ᠬᠦᠯᠦᠨ ᠪᠤᠶᠢᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠭᠤᠤᠯ ᠡᠬᠦᠷᠭᠡ ᠴᠢᠳᠠᠪᠤᠷᠢ
ᠨᠡᠶᠢᠲᠡᠯᠡᠭᠰᠡᠨ ᠴᠠᠭ᠄
2022/10/18
       ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ ᠤ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ᠂ ᠪᠤᠭᠤᠮᠳᠠ ᠶᠢᠨ ᠠᠵᠢᠯ ᠤᠨ ᠲᠤᠬᠠᠢ ᠲᠦᠷᠦ ᠶᠢᠨ ᠴᠢᠭᠯᠡᠯᠳᠡ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠬᠦ ᠠᠷᠭ᠎ᠠ ᠬᠡᠮᠵᠢᠶ᠎ᠡ᠂ ᠲᠦᠷᠢᠮ ᠲᠤᠭᠳᠠᠭᠠᠯ ᠢ ᠰᠤᠳᠤᠯᠤᠨ ᠲᠤᠷᠠᠳᠤᠨ᠎ᠠ︔ ᠬᠦᠯᠦᠨ ᠪᠤᠶᠢᠷ ᠬᠤᠲᠠ ᠶᠢᠨ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠤᠷᠰᠢᠯᠴᠠᠭ᠎ᠠ ᠪᠠ ᠪᠤᠭᠤᠮᠳᠠ ᠶᠢᠨ ᠬᠦᠭᠵᠢᠯᠳᠡ ᠶᠢᠨ ᠲᠦᠯᠦᠪᠵᠢᠬᠦᠯᠭᠡ ᠶᠢ ᠲᠤᠭᠤᠷᠪᠢᠨ ᠲᠤᠭᠳᠠᠭᠠᠨ᠎ᠠ︔ ᠲᠤᠰ ᠭᠠᠵᠠᠷ ᠤᠷᠤᠨ ᠤ ᠤᠯᠤᠰ ᠤᠨ ᠲᠤᠳᠤᠭᠠᠳᠤ ᠭᠠᠳᠠᠭᠠᠳᠤ ᠶᠢᠨ ᠠᠷᠠᠯᠵᠢᠶ᠎ᠠ᠂ ᠭᠠᠳᠠᠭᠠᠳᠤ ᠠᠵᠤ ᠠᠬᠤᠢ ᠶᠢᠨ ᠬᠤᠷᠰᠢᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠪᠠ ᠪᠤᠭᠤᠮᠳᠠ ᠶᠢᠨ ᠬᠤᠷᠸ᠎ᠠ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠤ ᠵᠠᠳᠠᠯᠤᠯᠳᠠ ᠬᠢᠨ᠎ᠠ᠃        ᠬᠤᠶᠠᠷ᠂ ᠬᠦᠯᠦᠨ ᠪᠤᠶᠢᠷ ᠬᠤᠲᠠ ᠶᠢᠨ ᠬᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠳᠡ ᠶᠢᠨ ᠰᠠᠨᠠᠯ ᠢ ᠰᠤᠳᠤᠯᠤᠨ ᠲᠤᠷᠠᠳᠬᠤ ᠶᠢᠨ ᠬᠠᠮᠳᠤ᠂ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠬᠤᠳᠠ ᠬᠦᠳᠡᠭᠡ ᠶᠢᠨ ᠵᠠᠬ᠎ᠠ ᠲᠡᠯᠭᠡᠬᠦᠷ ᠢ ᠪᠤᠶᠢᠵᠢᠭᠤᠯᠵᠤ᠂ ᠬᠦᠢᠯᠭᠡᠭᠡᠨ ᠤ ᠠᠵᠤ ᠦᠢᠯᠡᠰ ᠤᠨ ᠪᠦᠳᠦᠴᠡ ᠶᠢ ᠲᠤᠬᠢᠷᠠᠭᠤᠯᠬᠤ ᠪᠠ ᠬᠤᠯᠪᠤᠯᠳᠤᠨ ᠡᠵᠡᠩᠨᠡᠬᠦ᠂ ᠡᠳ᠋ ᠪᠠᠷᠠᠭ᠎ᠠ ᠶᠢᠨ ᠬᠦᠢᠯᠭᠡᠭᠡ ᠶᠢ ᠲᠤᠬᠢᠷᠠᠭᠤᠯᠤᠨ ᠬᠦᠷᠭᠡᠬᠦ᠂ ᠴᠠᠬᠢᠮ ᠬᠤᠳᠠᠯᠳᠤᠭᠠᠨ ᠤ ᠶᠠᠪᠤᠳᠠᠯ ᠵᠡᠷᠭᠡ ᠤᠳᠤ ᠦᠶ᠎ᠡ ᠶᠢᠨ ᠬᠦᠢᠯᠭᠡᠭᠡᠨ ᠤ ᠠᠷᠭ᠎ᠠ ᠪᠠᠷᠢᠯ ᠢ ᠲᠦᠯᠬᠢᠨ ᠠᠬᠢᠭᠤᠯᠤᠨ᠎ᠠ᠃        ᠭᠤᠷᠪᠠ᠂ ᠵᠠᠬ᠎ᠠ ᠲᠡᠯᠭᠡᠬᠦᠷ ᠤᠨ ᠠᠵᠢᠯᠯᠠᠭ᠎ᠠ᠂ ᠬᠦᠢᠯᠭᠡᠭᠡᠨ ᠤ ᠡᠮᠬᠢ ᠲᠢᠭᠯᠢᠮ ᠢ ᠵᠢᠷᠤᠮᠵᠢᠭᠤᠯᠬᠤ ᠪᠠ ᠵᠠᠬ᠎ᠠ ᠲᠡᠯᠭᠡᠬᠦᠷ ᠤᠨ ᠭᠠᠭᠴᠠᠭᠠᠷ ᠡᠵᠡᠮᠰᠢᠯ᠂ ᠭᠠᠵᠠᠷ ᠤᠷᠤᠨ ᠤ ᠪᠢᠳᠠᠭᠦᠮᠵᠢᠯᠡᠯ ᠢ ᠡᠪᠳᠡᠬᠦ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ ᠲᠤᠭᠳᠠᠭᠠᠨ᠎ᠠ︔ ᠵᠠᠬ᠎ᠠ ᠲᠡᠯᠭᠡᠬᠦᠷ ᠤᠨ ᠠᠵᠢᠯᠯᠠᠭ᠎ᠠ ᠪᠠ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠤ ᠵᠠᠳᠠᠯᠤᠯᠳᠠ ᠬᠢᠵᠤ᠂ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠲᠡᠯᠭᠡᠬᠦᠷ ᠤᠨ ᠲᠤᠬᠢᠷᠠᠭᠤᠯᠭ᠎ᠠ ᠡᠵᠡᠮᠰᠢᠯ ᠪᠠ ᠴᠢᠬᠤᠯᠠ ᠦᠢᠯᠡᠳᠪᠦᠷᠢᠯᠡᠯ ᠤᠨ ᠮᠠᠲ᠋ᠧᠷᠢᠶᠠᠯ ᠤᠨ ᠬᠦᠢᠯᠭᠡᠭᠡᠨ ᠤ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ︽ᠬᠤᠯᠢᠰᠢᠨ ᠢᠳᠡᠭᠡ︾ ᠶᠢᠨ ᠪᠦᠳᠦᠭᠡᠭᠳᠡᠬᠦᠨ ᠤ ᠬᠦᠢᠯᠭᠡᠭᠡᠨ ᠤ ᠠᠵᠢᠯ ᠲᠦᠷᠦᠯ ᠤᠨ ᠵᠢᠯᠤᠭᠤᠳᠤᠮᠵᠢ ᠪᠠ ᠬᠠᠮᠢᠶᠠᠷᠤᠯᠳᠠ ᠶᠢ ᠬᠠᠷᠢᠭᠤᠴᠠᠨ᠎ᠠ᠃        ᠲᠦᠷᠪᠡ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠳᠤ ᠲᠤᠭ᠎ᠠ ᠶᠢᠨ ᠲᠦᠯᠦᠪᠯᠡᠭᠡ ᠪᠠ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠡᠷᠬᠡ ᠤᠯᠭᠤᠭᠰᠠᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠵᠦᠪᠰᠢᠶᠠᠷᠡᠯ ᠤᠨ ᠦᠨᠡᠮᠯᠡᠯ ᠤᠨ ᠲᠦᠷᠢᠮ ᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠶᠢ ᠡᠭᠦᠷᠭᠡᠯᠡᠨ᠎ᠡ︔ ᠤᠯᠤᠰ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠬᠢᠵᠠᠭᠠᠷᠳᠤ ᠲᠤᠭ᠎ᠠ ᠶᠢᠨ ᠲᠠᠭᠠᠭᠠᠴᠢᠯᠠᠯᠳᠠ ᠵᠠᠷᠯᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠬᠤ ᠠᠷᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃        ᠲᠠᠪᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠭᠦᠨ᠂ ᠲᠠᠷᠢᠶᠠᠯᠠᠩ ᠤᠨ ᠪᠦᠳᠤᠭᠡᠭᠳᠡᠭᠦᠨ᠂ ᠲᠦᠬᠦᠭᠡᠢ ᠮᠠᠲ᠋ᠧᠷᠢᠶᠠᠯ ᠵᠡᠷᠭᠡ ᠭᠠᠳᠠᠭᠠᠳᠤ ᠳᠤ ᠭᠠᠷᠭᠠᠬᠤ ᠪᠦᠳᠦᠭᠡᠭᠳᠡᠬᠦᠨ ᠤ ᠬᠤᠷᠸ᠎ᠠ ᠬᠠᠮᠢᠶᠠᠷᠤᠯᠳᠠ ᠪᠠ ᠬᠢᠨᠠᠨ ᠡᠵᠡᠮᠳᠡᠯ ᠳᠤ ᠵᠠᠳᠠᠯᠤᠯᠳᠠ ᠬᠢᠬᠦ ᠶᠢ ᠬᠠᠷᠢᠭᠤᠴᠠᠨ᠎ᠠ︔ ᠬᠦᠯᠦᠨ ᠪᠤᠶᠢᠷ ᠬᠤᠲᠠ ᠶᠢᠨ ᠬᠢᠯᠢ ᠶᠢᠨ ᠪᠤᠭᠤᠮᠳᠠ ᠶᠢᠨ ᠠᠷᠠᠯᠵᠢᠶ᠎ᠠ᠂ ᠡᠳ᠋ᠰᠢᠬᠦᠯᠭᠡ ᠶᠢᠨ ᠠᠷᠠᠯᠵᠢᠶ᠎ᠠ ᠶᠢ ᠵᠤᠬᠢᠴᠠᠭᠤᠯᠤᠨ ᠬᠠᠮᠢᠶᠠᠷᠤᠨ᠎ᠠ︔ ᠲᠤᠮᠳᠠ ᠪᠠᠭ᠎ᠠ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠲᠡᠯᠭᠡᠬᠦᠷ ᠢ ᠦᠷᠭᠡᠳᠭᠡᠬᠦ ᠪᠡᠯᠡ ᠮᠦᠩᠬᠦ ᠶᠢᠨ ᠲᠦᠷᠦᠯ ᠵᠦᠢᠯ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ︔ ᠭᠠᠳᠠᠭᠠᠳᠤ ᠳᠤ ᠠᠵᠤ ᠠᠬᠤᠢ ᠬᠤᠷᠰᠢᠨ ᠡᠵᠡᠩᠨᠡᠬᠦ ᠬᠢᠷᠢ ᠬᠡᠮ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃        ᠵᠢᠷᠭᠤᠭ᠎ᠠ᠂ ᠬᠦᠯᠦᠨ ᠪᠤᠶᠢᠷ ᠬᠤᠲᠠ ᠶᠢᠨ ᠭᠠᠳᠠᠭᠠᠳᠤ ᠠᠴᠠ ᠮᠡᠷᠭᠡᠵᠢᠯ ᠤᠷᠤᠭᠤᠯᠵᠤ ᠭᠠᠷᠭᠠᠬᠤ ᠵᠢᠴᠢ ᠬᠡᠷᠡᠴᠢᠯᠡᠬᠦ ᠠᠵᠢᠯ ᠢ ᠬᠠᠤᠯᠢ ᠶᠤᠰᠤᠭᠠᠷ ᠬᠠᠮᠢᠶᠠᠷᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠯᠵᠢᠶ᠎ᠠ ᠶᠢ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠰᠤᠳᠤᠯᠬᠤ ᠪᠠ ᠠᠬᠢᠭᠤᠯᠤᠨ᠎ᠠ︔ ᠬᠤᠳᠠᠯᠳᠤᠭᠠᠨ ᠤ ᠶᠠᠪᠤᠳᠠᠯ ᠤᠨ ᠬᠡᠯᠲᠡᠰ ᠠᠴᠠ ᠨᠡᠶᠢᠲᠡᠯᠡᠭᠰᠡᠨ ᠭᠠᠷᠴᠠᠭ ᠤᠨ ᠲᠦᠷᠦᠯ ᠳᠠᠬᠢ ᠲᠠᠸᠠᠷ ᠤᠨ ᠠᠵᠢᠯ ᠢ ᠵᠤᠬᠢᠴᠠᠭᠤᠯᠤᠨ ᠭᠦᠢᠴᠡᠳᠭᠡᠨ᠎ᠡ︔ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠪᠠᠷᠢᠮᠵᠢᠶᠠᠴᠢᠯᠠᠯᠲᠠ ᠶᠢᠨ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ᠲᠤᠯᠤᠭ᠎ᠠ᠂ ᠮᠠᠨ ᠤ ᠤᠯᠤᠰ ᠤᠨ ᠲᠡᠯᠡᠭᠡᠢ ᠶᠢᠨ ᠠᠷᠠᠯᠵᠢᠶ᠎ᠠ ᠶᠢᠨ ᠵᠤᠬᠢᠶᠠᠨ ᠪᠠᠶᠢᠭᠤᠯᠤᠯᠳᠠ ᠳᠤ ᠤᠷᠤᠯᠴᠠᠬᠤ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠂ ᠬᠠᠤᠯᠢ ᠴᠠᠭᠠᠵᠠ᠂ ᠬᠠᠤᠯᠢ ᠲᠤᠭᠳᠠᠭᠠᠯ ᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠡᠷᠬᠡ ᠲᠡᠭᠰᠢ ᠠᠷᠠᠯᠵᠢᠶ᠎ᠠ ᠶᠢᠨ ᠬᠤᠯᠪᠤᠭᠳᠠᠯ ᠪᠦᠬᠦᠢ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠵᠤᠬᠢᠶᠠᠨ ᠪᠠᠶᠢᠭᠤᠯᠤᠭᠰᠠᠨ ᠬᠦᠯᠦᠨ ᠪᠤᠶᠢᠷ ᠬᠤᠲᠠ ᠶᠢᠨ ᠠᠵᠤ ᠦᠢᠯᠡᠰ ᠤᠨ ᠬᠤᠬᠢᠷᠠᠯ ᠤᠨ ᠪᠠᠶᠢᠴᠠᠭᠠᠯᠲᠠ ᠶᠢ ᠡᠭᠦᠷᠭᠡᠯᠡᠨ᠎ᠡ︔ ᠠᠵᠤ ᠦᠢᠯᠡᠰ ᠤᠨ ᠬᠤᠬᠢᠷᠠᠯ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠭᠠᠳᠠᠭᠠᠳᠦ ᠠᠴᠠ ᠲᠤᠰ ᠭᠠᠵᠠᠷ ᠤᠷᠤᠨ ᠤ ᠭᠠᠳᠠᠭᠠᠳᠤ ᠳᠤ ᠭᠠᠷᠭᠠᠬᠤ ᠲᠠᠸᠠᠷ ᠤᠨ ᠬᠢᠮᠳᠠ ᠪᠠᠷ ᠬᠤᠳᠠᠯᠳᠤᠬᠤ ᠶᠢ ᠡᠰᠡᠷᠭᠦᠴᠡᠬᠦ᠂ ᠨᠦᠬᠦᠪᠦᠷᠢᠯᠡᠬᠦ ᠦᠭᠬᠦ ᠶᠢ ᠡᠰᠡᠷᠭᠦᠴᠡᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠵᠠᠷᠭᠤ ᠬᠦᠯᠢᠶᠡᠬᠦ ᠵᠡᠷᠭᠡ ᠠᠵᠢᠯ ᠢ ᠵᠢᠯᠤᠭᠤᠳᠤᠨ ᠵᠤᠬᠢᠴᠠᠭᠤᠯᠤᠨ᠎ᠠ᠃        ᠨᠠᠢᠮᠠ᠂ ᠤᠯᠭᠤᠭᠰᠠᠨ ᠡᠷᠬᠡ ᠪᠠᠨ ᠦᠨᠳᠦᠰᠦᠯᠡᠨ ᠬᠦᠯᠦᠨ ᠪᠤᠶᠢᠷ ᠬᠤᠲᠠ ᠶᠢᠨ ᠵᠠᠰᠠᠭ ᠤᠨ ᠤᠷᠳᠤᠨ ᠢ ᠲᠦᠯᠦᠭᠡᠯᠡᠨ ᠭᠠᠳᠠᠭᠠᠳᠤ ᠯᠤᠭ᠎ᠠ ᠠᠵᠤ ᠠᠬᠤᠢ ᠠᠷᠠᠯᠵᠢᠶᠠᠨ ᠤ ᠬᠡᠯᠡᠯᠴᠡᠭᠡᠷ ᠬᠢᠬᠦ ᠶᠢᠨ ᠬᠠᠮᠲᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠦᠵᠤ᠂ ᠤᠯᠤᠰ ᠤᠨ ᠢᠯᠭᠠᠯ ︵ᠭᠠᠵᠠᠷ ᠤᠷᠤᠨ︶ ᠤᠨ ᠠᠵᠤ ᠠᠬᠤᠢ ᠠᠷᠠᠯᠵᠢᠶᠠᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ︔ ᠲᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠮᠵᠢ ᠵᠢᠴᠢ ᠮᠠᠨ ᠤ  ᠬᠤᠲᠠ ᠳᠤ ᠰᠠᠭᠤᠭ᠎ᠠ ᠭᠠᠳᠠᠭᠠᠳᠤ ᠬᠤᠳᠠᠯᠳᠤᠭᠠᠴᠢᠨ ᠤ ᠲᠦᠯᠦᠭᠡᠯᠡᠭᠴᠢ ᠪᠠᠶᠢᠭᠤᠯᠤᠮᠵᠢ ᠲᠠᠢ ᠬᠠᠷᠢᠴᠠᠵᠤ᠂ ᠭᠠᠳᠠᠭᠠᠳᠤ ᠤᠯᠤᠰ ᠲᠤ ᠰᠠᠭᠤᠭ᠎ᠠ ᠮᠠᠨ ᠤ ᠤᠯᠤᠰ ᠤᠨ ᠡᠯᠴᠢᠨ ᠰᠠᠶᠢᠳ ︵ᠺᠤᠨᠰᠦ᠋ᠯ︶ ᠤᠨ ᠶᠠᠮᠤᠨ ᠤ ᠠᠷᠠᠯᠵᠢᠶ᠎ᠠ ᠡᠷᠬᠢᠯᠡᠬᠦ ᠭᠠᠵᠠᠷ ᠲᠠᠢ ᠬᠠᠷᠢᠯᠴᠠᠨ᠎ᠠ᠃        ᠶᠢᠰᠦ᠂ ᠬᠦᠯᠦᠨ ᠪᠤᠶᠢᠷ ᠬᠤᠲᠠ ᠶᠢᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢ ᠰᠢᠩᠭᠡᠭᠡᠨ ᠠᠪᠬᠤ ᠠᠵᠢᠯ ᠢ ᠬᠤᠷᠸ᠎ᠠ ᠲᠠᠯ᠎ᠠ ᠪᠠᠷ ᠵᠢᠯᠤᠭᠤᠳᠬᠤ ᠪᠠ ᠶᠡᠷᠦᠩᠬᠡᠶᠢᠯᠡᠨ ᠬᠠᠮᠢᠶᠠᠷᠤᠨ᠎ᠠ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢ ᠰᠢᠩᠭᠡᠭᠡᠨ ᠠᠪᠬᠤ ᠤᠯᠤᠰ ᠤᠨ ᠲᠦᠷᠦ ᠶᠢᠨ ᠪᠤᠳᠤᠯᠭ᠎ᠠ᠂ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠬᠦ ᠠᠷᠭ᠎ᠠ ᠬᠡᠮᠵᠢᠶ᠎ᠠ ᠪᠠ ᠠᠷᠭ᠎ᠠ ᠪᠠᠷᠢᠯ ᠢ ᠲᠤᠷᠠᠳᠴᠤ᠂ ᠭᠠᠳᠠᠭᠠᠳᠤ ᠪᠡᠯᠡ ᠤᠷᠤᠭᠤᠯᠤᠯᠳᠠ ᠶᠢ ᠠᠰᠢᠭᠯᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠬᠦᠯᠭᠡ ᠶᠢ ᠲᠤᠭᠳᠠᠭᠠᠬᠤ ᠳᠤ ᠤᠷᠤᠯᠴᠠᠨ᠎ᠠ︔ ᠦᠪᠡᠷᠲᠡᠭᠡᠨ ᠵᠠᠰᠠᠬᠤ ᠤᠷᠤᠨ ᠠᠴᠠ ᠡᠷᠬᠡ ᠤᠯᠭᠤᠭᠰᠠᠨ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢᠨ ᠬᠢᠨᠠᠨ ᠵᠦᠪᠰᠢᠶᠡᠷᠡᠬᠦ᠂ ᠳᠠᠩᠰᠠᠯᠠᠨ ᠲᠡᠮᠳᠡᠭᠯᠡᠬᠦ ᠨᠤᠳᠠᠯᠠᠬᠤ ᠵᠢᠴᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠬᠢᠵᠠᠭᠠᠷᠳᠤ ᠲᠤᠭ᠎ᠠ᠂ ᠵᠦᠪᠰᠢᠶᠡᠷᠡᠯ ᠤᠨ ᠦᠨᠡᠮᠯᠡᠯ᠂ ᠭᠠᠳᠠᠭᠠᠳᠤ ᠠᠴᠠ ᠤᠷᠤᠭᠤᠯᠤᠭᠰᠠᠨ ᠲᠠᠸᠠᠷ ᠤᠨ ᠠᠦ᠋ᠲ᠋ᠤ᠋ ᠲᠠᠩᠰᠠᠯᠠᠬᠤ ᠠᠵᠢᠯ ᠢ ᠬᠠᠤᠯᠢ ᠶᠤᠰᠤᠭᠠᠷ ᠬᠠᠮᠢᠶᠠᠷᠬᠤ ᠶᠢ ᠬᠠᠷᠢᠭᠤᠴᠠᠨ᠎ᠠ᠃        ᠠᠷᠪᠠ᠂ ᠲᠤᠰ ᠭᠠᠵᠠᠷ ᠤᠷᠤᠨ ᠤ ᠭᠠᠳᠠᠭᠠᠳᠤ ᠯᠤᠭ᠎ᠠ ᠠᠵᠤ ᠠᠬᠤᠢ ᠶᠢᠨ ᠲᠠᠯ᠎ᠠ ᠪᠠᠷ ᠬᠤᠷᠰᠢᠯᠴᠠᠬᠤ ᠠᠵᠢᠯ ᠢ ᠬᠠᠷᠢᠭᠤᠴᠠᠨ᠎ᠠ︔ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠬᠦᠳᠡᠯᠮᠦᠷᠢ ᠶᠢᠨ ᠦᠢᠯᠡᠴᠢᠯᠡᠭᠡᠨ ᠤ ᠬᠤᠷᠰᠢᠯᠴᠠᠭ᠎ᠠ ᠬᠢᠬᠦ᠂ ᠵᠢᠷᠤᠵᠤ ᠲᠦᠯᠦᠪᠯᠡᠨ ᠵᠦᠪᠳᠡᠬᠦ ᠵᠡᠷᠭᠡ ᠠᠵᠢᠯ ᠢ ᠬᠠᠤᠯᠢ ᠶᠤᠰᠤᠭᠠᠷ ᠬᠢᠨᠠᠨ ᠵᠦᠪᠰᠢᠶᠡᠷᠡᠬᠦ ᠪᠠ ᠬᠢᠨᠠᠯᠳᠠ ᠲᠠᠯᠪᠢᠨ᠎ᠠ︔ ᠠᠵᠤ ᠠᠬᠤᠶᠢᠯᠠᠯ ᠤᠨ ᠭᠠᠳᠠᠭᠠᠳᠤ ᠳᠤ ᠪᠡᠯᠡ ᠤᠷᠤᠭᠤᠯᠤᠨ ᠠᠵᠤ ᠠᠬᠤᠶᠢᠯᠠᠯ ︵ᠮᠦᠩᠬᠦᠨ ᠬᠦᠢᠯᠭᠡᠭᠡᠨ ᠤ ᠠᠵᠤ ᠠᠬᠤᠶᠢᠯᠠᠯ ᠠᠴᠠ ᠪᠤᠰᠤᠳ︶ ᠡᠷᠬᠢᠯᠡᠬᠦ ᠪᠠ ᠬᠢᠯᠢ ᠶᠢᠨ ᠭᠠᠳᠠᠨ᠎ᠠ ᠬᠡᠷᠡᠭ ᠡᠷᠬᠢᠯᠡᠬᠦ ᠪᠠᠶᠢᠭᠤᠯᠤᠮᠵᠢ ᠭᠠᠷᠭᠠᠬᠤ ᠶᠢ ᠬᠢᠨᠠᠨ ᠬᠠᠷᠭᠤᠭᠤᠯᠬᠤ ᠶᠢᠨ ᠬᠠᠮᠳᠤ ᠬᠢᠨᠠᠯᠳᠠ ᠲᠠᠯᠪᠢᠵᠤ ᠬᠠᠮᠢᠶᠠᠷᠤᠨ᠎ᠠ᠃        ᠠᠷᠪᠠᠨ ᠨᠢᠭᠡ᠂ ᠠᠵᠤ ᠠᠬᠤᠶᠢᠯᠠᠯ ᠤᠨ ᠭᠠᠳᠠᠭᠠᠳᠤ ᠳᠤ ᠲᠤᠰᠠᠯᠠᠬᠤ ᠲᠦᠷᠦᠯ ᠵᠦᠢᠯ ᠤᠨ ᠲᠠᠭᠠᠭᠠᠴᠢᠯᠠᠯᠳᠠ ᠵᠠᠷᠯᠠᠬᠤ ᠳᠤ ᠤᠷᠤᠯᠴᠠᠬᠤ ᠶᠢ ᠵᠢᠯᠤᠭᠤᠳᠴᠤ᠂ ᠠᠵᠤ ᠠᠬᠤᠶᠢᠯᠠᠯ ᠤᠳ ᠤᠨ ᠭᠠᠳᠠᠭᠠᠳᠤ ᠳᠤ ᠲᠤᠰᠠᠯᠠᠬᠤ ᠲᠦᠷᠦᠯ ᠵᠦᠢᠯ ᠬᠡᠷᠡᠭᠵᠢᠬᠦᠯᠬᠦ ᠶᠢ ᠬᠢᠨᠠᠨ ᠪᠠᠶᠢᠴᠠᠭᠠᠨ᠎ᠠ︔ ᠤᠯᠠᠨ ᠪᠠ ᠬᠤᠶᠠᠷ ᠡᠲᠡᠭᠡᠳ ᠤᠨ ᠵᠠᠰᠠᠭ ᠤᠨ ᠤᠷᠳᠤᠨ ᠠᠴᠠ  ᠬᠦᠯᠦᠨ ᠪᠤᠶᠢᠷ ᠬᠤᠲᠠ ᠳᠤ ᠦᠨ᠎ᠡ ᠲᠦᠯᠦᠪᠦᠷᠢ ᠦᠭᠡᠢ ᠲᠤᠰᠠᠯᠠᠬᠤ ᠲᠦᠷᠦᠯ ᠵᠦᠢᠯ ᠢ ᠴᠢᠷᠮᠠᠶᠢᠨ ᠤᠯᠬᠤ ᠪᠠ ᠬᠠᠮᠢᠶᠠᠷᠴᠤ᠂ ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠠᠴᠠ ᠮᠠᠨ ᠤ ᠬᠤᠲᠠ ᠶᠢᠨ ᠬᠢᠯᠢ ᠶᠢᠨ ᠳᠤᠲᠤᠭᠠᠳᠤ ᠳᠠᠬᠢ ᠠᠵᠤ ᠠᠬᠤᠢ ᠮᠡᠷᠭᠡᠵᠢᠯ ᠤᠨ ᠬᠤᠷᠰᠢᠯᠴᠠᠭ᠎ᠠ ᠬᠢᠬᠦ ᠶᠠᠪᠤᠳᠠᠯ ᠢ ᠬᠠᠮᠢᠶᠠᠷᠤᠨ᠎ᠠ᠃        ᠠᠷᠪᠠᠨ ᠬᠤᠶᠠᠷ᠂ ᠪᠤᠭᠤᠮᠳᠠ ᠶᠢᠨ ᠲᠦᠯᠤᠪᠵᠢᠬᠦᠯᠤᠨ ᠪᠦᠳᠦᠭᠡᠨ ᠪᠠᠶᠢᠭᠤᠯᠬᠤ᠂ ᠵᠤᠬᠢᠴᠠᠭᠤᠯᠤᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃        ᠠᠷᠪᠠᠨ ᠭᠤᠷᠪᠠ᠂ ᠬᠦᠯᠦᠨ ᠪᠤᠶᠢᠷ ᠬᠤᠲᠠ ᠶᠢᠨ ᠤᠷᠤᠰ ᠮᠤᠩᠭᠤᠯ ᠤᠨ ᠠᠷᠠᠯᠵᠢᠶᠠᠨ ᠤ ᠠᠵᠢᠯ ᠢ ᠠᠬᠢᠭᠤᠯᠤᠨ ᠬᠦᠭᠵᠢᠭᠦᠯᠦᠨ᠎ᠡ︔ ᠬᠦᠯᠦᠨ ᠪᠤᠶᠢᠷ ᠬᠤᠲᠠ ᠬᠢᠭᠡᠳ ᠤᠷᠤᠰ ᠤᠨ ᠴᠢᠲ᠋ᠠ ᠵᠸᠤ᠂ ᠮᠤᠩᠭᠤᠯ ᠤᠯᠤᠰ ᠤᠨ ᠳᠤᠷᠤᠨᠠᠲᠤ ᠠᠶᠢᠮᠠᠭ ᠤᠨ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠠᠷᠠᠯᠵᠢᠶᠠᠨ ᠤ  ᠬᠤᠯᠢᠮᠠᠭ ᠵᠦᠪᠯᠡᠯ ᠤᠨ ᠡᠳᠦᠷ ᠳᠤᠲᠤᠮ ᠤᠨ ᠠᠵᠢᠯ ᠢ ᠬᠠᠷᠢᠭᠤᠴᠠᠨ᠎ᠠ᠃        ᠠᠷᠪᠠᠨ ᠳᠦᠷᠪᠡ᠂ ᠤᠯᠤᠰ ᠤᠨ ᠳᠤᠲᠤᠭᠠᠳᠤ ᠭᠠᠳᠠᠭᠠᠳᠤ ᠶᠢᠨ ᠬᠠᠮᠢᠶ᠎ᠠ ᠪᠦᠬᠦᠢ ᠠᠵᠤ ᠠᠬᠤᠶᠢᠯᠠᠯ ᠪᠠ ᠪᠠᠶᠢᠭᠤᠯᠤᠮᠵᠢ ᠳᠤ ᠠᠷᠠᠯᠵᠢᠶ᠎ᠠ ᠪᠠ ᠠᠵᠤ ᠠᠬᠤᠢ ᠮᠡᠷᠭᠡᠵᠢᠯ ᠤᠨ ᠬᠤᠷᠰᠢᠯᠴᠠᠭ᠎ᠠ ᠶᠢᠨ ᠲᠠᠯ᠎ᠠ ᠶᠢᠨ ᠮᠡᠳᠡᠭᠡ ᠵᠠᠩᠭᠢ᠂ ᠯᠠᠪᠯᠠᠨ ᠠᠰᠠᠭᠤᠯᠲᠠ ᠶᠢ ᠬᠠᠩᠭᠠᠬᠤ᠂ ᠬᠤᠷᠰᠢᠯᠴᠠᠭ᠎ᠠ ᠶᠢᠨ ᠡᠳᠡᠭᠡᠳ  ᠲᠠᠨᠢᠯᠴᠠᠭᠤᠯᠬᠤ᠂ ᠭᠠᠳᠠᠭᠠᠳᠤ ᠯᠤᠭ᠎ᠠ ᠶᠢᠨ ᠠᠷᠠᠯᠵᠢᠶ᠎ᠠ ᠶᠢ ᠠᠬᠢᠭᠤᠯᠵᠤ᠂ ᠲᠡᠷᠢᠭᠦᠨ ᠤ ᠮᠡᠷᠭᠡᠵᠢᠯ ᠢ ᠤᠷᠤᠭᠤᠯᠵᠤ᠂ ᠠᠵᠤ ᠠᠬᠤᠶᠢᠯᠠᠯ ᠢ ᠵᠠᠰᠠᠨ ᠰᠠᠶᠢᠵᠢᠷᠠᠭᠤᠯᠬᠤ ᠵᠡᠷᠭᠡ ᠠᠵᠢᠯ ᠢ ᠡᠭᠦᠷᠭᠡᠯᠡᠨ᠎ᠡ︔ ᠬᠦᠯᠦᠨ ᠪᠤᠶᠢᠷ ᠬᠤᠲᠠ ᠶᠢᠨ ᠠᠷᠠᠯᠵᠢᠶ᠎ᠠ ᠠᠬᠢᠭᠤᠯᠬᠤ ᠵᠦᠪᠯᠡᠯ ᠤᠨ ᠡᠳᠦᠷ ᠳᠤᠲᠤᠮ ᠤᠨ ᠠᠵᠢᠯ ᠢ ᠡᠭᠦᠷᠭᠡᠯᠡᠨ᠎ᠡ᠃        ᠠᠷᠪᠠᠨ ᠲᠠᠪᠤ᠂ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠲᠤᠰᠢᠶᠠᠨ  ᠭᠦᠢᠴᠡᠳᠭᠡᠯᠭᠡᠬᠦ ᠪᠤᠰᠤᠳ ᠶᠠᠪᠤᠳᠠᠯ ᠢ ᠲᠠᠭᠠᠭᠠᠴᠢᠯᠠᠨ ᠭᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ