ᠬᠦᠯᠦᠨ ᠪᠤᠶᠢᠷ ᠬᠤᠲᠠ ᠶᠢᠨ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/10/18
       ᠨᠢᠭᠡ᠂ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠲᠤᠬᠠᠢ ᠤᠯᠤᠰ᠂ ᠦᠪᠡᠷᠳᠡᠭᠡᠨ ᠵᠠᠰᠠᠬᠤ ᠤᠷᠤᠨ ᠤ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠣᠣᠱᠯᠠᠭᠤᠯᠣᠨ ᠬᠡᠷᠡᠭᠵᠢᠭᠦᠯᠵᠦ᠂ ᠳᠤᠰ ᠭᠠᠵᠠᠷ ᠤᠷᠤᠨ ᠤ ᠲᠤᠤᠱᠯᠠᠭᠤᠯᠣᠨ ᠬᠡᠷᠡᠭᠵᠢᠭᠦᠯᠬᠦ ᠪᠤᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ᠬᠤᠶᠠᠷ᠂ ᠬᠠᠷᠢᠶᠠᠲᠤ ᠭᠠᠵᠠᠷ ᠤᠷᠤᠨ ᠤ ᠦᠢᠯᠡᠳᠬᠦᠨ ᠤ ᠶᠠᠰᠤ ᠴᠢᠨᠠᠷ ᠤᠨ ᠦᠨᠡᠨᠴᠢ ᠢᠲᠡᠭᠡᠮᠵᠢᠲᠡᠢ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠲᠤᠰ ᠭᠠᠵᠠᠷ ᠤᠷᠤᠨ ᠤ ᠶᠠᠰᠤ ᠴᠢᠨᠠᠷ ᠤᠨ ᠠᠵᠢᠯ ᠢ ᠬᠠᠮᠢᠶᠠᠷᠬᠤ ᠪᠠ ᠵᠢᠯᠤᠭᠤᠳᠤᠨ᠎ᠠ︔ ᠶᠠᠰᠤ ᠴᠢᠨᠠᠷ ᠢ ᠰᠠᠶᠢᠵᠢᠷᠠᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ ᠨᠡᠷᠡᠲᠦ ᠲᠡᠮᠲᠡᠭᠲᠦ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠲᠤᠨᠤᠭ ᠲᠦᠬᠦᠭᠡᠷᠦᠮᠵᠢ ᠶᠢ ᠬᠢᠨᠠᠨ ᠬᠠᠮᠢᠶᠠᠷᠬᠤ ᠬᠠᠮᠢᠶ᠎ᠠ ᠪᠦᠬᠦᠢ ᠬᠡᠷᠡᠭ ᠶᠠᠪᠤᠳᠠᠯ ᠢ ᠳᠠᠭᠠᠭᠠᠴᠢᠯᠠᠨ ᠭᠦᠢᠴᠡᠳᠭᠡᠨ᠎ᠡ︔ ᠦᠢᠯᠡᠳᠬᠦᠨ ᠤ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠶᠠᠰᠤ ᠴᠢᠨᠠᠷ ᠤᠨ ᠪᠠᠶᠢᠳᠠᠯ ᠤᠨ ᠵᠠᠳᠠᠯᠤᠯᠲᠠ᠂ ᠦᠨᠡᠯᠡᠯᠲᠡ ᠰᠤᠳᠤᠯᠤᠯᠲᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ︔ ᠦᠢᠯᠡᠳᠭᠦᠨ ᠤ ᠬᠤᠳᠠᠯ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃        ᠭᠤᠷᠪᠠ᠂ ᠲᠤᠰ ᠭᠠᠵᠠᠷ ᠤᠷᠥᠨ ᠤ ᠶᠠᠰᠤ ᠴᠢᠨᠠᠷ ᠤᠨ ᠬᠢᠨᠠᠯᠲᠠ ᠲᠠᠯᠪᠢᠯᠲᠠ ᠪᠠ ᠪᠠᠶᠢᠴᠠᠭᠠᠯᠲᠠ ᠶᠢᠨ ᠠᠵᠢᠯ ᠢ ᠬᠠᠮᠢᠶᠠᠷᠬᠤ ᠶᠢ ᠬᠠᠷᠢᠭᠤᠴᠠᠵᠤ᠂ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠲᠠᠯᠪᠢᠬᠤ ᠪᠠᠶᠢᠴᠠᠭᠠᠬᠤ ᠰᠤᠭᠤᠯᠤᠨ ᠪᠠᠶᠢᠴᠠᠭᠠᠬᠤ ᠪᠠ ᠬᠢᠷᠢ ᠲᠡᠩᠴᠡᠬᠦ ᠦᠭᠡᠢ ᠦᠢᠯᠡᠳᠬᠦᠨ ᠤ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠦᠪᠰᠢᠶᠡᠷᠡᠯ ᠤᠨ ᠦᠨᠡᠮᠯᠡᠯ ᠤᠨ ᠮᠡᠳᠡᠭᠦᠯᠬᠦ ᠪᠠ ᠦᠨᠡᠮᠯᠡᠯ ᠦᠭᠡᠢ ᠶᠢ ᠨᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠤᠬᠢᠶᠠᠨ ᠪᠠᠶᠢᠭᠤᠯᠤᠨ᠎ᠠ︔ ᠮᠠᠰᠢᠨ ᠲᠡᠷᠭᠡ ᠶᠢᠨ ᠠᠶᠤᠯ ᠦᠭᠡᠢ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠢᠷᠢ ᠬᠡᠮ ᠤᠨ ᠮᠡᠳᠡᠷᠡᠨ ᠵᠦᠪᠰᠢᠶᠡᠷᠡᠬᠦ ᠠᠵᠢᠯ ᠪᠠ ᠮᠠᠰᠢᠨ ᠲᠡᠷᠭᠡ ᠶᠢᠨ ᠠᠶᠤᠯ ᠦᠭᠡᠢ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠬᠢᠨᠠᠯᠲᠠ ᠲᠠᠯᠪᠢᠬᠤ ᠶᠢ ᠵᠤᠬᠢᠶᠠᠨ ᠪᠠᠶᠢᠭᠤᠯᠤᠨ᠎ᠠ︔ ᠦᠢᠯᠡᠳᠬᠦᠨ ᠤ ᠶᠠᠰᠤ ᠴᠢᠨᠠᠷ ᠤᠨ ᠬᠦᠨᠳᠡᠯᠡᠨ ᠠᠴᠠ ᠲᠠᠰᠤᠯᠠᠬᠤ ᠶᠢ ᠰᠢᠯᠭᠠᠨ ᠪᠠᠶᠢᠴᠠᠭᠠᠬᠤ ᠪᠠ ᠦᠢᠯᠡᠳᠬᠦᠨ ᠤ ᠶᠠᠰᠤ ᠴᠢᠨᠠᠷ ᠤᠨ ᠬᠢᠨᠠᠨ ᠲᠤᠭᠲᠠᠭᠠᠬᠤ ᠠᠵᠢᠯ ᠳᠤ ᠬᠢᠨᠠᠯᠲᠠ ᠲᠠᠯᠪᠢᠨ ᠬᠠᠮᠢᠶᠠᠷᠤᠨ᠎ᠠ︔ ᠬᠤᠳᠠᠯ ᠬᠠᠭᠤᠷᠮᠠᠭ ᠴᠢᠨᠠᠷ ᠮᠠᠭᠤᠲᠠᠢ ᠬᠠᠤᠯᠢ ᠠᠴᠠ ᠵᠦᠷᠢᠴᠡᠭᠰᠡᠨ ᠠᠵᠢᠯᠠᠯᠭ᠎ᠠ ᠶᠢ ᠠᠵᠢᠯ ᠤᠨ ᠬᠤᠪᠢᠶᠠᠷᠢᠯᠠᠯ ᠶᠤᠰᠤᠭᠠᠷ ᠵᠤᠬᠢᠶᠠᠨ ᠪᠠᠶᠢᠭᠤᠯᠵᠤ ᠲᠤᠬᠢᠷᠠᠭᠤᠯᠤᠨ ᠴᠤᠬᠢᠯᠲᠠ ᠦᠭᠭᠦᠨ᠎ᠡ︔ ᠳᠤᠲᠠᠭᠳᠠᠯ ᠲᠠᠢ ᠦᠢᠯᠡᠳᠬᠦᠨ ᠢ ᠡᠭᠡᠭᠦᠯᠦᠨ ᠪᠤᠴᠠᠭᠠᠬᠤ ᠳᠦᠷᠢᠮ ᠢ ᠬᠡᠷᠡᠭᠵᠢᠭᠦᠯᠦᠨ᠎ᠡ᠃          ᠳᠦᠷᠪᠡ᠂ ᠲᠤᠰ ᠭᠠᠵᠠᠷ ᠤᠷᠤᠨ ᠤ ᠪᠠᠷᠢᠮᠵᠢᠶᠠᠵᠢᠭᠤᠯᠬᠤ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠣᠲᠤᠭ ᠤᠨ ᠪᠠᠷᠢᠮᠵᠢᠶ᠎ᠠ ᠪᠠ ᠤᠯᠠᠨ ᠤᠯᠤᠰ ᠤᠨ ᠪᠠᠷᠢᠮᠵᠢᠶ᠎ᠠ ᠶᠢ ᠬᠡᠷᠡᠭᠯᠡᠬᠦ ᠶᠢ ᠬᠡᠷᠡᠭᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠠᠷᠢᠶᠠᠯᠠᠩ ᠮᠡᠷᠭᠡᠵᠢᠯ ᠤᠨ ᠠᠵᠢᠯᠯᠠᠬᠤ ᠳᠦᠷᠢᠮᠵᠢᠯ ᠢ ᠵᠤᠬᠢᠶᠠᠨ ᠪᠠᠶᠢᠭᠤᠯᠵᠤ ᠲᠤᠭᠲᠠᠭᠠᠨ ᠨᠡᠶᠢᠲᠡᠯᠡᠨ᠎ᠡ︔ ᠦᠢᠯᠡᠳᠬᠦᠨ ᠤ ᠪᠠᠷᠢᠮᠵᠢᠶ᠎ᠠ ᠶᠢ ᠳᠠᠩᠰᠠᠯᠠᠬᠤ ᠪᠠ ᠠᠵᠤ ᠠᠬᠤᠶᠢᠯᠠᠯ ᠤᠨ ᠦᠯᠡᠳᠭᠦᠨ ᠤ ᠪᠠᠷᠢᠮᠵᠢᠶ᠎ᠠ ᠶᠢ ᠳᠠᠩᠰᠠᠨ ᠳᠤ ᠲᠡᠮᠲᠡᠭᠯᠡᠬᠦ ᠠᠵᠢᠯ ᠢ ᠬᠠᠮᠢᠶᠠᠷᠤᠨ᠎ᠠ︔ ᠠᠯᠪᠠᠳᠠᠯᠭ᠎ᠠ ᠶᠢᠨ ᠪᠠᠷᠢᠮᠵᠢᠶ᠎ᠠ ᠪᠠ ᠴᠢᠬᠤᠯᠠ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ︔ ᠲᠤᠰ ᠭᠠᠵᠠᠷ ᠤᠷᠤᠨ ᠤ ᠭᠠᠵᠠᠷ ᠵᠦᠢ ᠶᠢᠨ ᠲᠡᠮᠳᠡᠭ ᠲᠠᠢ ᠦᠢᠯᠡᠳᠬᠦᠨ ᠤ ᠮᠡᠳᠡᠭᠦᠯᠬᠦ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ︔ ᠲᠤᠰ ᠭᠠᠵᠠᠷ ᠤᠷᠤᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠲᠥᠯᠦᠭᠡᠯᠡᠬᠦ ᠲᠡᠮᠲᠡᠭ᠂ ᠲᠠᠸᠠᠷ ᠤᠨ ᠵᠢᠷᠤᠭᠠᠰᠤᠨ ᠲᠡᠮᠳᠡᠭ ᠪᠠ ᠪᠠᠷᠢᠮᠵᠢᠶᠠᠵᠢᠭᠰᠠᠨ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃        ᠲᠠᠪᠤ᠂ ᠲᠤᠰ ᠭᠠᠵᠠᠷ ᠤᠷᠤᠨ ᠤ ᠲᠤᠭ᠎ᠠ ᠬᠡᠮᠵᠢᠭᠦᠷ ᠤᠨ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠬᠠᠤᠯᠢ ᠪᠠᠷ ᠲᠤᠭᠲᠠᠭᠠᠭᠰᠠᠨ ᠬᠡᠮᠵᠢᠯᠲᠡ ᠶᠢᠨ ᠨᠢᠭᠡᠴᠡ ᠪᠠ ᠤᠯᠤᠰ ᠤᠨ ᠬᠡᠮᠵᠢᠯᠲᠡ ᠶᠢᠨ ᠲᠦᠷᠢᠮ ᠢ ᠬᠡᠷᠡᠭᠵᠢᠭᠦᠯᠬᠦ ᠶᠢ ᠬᠠᠷᠢᠭᠤᠴᠠᠨ᠎ᠠ︔ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠯᠲᠡ ᠶᠢᠨ ᠥᠷᠲᠡᠭ ᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠤᠯᠢ ᠶᠤᠰᠤᠭᠠᠷ ᠬᠠᠮᠢᠶᠠᠷᠤᠨ᠎ᠠ︔ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ︔ ᠬᠠᠤᠯᠢ ᠳᠤ ᠲᠤᠭᠲᠠᠭᠠᠭᠰᠠᠨ᠂ ᠡᠷᠬᠡ ᠤᠯᠭᠤᠭᠰᠠᠨ ᠬᠡᠮᠵᠢᠯᠲᠡ ᠶᠢᠨ ᠰᠢᠯᠭᠠᠨ ᠲᠤᠭᠳᠠᠭᠠᠬᠤ ᠪᠠᠶᠢᠭᠤᠯᠤᠮᠵᠢ ᠪᠠ ᠬᠡᠮᠵᠢᠯᠲᠡ ᠶᠢᠨ ᠠᠯᠪᠠᠨ ᠬᠡᠷᠡᠴᠢᠯᠡᠭᠡ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠨ ᠬᠠᠮᠢᠶᠠᠷᠤᠨ᠎ᠠ᠃        ᠵᠢᠷᠭᠤᠭ᠎ᠠ᠂ ᠲᠤᠰ ᠭᠠᠵᠠᠷ ᠤᠷᠤᠨ ᠤ ᠤᠨᠴᠠᠭᠠᠢ ᠲᠦᠷᠦᠯ ᠤᠨ ᠲᠦᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠪᠠᠶᠢᠴᠠᠭᠠᠯᠲᠠ ᠬᠢᠨᠠᠨ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ ᠳᠦᠷᠢᠮ ᠲᠤᠭᠲᠠᠭᠠᠯ ᠢ ᠨᠠᠶᠢᠳᠠᠪᠤᠷᠢᠵᠢᠭᠤᠯᠤᠨ᠎ᠠ︔ ᠲᠤᠰ ᠭᠠᠵᠠᠷ ᠤᠷᠤᠨ ᠤ ᠡᠨᠧᠷᠬᠢ ᠶᠢᠨ ᠦᠨᠳᠦᠷ ᠬᠤᠷᠤᠭᠳᠠᠯᠲᠤ ᠲᠦᠬᠦᠭᠡᠷᠦᠮᠵᠢ ᠶᠢᠨ ᠡᠨᠧᠷᠬᠢ ᠠᠷᠪᠢᠯᠠᠬᠤ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠯᠲᠠ ᠲᠠᠯᠪᠢᠨ᠎ᠠ︔ ᠤᠨᠴᠠᠭᠠᠢ ᠲᠦᠷᠦᠯ ᠤᠨ ᠲᠦᠬᠦᠭᠡᠷᠦᠮᠵᠢ ᠶᠢᠨ ᠠᠳᠡᠯ ᠤᠨ ᠪᠠᠶᠢᠴᠠᠭᠠᠨ ᠰᠢᠢᠳᠪᠦᠷᠢᠯᠡᠯᠲᠡ ᠳᠤ ᠲᠤᠭᠲᠠᠭᠠᠭᠰᠠᠨ ᠡᠷᠬᠡ ᠮᠡᠳᠡᠯ ᠤᠨ ᠶᠤᠰᠤᠭᠠᠷ ᠵᠤᠬᠢᠶᠠᠨ ᠪᠠᠶᠢᠭᠤᠯᠤᠨ ᠤᠷᠤᠯᠴᠠᠨ᠎ᠠ᠃        ᠳᠤᠯᠤᠭ᠎ᠠ᠂ ᠲᠤᠰ ᠭᠠᠵᠠᠷ ᠤᠷᠤᠨ ᠤ ᠭᠡᠷᠡᠴᠢᠯᠡᠯᠲᠡ ᠶᠢᠨ ᠠᠵᠢᠯ ᠢ ᠨᠢᠭᠡᠲᠦᠯᠲᠠᠢ ᠬᠠᠮᠢᠶᠠᠷᠠᠬᠤ ᠪᠠ ᠬᠢᠨᠠᠯᠲᠠ ᠲᠠᠯᠪᠢᠨ᠎ᠠ᠃ ᠤᠯᠤᠰ ᠤᠨ ᠬᠠᠮᠢᠶ᠎ᠠ ᠪᠦᠬᠦᠢ ᠭᠡᠷᠡᠴᠢᠯᠡᠬᠦ᠂ ᠵᠦᠪᠰᠢᠶᠡᠷᠡᠬᠦ ᠠᠵᠢᠯ ᠤᠨ ᠳᠥᠷᠢᠮ ᠳᠤᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠠᠯᠪᠠᠳᠠᠯᠭ᠎ᠠ ᠶᠢᠨ ᠴᠢᠨᠠᠷᠲᠠᠢ ᠬᠠᠮᠢᠶᠠᠷᠤᠯᠲᠠ ᠶᠢᠨ ᠦᠢᠯᠡᠳᠬᠦᠨ ᠤ ᠠᠶᠤᠯ ᠦᠭᠡᠢ ᠶᠢᠨ ᠭᠡᠷᠡᠴᠢᠯᠡᠭᠡ ᠬᠢᠬᠦ ᠠᠵᠢᠯ ᠢ ᠵᠣᠬᠢᠴᠠᠭᠤᠯᠬᠤ ᠪᠠ ᠬᠢᠨᠠᠯᠲᠠ ᠲᠠᠯᠪᠢᠨ᠎ᠠ︔ ᠭᠡᠷᠡᠴᠢᠯᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠠᠤᠯᠢ ᠶᠤᠰᠤᠭᠠᠷ ᠬᠢᠨᠠᠯᠲᠠ ᠲᠠᠯᠪᠢᠨ ᠬᠠᠮᠢᠶᠠᠷᠤᠨ᠎ᠠ᠃        ᠨᠠᠢᠮᠠ᠂ ᠲᠤᠰ ᠭᠠᠵᠠᠷ ᠤᠷᠤᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠤᠬᠢᠶᠠᠨ ᠪᠠᠶᠢᠭᠤᠯᠤᠨ ᠲᠤᠭᠳᠠᠭᠠᠨ᠎ᠠ︔ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠮᠢᠶᠠᠷᠤᠨ ᠵᠢᠯᠤᠭᠤᠳᠤᠨ᠎ᠠ ︔ ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠯᠲᠠ ᠶᠢᠨ ᠤᠬᠠᠭᠤᠯᠬᠤ᠂ ᠬᠦᠮᠦᠵᠢᠭᠦᠯᠬᠦ᠂ ᠪᠤᠯᠪᠠᠰᠤᠷᠠᠭᠤᠯᠬᠤ ᠪᠠ ᠮᠡᠳᠡᠭᠡ ᠵᠠᠩᠬᠢ ᠶᠢᠨ ᠠᠵᠢᠯ ᠢ ᠵᠤᠬᠢᠶᠠᠨ ᠪᠠᠶᠢᠭᠤᠯᠵᠤ ᠬᠠᠮᠢᠶᠠᠷᠤᠨ᠎ᠠ︔        ᠶᠢᠰᠦ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠦᠪᠡᠷᠲᠡᠭᠡᠨ ᠵᠠᠰᠠᠬᠤ ᠤᠷᠤᠨ ᠤ  ᠶᠠᠰᠤ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠶᠢᠨ ᠭᠦᠢᠴᠡᠳᠭᠡᠯᠭᠡᠬᠦ ᠪᠠᠷ ᠲᠣᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ