ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/10/18
      ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠬᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠬᠦᠯᠦᠨ᠎ᠡ᠃ ᠪᠦᠬᠦ ᠬᠤᠲᠠ ᠶᠢᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠦᠲᠦᠭᠡᠨ ᠪᠠᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠤᠭ᠎ᠠ ᠪᠦᠷᠢᠳᠬᠡᠯ ᠤᠨ ᠳᠦᠷᠢᠮ ᠪᠠ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠦᠨᠡᠯᠡᠨ ᠵᠢᠱᠢᠨ᠎ᠡ ᠃ ᠬᠤᠰᠢᠭᠤ ᠬᠤᠲᠠ ᠲᠣᠭᠤᠷᠢᠭ ᠤᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃       ︵ᠬᠤᠶᠠᠷ︶ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠲᠠ ᠵᠢᠴᠢ ᠡᠯ᠎ᠡ ᠬᠤᠰᠢᠭᠤ ᠬᠤᠲᠠ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠲᠦᠷᠢᠮ ᠪᠠ ᠪᠥᠬᠦ ᠬᠤᠲᠠ ᠶᠢᠨ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠵᠢᠴᠢ ᠡᠯ᠎ᠡ ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠲᠣᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠵᠤ᠂ ᠡᠯ᠎ᠡ ᠬᠤᠰᠢᠭᠤ ᠬᠤᠲᠠ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠠᠵᠢᠯ ᠢ ᠬᠢᠨᠠᠨ ᠬᠠᠮᠢᠶᠠᠷᠤᠨ᠎ᠠ᠃       ︵ᠭᠤᠷᠪᠠ︶ ᠪᠦᠬᠦ ᠬᠤᠲᠠ ᠶᠢᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠬᠥᠮᠦᠨ ᠠᠮᠠ᠂ ᠠᠵᠤ ᠠᠬᠤᠶ᠂ ᠲᠠᠷᠢᠶᠠᠯᠠᠩ ᠵᠡᠷᠭᠡ ᠴᠢᠬᠤᠯᠠ ᠶᠡᠭᠡ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠵᠦᠢᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠲᠠᠯ᠎ᠠ ᠶᠢᠨ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃       ︵ᠳᠥᠷᠪᠡ︶ ᠪᠦᠷᠢᠳᠬᠡᠨ ᠬᠤᠷᠢᠶᠠᠩᠭᠤᠶᠢᠯᠠᠬᠤ ᠪᠠ ᠲᠤᠭ᠎ᠠ ᠪᠠᠷᠢᠮᠲᠠ ᠬᠠᠩᠭᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠨᠡᠶᠢᠬᠡᠮ ᠤᠨ ᠬᠥᠭᠵᠢᠯᠲᠡ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃ ᠵᠠᠮ ᠲᠡᠭᠡᠭᠡᠪᠦᠷᠢ᠂ ᠰᠢᠦᠳᠠᠨ᠂ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠦᠢᠯᠡᠰ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ ᠰᠠᠯᠠᠭ᠎ᠠ ᠮᠥᠴᠢᠷ ᠤᠨ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠨ᠎ᠠ᠃       ︵ᠲᠠᠪᠤ︶ ᠦᠨᠳᠦᠰᠦᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ ᠴᠢᠨᠠᠷᠲᠠᠢ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠢ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠳᠡᠯᠡᠨ᠎ᠡ᠃ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠨᠡᠶᠢᠲᠡᠯᠡᠨ᠎ᠡ᠃       ︵ᠵᠢᠷᠭᠤᠭ᠎ᠠ︶ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ᠂ ᠨᠡᠶᠢᠬᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠦᠷᠢᠳᠬᠡᠨ ᠵᠠᠳᠠᠯᠬᠤ᠂ ᠪᠦᠷᠢᠳᠬᠡᠨ ᠬᠢᠨᠠᠨ ᠬᠡᠮᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ  ᠬᠤᠲᠠ ᠶᠢᠨ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃       ︵ᠳᠣᠯᠤᠭ᠎ᠠ︶ ᠲᠤᠭ᠎ᠠ ᠪᠦᠷᠢᠳᠬᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠡᠯ᠎ᠡ ᠬᠤᠰᠢᠭᠤ ᠬᠤᠲᠠ ᠲᠣᠭᠤᠷᠢᠭ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠡᠩᠰᠡᠯᠡᠵᠦ᠂ ᠲᠤᠰᠬᠠᠶ ᠠᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠵᠦ᠂ ᠭᠠᠳᠠᠭᠠᠳᠤ ᠳᠤ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃       ︵ᠨᠠᠢᠮᠠ︶ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠬᠤᠲᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠢ ᠬᠠᠪᠰᠤᠷᠤᠨ᠎ᠠ᠃ ᠪᠦᠬᠦ ᠬᠤᠲᠠ ᠶᠢᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠺᠠᠳ᠋ᠷ ᠤᠨ ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠬᠤᠰᠢᠭᠤ ᠬᠤᠲᠠ ᠲᠣᠭᠤᠷᠢᠭ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠥᠪ ᠤᠨ ᠡᠳ᠋ ᠤᠨ ᠵᠠᠰᠠᠭ ᠤᠨ ᠲᠤᠭ᠎ᠠ ᠪᠦᠷᠢᠳᠬᠡᠯ ᠤᠨ ᠦᠢᠯᠡᠰ ᠤᠨ ᠵᠠᠷᠤᠳᠠᠯ ᠢ ᠲᠣᠭᠲᠠᠭᠠᠯ ᠶᠣᠰᠣᠭᠠᠷ ᠬᠠᠮᠢᠶᠠᠷᠤᠨ᠎ᠠ᠃       ︵ᠶᠢᠰᠦ︶ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢᠨ ᠠᠵᠢᠯ ᠢ  ᠬᠠᠷᠢᠭᠤᠴᠠᠨ᠎ᠠ᠃ ᠪᠦᠬᠦ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠵᠤ᠂ ᠪᠦᠬᠦ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠤᠨ ᠬᠠᠮᠢᠶᠠᠷᠴᠤ ᠬᠠᠮᠠᠭᠠᠯᠠᠨ᠎ᠠ᠃ ᠡᠯ᠎ᠡ ᠬᠤᠰᠢᠭᠤ ᠬᠤᠲᠠ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃       ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ