠬᠦ ᠬᠤᠲᠠ ᠶᠢᠨ ᠠᠮᠤ ᠪᠤᠳᠠᠭᠠᠨ ᠤ ᠬᠢᠨᠠᠨ ᠰᠢᠯᠭᠠᠵᠤ ᠰᠡᠷᠡᠮᠵᠢᠯᠡᠬᠦᠯᠬᠦ ᠪᠠ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭ᠎ᠠ ᠶᠢ ᠡᠬᠦᠷᠭᠡᠯᠡᠵᠤ ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠤ ᠬᠤᠷᠸ᠎ᠠ ᠲᠤᠬᠢᠷᠠᠭᠤᠯᠭ᠎ᠠ ᠶᠢᠨ ᠪᠤᠳᠠᠳᠠᠢ ᠠᠵᠢᠯ ᠢ ᠬᠠᠷᠢᠭᠤᠴᠠᠨ᠎ᠠ︔ ᠬᠤᠲᠠ ᠶᠢᠨ ᠤᠯᠤᠰ ᠤᠨ ᠬᠠᠮᠤᠭ ᠤᠨ ᠲᠤᠤᠷ᠎ᠠ ᠬᠤᠳᠠᠯᠳᠤᠨ ᠠᠪᠬᠤ ᠦᠨ᠎ᠡ ᠶᠢᠨ ᠲᠦᠷᠦ ᠶᠢᠨ ᠪᠤᠳᠤᠯᠭ᠎ᠠ ᠶᠢᠨ ᠬᠡᠪᠴᠢᠶ᠎ᠡ ᠬᠢᠭᠡᠳ ᠪᠤᠰᠤᠳ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠤ ᠤᠷᠤᠭᠤᠯᠬᠤ ᠠᠮᠤ ᠪᠤᠳᠠᠭᠠᠨ ᠤ ᠲᠦᠷᠦᠯ ᠵᠦᠢᠯ ᠤᠨ ᠰᠠᠨᠠᠭᠤᠯᠭ᠎ᠠ ᠶᠢ ᠰᠤᠳᠤᠯᠤᠨ ᠲᠤᠷᠠᠳᠴᠤ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠠᠮᠤ ᠪᠤᠳᠠᠭ᠎ᠠ ᠪᠠ ᠴᠡᠷᠢᠭ ᠤᠨ ᠠᠮᠦ ᠪᠤᠳᠠᠭ᠎ᠠ ᠶᠢᠨ ᠬᠠᠩᠭᠠᠯᠭ᠎ᠠ ᠬᠢᠭᠡᠳ ᠬᠠᠮᠢᠶᠠᠷᠤᠯᠳᠠ ᠶᠢ ᠬᠠᠷᠢᠭᠤᠴᠠᠨ᠎ᠠ᠃        ᠲᠦᠷᠪᠡ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡ ᠪᠠ ᠤᠷᠤᠨ ᠨᠤᠳᠤᠭ ᠤᠨ ᠨᠦᠭᠡᠴᠡ ᠠᠮᠤ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠷᠪᠢᠬᠤ ᠶᠢᠨ ᠬᠠᠮᠳᠤ ᠲᠤᠤᠱᠯᠠᠭᠤᠯᠤᠨ ᠬᠡᠷᠡᠭᠵᠢᠬᠦᠯᠦᠨ᠎ᠡ᠃        ᠲᠠᠪᠤ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠳᠤ ᠬᠢᠨᠠᠯᠳᠠ ᠲᠠᠯᠪᠢᠵᠦ ᠪᠠᠶᠢᠴᠠᠭᠠᠬᠤ ᠶᠢ ᠬᠠᠷᠢᠭᠤᠴᠠᠨ᠂ ᠠᠮᠤ ᠪᠤᠳᠠᠭᠠᠨ ᠤ ᠬᠦᠢᠯᠭᠡᠭᠡᠨ ᠳᠤ ᠬᠢᠨᠠᠯᠳᠠ ᠲᠠᠯᠪᠢᠵᠦ ᠪᠠᠶᠢᠴᠠᠭᠠᠬᠤ ᠲᠦᠷᠢᠮ ᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ ᠲᠠᠯ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯ ᠦᠭᠡᠢ ᠪᠠ ᠴᠠᠶᠢᠯᠭᠠᠭᠰᠠᠨ ᠦᠭᠡᠢ ᠠᠮᠤ ᠪᠤᠳᠠᠭ᠎ᠠ ᠶᠢᠨ ᠠᠷᠢᠭᠤᠨ ᠴᠡᠪᠡᠷ ᠲᠤ ᠬᠢᠨᠠᠯᠳᠠ ᠲᠠᠯᠪᠢᠵᠦ ᠬᠠᠮᠢᠶᠠᠷᠬᠤ ᠶᠢ ᠬᠠᠷᠢᠭᠤᠴᠠᠨ᠎ᠠ︔ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠤᠨ ᠦᠨᠳᠦᠰᠦᠨ ᠨᠦᠬᠦᠴᠡᠯ ᠢ ᠲᠤᠭᠤᠷᠪᠢᠨ ᠲᠣᠭᠲᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠬᠠᠷᠢᠭᠤᠴᠠᠨ᠎ᠠ᠃        ᠵᠢᠷᠭᠤᠭ᠎ᠠ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠤ ᠠᠵᠢᠯ ᠲᠦᠷᠦᠯ ᠤᠨ ᠬᠠᠮᠢᠶᠠᠷᠤᠯᠳᠠ ᠪᠠ ᠠᠮᠤ ᠪᠤᠳᠠᠭᠠᠨ ᠤ ᠵᠠᠬ᠎ᠠ ᠲᠡᠯᠭᠡᠬᠦᠷ ᠤᠨ ᠲᠤᠭᠲᠠᠯᠴᠠᠭ᠎ᠠ ᠶᠢᠨ ᠰᠠᠨᠠᠭᠤᠯᠭ᠎ᠠ ᠶᠢ ᠬᠠᠷᠢᠭᠤᠴᠠᠨ᠂ ᠠᠵᠢᠯ ᠲᠦᠷᠦᠯ ᠤᠨ ᠬᠦᠭᠵᠢᠯᠳᠡ ᠶᠢᠨ ᠲᠦᠯᠦᠪᠵᠢᠬᠦᠯᠭᠡ ᠪᠠ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠲᠡᠯᠭᠡᠬᠦᠷ ᠲᠤ ᠵᠦᠪᠰᠢᠶᠡᠷᠡᠨ ᠣᠷᠣᠭᠤᠯᠬᠤ ᠪᠠᠷᠢᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠠᠵᠢᠯ ᠲᠦᠷᠦᠯ ᠤᠨ ᠮᠡᠷᠭᠡᠵᠢᠯ ᠤᠨ ᠵᠢᠷᠤᠮᠵᠢᠯ ᠢ ᠲᠤᠭᠳᠠᠭᠠᠨ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠪᠠ ᠰᠢᠨ᠎ᠡ ᠮᠡᠷᠭᠡᠵᠢᠯ ᠳᠡᠯᠭᠡᠷᠡᠭᠦᠯᠦᠯᠲᠡ ᠶᠢ ᠲᠦᠯᠬᠢᠨ ᠠᠬᠢᠭᠤᠯᠤᠨ᠎ᠠ︔ ᠠᠮᠤ ᠪᠤᠳᠠᠭᠠᠨ ᠤ ᠬᠤᠷᠢᠶᠠᠯᠲᠠ ᠶᠢᠨ ᠶᠠᠰᠤ ᠴᠢᠨᠠᠷ ᠤᠨ ᠪᠠᠶᠢᠴᠠᠭᠠᠯᠲᠠ ᠪᠠ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠵᠤ᠂ ᠠᠮᠤ ᠪᠤᠳᠠᠭᠠᠨ ᠤ ᠶᠠᠰᠤ ᠴᠢᠨᠠᠷ᠂ ᠠᠮᠤᠷ ᠲᠦᠪᠰᠢᠨ ᠤ ᠠᠳᠡᠯ ᠬᠢᠭᠡᠳ ᠵᠢᠭᠤᠷᠠᠯᠳᠤᠭᠠᠨ ᠢ ᠪᠠᠶᠢᠴᠠᠭᠠᠬᠤ᠂ ᠬᠢᠨᠠᠨ ᠲᠤᠭᠲᠠᠭᠠᠬᠤ ᠪᠠ ᠦᠨᠡᠯᠡᠬᠦ ᠠᠵᠢᠯ ᠢ ᠡᠭᠦᠷᠭᠡᠯᠡᠨ᠎ᠡ︔ ᠭᠠᠳᠠᠭᠠᠳᠤ ᠯᠤᠭ᠎ᠠ ᠰᠤᠯᠢᠯᠴᠠᠭ᠎ᠠ ᠬᠢᠬᠦ ᠪᠠ ᠬᠤᠷᠰᠢᠯᠴᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃        ᠲᠤᠯᠤᠭ᠎ᠠ᠂ ᠪᠦᠬᠦ ᠬᠤᠲᠠ ᠶᠢᠨ ᠤᠷᠤᠨ ᠨᠤᠳᠤᠭ ᠤᠨ ᠨᠦᠭᠡᠴᠡ ᠠᠮᠤ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠬᠤᠲᠠ ᠶᠢᠨ ᠲᠤᠰ ᠱᠠᠳᠤᠨ ᠤ ᠨᠦᠭᠡᠴᠡ ᠠᠮᠤ  ᠲᠤᠰᠤ ᠰᠢᠯᠵᠢᠬᠦᠯᠦᠨ ᠲᠡᠭᠡᠭᠡᠪᠤᠷᠢᠯᠡᠬᠦ ᠪᠠ ᠬᠦᠮᠦᠷᠭᠡᠯᠡᠨ ᠬᠠᠮᠢᠶᠠᠷᠬᠤ ᠠᠷᠭ᠎ᠠ ᠶᠢ ᠲᠤᠭᠳᠠᠭᠠᠨ᠎ᠠ︔ ᠤᠷᠤᠨ ᠨᠤᠳᠤᠭ ᠤᠨ ᠨᠦᠭᠡᠴᠡ ᠠᠮᠤ ᠪᠠ ᠬᠤᠲᠠ ᠶᠢᠨ ᠲᠤᠰ ᠱᠠᠳᠤᠨ ᠤ ᠨᠦᠭᠡᠴᠡ ᠠᠮᠤ ᠶᠢᠨ ᠬᠡᠪᠴᠢᠶᠡᠵᠢᠯ᠂ ᠶᠡᠷᠦᠩᠬᠡᠢ ᠪᠠᠶᠢᠷᠢᠰᠢᠭᠤᠯᠤᠯ ᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠰᠤᠳᠤᠯᠤᠨ ᠲᠤᠷᠠᠳᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠪᠦᠬᠦ ᠬᠤᠲᠠ ᠶᠢᠨ ᠤᠯᠤᠰ ᠤᠨ ᠦᠮᠴᠢᠯᠡᠯᠳᠤ ᠵᠢᠴᠢ ᠤᠯᠤᠰ ᠤᠨ ᠦᠮᠴᠢᠯᠡᠯ ᠤᠨ ᠬᠤᠪᠢ ᠣᠷᠣᠭᠤᠯᠤᠯᠲᠠ ᠡᠷᠬᠡᠰᠢᠶᠡᠭᠰᠡᠨ ᠠᠮᠤ ᠪᠤᠳᠠᠭᠠᠨ ᠤ ᠬᠦᠮᠦᠷᠭᠡ ᠶᠢ ᠬᠠᠮᠢᠶᠠᠷᠬᠤ ᠠᠵᠢᠯ ᠢ ᠵᠢᠯᠤᠭᠤᠳᠤᠨ᠎ᠠ᠃        ᠨᠠᠢᠮᠠ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠤ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠲᠦᠯᠦᠪᠵᠢᠬᠦᠯᠭᠡ᠂ ᠪᠠᠶᠢᠷᠢᠰᠢᠭᠤᠯᠤᠯ ᠢ ᠬᠠᠷᠢᠭᠤᠴᠠᠨ᠂ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠲᠤᠭᠳᠠᠭᠠᠬᠤ ᠶᠢᠨ ᠬᠠᠮᠳᠤ ᠵᠢᠯᠤᠭᠤᠳᠤᠨ ᠬᠡᠷᠡᠭᠵᠢᠬᠦᠯᠦᠨ᠎ᠡ︔        ᠶᠢᠰᠦ᠂ ᠪᠦᠬᠦ ᠬᠤᠲᠠ ᠶᠢᠨ ᠠᠮᠤ ᠪᠤᠳᠠᠭᠠᠨ ᠤ ᠠᠵᠢᠯ ᠲᠦᠷᠦᠯ ᠤᠨ ᠡᠳ᠋ ᠤᠨ ᠶᠠᠪᠤᠳᠠᠯ ᠨᠢᠭᠳᠠᠯᠠᠨ ᠪᠤᠳᠤᠬᠤ ᠠᠵᠢᠯ ᠢ ᠵᠢᠯᠤᠭᠤᠳᠴᠤ᠂ ᠡᠳ᠋ ᠤᠨ ᠶᠠᠪᠤᠳᠠᠯ ᠨᠢᠭᠳᠠᠯᠠᠨ ᠪᠣᠳᠤᠭᠰᠠᠨ ᠮᠡᠳᠡᠭᠦᠯᠬᠦ ᠬᠦᠰᠦᠨᠦᠭᠳᠤ ᠶᠢ ᠬᠤᠷᠢᠶᠠᠩᠭᠤᠶᠢᠯᠠᠬᠤ ᠪᠠ ᠵᠠᠳᠠᠯᠵᠤ᠂ ᠰᠠᠯᠠᠭ᠎ᠠ ᠮᠦᠴᠢᠷ ᠤᠨ ᠲᠦᠰᠦᠪ ᠢ ᠬᠠᠷᠢᠭᠤᠴᠠᠵᠤ᠂ ᠪᠦᠬᠦ ᠬᠤᠲᠠ ᠶᠢᠨ ᠠᠮᠤ ᠪᠤᠳᠠᠭᠠᠨ ᠤ ᠬᠦᠢᠯᠭᠡᠭᠡᠨ ᠤ ᠪᠦᠷᠢᠳᠭᠡᠬᠦ ᠠᠵᠢᠯ ᠢ ᠬᠠᠷᠢᠭᠤᠴᠠᠨ᠎ᠠ᠃        ᠠᠷᠪᠠ᠂ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠦᠪᠡᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠶᠢᠨ ᠲᠤᠪᠴᠢᠶ᠎ᠠ ᠠᠴᠠ ᠲᠤᠰᠢᠶᠠᠨ ᠭᠦᠢᠴᠡᠳᠭᠡᠯᠭᠡᠬᠦ ᠪᠤᠰᠤᠳ ᠵᠦᠢᠯᠡᠰ ᠢ ᠲᠠᠭᠠᠭᠠᠨ ᠬᠢᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ