ᠬᠦᠯᠦᠨ ᠪᠤᠶᠢᠷ ᠬᠤᠲᠠ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/10/24
       ᠨᠢᠭᠡ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠬᠠᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠪᠠ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠵᠤ᠂ ᠪᠤᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠲᠤᠰ ᠭᠠᠵᠠᠷ ᠤᠷᠤᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃        ᠬᠤᠶᠠᠷ᠂ ᠲᠤᠰ ᠭᠠᠵᠠᠷ ᠤᠷᠤᠨ ᠤ ᠡᠯ᠎ᠡ ᠲᠦᠷᠦᠯ ᠤᠨ ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠬᠤᠷᠰᠢᠶᠠᠵᠢᠯ ᠪᠠ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠠᠶᠢᠭ᠎ᠠ ᠨᠢᠭᠡᠴᠡ᠂ ᠬᠤᠪᠢ ᠬᠦᠮᠦᠨ ᠵᠢᠴᠢ ᠡᠷᠭᠡ ᠤᠯᠭᠤᠭᠰᠠᠨ ᠬᠡᠪᠴᠢᠶᠠᠨ ᠲᠤᠳᠤᠷᠠᠬᠢ ᠭᠠᠳᠠᠭᠠᠳᠤ ᠤᠯᠤᠰ ︵ᠭᠠᠵᠠᠷ ᠤᠷᠤᠨ︶ ᠤᠨ ᠠᠵᠤ ᠠᠬᠤᠶᠢᠯᠠᠯ ᠤᠨ ᠪᠠᠶᠢᠩᠭᠤ ᠰᠠᠭᠤᠭ᠎ᠠ ᠲᠦᠯᠦᠭᠡᠯᠡᠭᠴᠢ ᠪᠠᠶᠢᠭᠤᠯᠤᠮᠵᠢ ᠵᠡᠷᠭᠡ ᠵᠠᠬ᠎ᠠ ᠲᠡᠯᠭᠡᠬᠦᠷ ᠤᠨ ᠭᠤᠤᠯ ᠴᠤᠭᠴᠠ ᠶᠢ ᠪᠦᠷᠢᠳᠭᠡᠨ ᠲᠠᠩᠰᠠᠯᠠᠬᠤ ᠠᠵᠢᠯ ᠢ ᠵᠤᠬᠢᠶᠠᠨ ᠪᠠᠶᠢᠭᠤᠯᠬᠤ ᠶᠢᠨ ᠬᠠᠮᠳᠤ ᠬᠡᠷᠡᠭᠵᠢᠭᠦᠯᠵᠦ ᠬᠢᠨᠠᠨ ᠬᠠᠮᠢᠶᠠᠷᠴᠤ᠂ ᠦᠨᠡᠮᠯᠡᠯ ᠦᠭᠡᠢ ᠡᠵᠡᠩᠨᠡᠯᠳᠡ ᠶᠢᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠤ ᠬᠦᠴᠦᠨ ᠦᠭᠡᠢ ᠪᠤᠯᠭᠠᠬᠤ ᠬᠠᠷᠢᠭᠤᠴᠠᠯᠭ᠎ᠠ ᠶᠢ ᠡᠬᠦᠷᠭᠡᠯᠡᠨ᠎ᠡ᠃        ᠭᠤᠷᠪᠠ᠂ ᠡᠯ᠎ᠡ ᠲᠦᠷᠦᠯ ᠤᠨ ᠵᠠᠬ᠎ᠠ ᠲᠡᠯᠭᠡᠬᠦᠷ ᠤᠨ ᠡᠵᠡᠩᠨᠡᠯᠳᠡ ᠶᠢᠨ ᠡᠮᠬᠢ ᠲᠢᠭᠯᠢᠮ ᠢ ᠬᠠᠤᠯᠢ ᠶᠤᠰᠤᠭᠠᠷ ᠲᠦᠷᠢᠮᠵᠢᠬᠦᠯᠬᠦ ᠪᠠ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠶᠢ ᠡᠬᠦᠷᠭᠡᠯᠡᠵᠤ᠂ ᠵᠠᠬ᠎ᠠ ᠲᠡᠯᠭᠡᠬᠦᠷ ᠤᠨ ᠰᠤᠯᠢᠯᠴᠠᠭᠠᠨ ᠤ ᠠᠵᠢᠯᠯᠠᠭ᠎ᠠ ᠪᠠ ᠨᠧᠲ ᠰᠦᠯᠵᠢᠶᠠᠨ ᠤ ᠲᠠᠸᠠᠷ ᠤᠨ ᠰᠤᠯᠢᠯᠴᠠᠭ᠎ᠠ ᠵᠢᠴᠢ ᠬᠤᠯᠪᠤᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠳᠤ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃        ᠲᠦᠷᠪᠡ᠂ ᠬᠦᠢᠯᠭᠡᠭᠡᠨ ᠤ ᠬᠦᠷᠢᠶᠡᠨ ᠳᠠᠬᠢ ᠲᠠᠸᠠᠷ ᠤᠨ ᠶᠠᠰᠤ ᠴᠢᠨᠠᠷ ᠪᠠ ᠭᠦᠢᠯᠭᠡᠭᠡᠨ ᠤ ᠭᠤᠭᠴᠤᠭ᠎ᠠ ᠳᠠᠬᠢ ᠢᠳᠡᠭᠡᠨ ᠤ ᠠᠮᠤᠷ ᠲᠦᠪᠰᠢᠨ ᠳᠤ ᠬᠢᠨᠠᠯᠳᠠ ᠲᠠᠯᠪᠢᠨ ᠬᠠᠮᠢᠶᠠᠷᠬᠤ ᠡᠬᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠢᠳᠡᠭᠡᠨ ᠤ ᠭᠦᠢᠯᠭᠡᠭᠡᠨ ᠤ ᠵᠦᠪᠰᠢᠶᠡᠷᠡᠯ ᠤᠨ ᠦᠨᠡᠮᠯᠡᠯ ᠲᠠᠷᠬᠠᠭᠠᠬᠤ ᠠᠵᠢᠯ ᠢ ᠬᠠᠷᠢᠭᠤᠴᠠᠨ᠎ᠠ᠃ ᠦᠢᠯᠡᠴᠢᠯᠡᠭᠡᠨ ᠤ ᠬᠦᠷᠢᠶᠡᠨ ᠳᠤ ᠬᠡᠷᠡᠭᠯᠡᠭᠴᠢᠳ ᠤᠨ ᠡᠷᠭᠡ ᠠᠰᠢᠭ ᠢ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ᠂ ᠬᠤᠳᠠᠯ ᠬᠠᠭᠤᠷᠮᠠᠭ ᠮᠠᠭᠤ ᠪᠦᠳᠦᠭᠡᠭᠳᠡᠬᠦᠨ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠠᠵᠢᠯ ᠤᠨ ᠬᠤᠪᠢᠶᠠᠷᠢᠯᠠᠯ ᠢᠶᠠᠷ ᠪᠠᠶᠢᠴᠠᠭᠠᠨ  ᠰᠢᠢᠳᠪᠦᠷᠢᠯᠡᠵᠦ᠂ ᠬᠡᠷᠡᠭᠯᠡᠭᠴᠢᠳ ᠤᠨ ᠠᠰᠠᠭᠤᠨ ᠯᠠᠪᠯᠠᠬᠤ᠂ ᠭᠤᠮᠤᠳᠠᠯ ᠲᠤᠭᠠᠴᠢᠬᠤ᠂ ᠢᠯᠡᠴᠢᠯᠡᠨ ᠮᠡᠳᠡᠬᠦᠯᠬᠦ ᠶᠢ ᠬᠦᠯᠢᠶᠡᠨ ᠠᠪᠬᠤ ᠪᠠ ᠰᠢᠢᠳᠪᠦᠷᠢᠯᠡᠬᠦ ᠵᠢᠴᠢ ᠨᠧᠲ ᠰᠦᠯᠵᠢᠶᠡᠨ ᠤ ᠲᠤᠭᠲᠠᠯᠴᠠᠭ᠎ᠠ ᠶᠢᠨ ᠪᠠᠶᠢᠭᠤᠯᠤᠯᠳᠠ ᠵᠡᠷᠭᠡ ᠠᠵᠢᠯ ᠢ ᠵᠢᠯᠤᠭᠤᠳᠴᠤ᠂ ᠡᠵᠡᠩᠨᠡᠭᠴᠢᠳ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃        ᠲᠠᠪᠤ᠂ ᠬᠠᠤᠯᠢ ᠠᠴᠠ ᠵᠦᠷᠢᠴᠡᠵᠤ ᠰᠢᠭᠤᠳ ᠪᠤᠷᠤᠯᠠᠭᠤᠯᠬᠤ ᠪᠠ ᠲᠠᠮᠵᠢᠭᠤᠯᠤᠨ ᠪᠤᠷᠤᠯᠠᠭᠤᠯᠬᠤ ᠭᠡᠷᠡᠭ ᠢ ᠪᠠᠶᠢᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠡᠬᠦᠷᠭᠡᠯᠡᠵᠤ᠂ ᠰᠢᠭᠤᠳ ᠪᠤᠷᠤᠯᠠᠭᠤᠯᠬᠤ ᠠᠵᠤ ᠠᠬᠤᠶᠢᠯᠠᠯ᠂ ᠰᠢᠭᠤᠳ ᠪᠤᠷᠤᠯᠠᠭᠤᠯᠤᠭᠴᠢ ᠵᠢᠴᠢ ᠰᠢᠭᠤᠳ ᠪᠤᠷᠤᠯᠠᠭᠤᠯᠬᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠳᠠ ᠲᠠᠯᠪᠢᠵᠤ ᠬᠠᠮᠢᠶᠠᠷᠤᠨ᠎ᠠ᠃        ᠵᠢᠷᠭᠤᠭ᠎ᠠ᠂ ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠨᠠᠶᠢᠳᠠᠯᠭ᠎ᠠ ᠶᠢ ᠦᠨᠳᠦᠰᠦᠯᠡᠨ᠂ ᠭᠠᠭᠴᠠᠭᠠᠷ ᠡᠵᠡᠮᠰᠢᠯ ᠤᠨ ᠬᠡᠯᠡᠯᠴᠡᠭᠡᠷ ᠬᠢᠬᠦ᠂ ᠵᠠᠬ᠎ᠠ ᠲᠡᠯᠭᠡᠬᠦᠷ ᠢ ᠵᠠᠬᠢᠷᠬᠤ ᠪᠠᠶᠢᠷᠢ ᠰᠠᠭᠤᠷᠢ ᠶᠢ ᠲᠤᠷ᠎ᠠ ᠪᠠᠷ ᠢᠶᠠᠨ ᠡᠵᠡᠯᠡᠬᠦ᠂ ᠵᠠᠰᠠᠭ ᠵᠠᠬᠢᠷᠭᠠᠨ ᠤ ᠡᠷᠭᠡ ᠶᠢ ᠲᠤᠷ᠎ᠠ ᠪᠠᠷ ᠬᠡᠷᠡᠭᠯᠡᠵᠤ ᠦᠷᠢᠰᠦᠯᠳᠦᠭᠴᠢ ᠲᠠᠯ᠎ᠠ ᠶᠢ ᠠᠷᠢᠯᠭᠠᠬᠤ ᠪᠤᠶᠤ ᠬᠢᠵᠠᠭᠠᠷᠯᠠᠬᠤ ᠲᠠᠯ᠎ᠠ ᠪᠠᠷ ᠭᠠᠭᠴᠠᠭᠠᠷ ᠡᠵᠡᠮᠰᠢᠯ ᠢ ᠡᠰᠡᠷᠬᠦᠴᠡᠬᠦ ᠬᠠᠤᠯᠢ ᠬᠡᠷᠡᠭᠵᠢᠬᠦᠯᠬᠦ ᠠᠵᠢᠯ ᠢ ᠬᠠᠷᠢᠭᠤᠴᠠᠨ᠎ᠠ ︵ᠦᠨ᠎ᠡ ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠠᠴᠠ ᠪᠤᠰᠤᠳ︶︔ ᠭᠠᠭᠴᠠᠭᠠᠷ ᠡᠵᠡᠮᠰᠢᠬᠦ᠂ ᠶᠤᠰᠤ ᠪᠤᠰᠤ ᠪᠠᠷ ᠦᠷᠢᠰᠦᠯᠳᠦᠬᠦ᠂ ᠬᠤᠳᠠᠯᠳᠤᠭᠠᠨ ᠤ ᠬᠡᠬᠡᠯᠢ ᠬᠠᠭ᠋ᠤᠤᠯᠢ ᠲᠦᠯᠬᠢᠬᠦ᠂ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠪᠤᠶᠤ ᠪᠤᠰᠤᠳ ᠬᠠᠤᠯᠢ ᠶᠤᠰᠤᠨ ᠤ ᠭᠠᠭᠴᠠᠭᠠᠷ ᠡᠵᠡᠮᠰᠢᠬᠦ ᠪᠠᠶᠢᠷᠢ ᠪᠠᠶᠢᠬᠤ ᠡᠵᠡᠩᠨᠡᠭᠴᠢᠳ ᠤᠨ ᠦᠷᠢᠰᠦᠯᠳᠦᠬᠦ ᠠᠵᠢᠯᠯᠠᠭ᠎ᠠ ᠶᠢ ᠬᠢᠵᠠᠭᠠᠷᠯᠠᠬᠤ ᠵᠢᠴᠢ ᠭᠤᠶᠠᠴᠢᠯᠠᠨ ᠫᠠᠨᠽᠠᠯᠠᠬᠤ ᠵᠡᠷᠭᠡ ᠠᠵᠤ ᠠᠬᠤᠢ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃        ᠲᠤᠯᠤᠭ᠎ᠠ᠂ ᠵᠠᠭᠤᠴᠢᠯᠠᠭᠴᠢ᠂ ᠵᠠᠭᠤᠴᠢᠯᠠᠬᠤ ᠪᠠᠶᠢᠭᠤᠯᠤᠮᠵᠢ ᠵᠢᠴᠢ ᠵᠠᠭᠤᠴᠢᠯᠠᠬᠤ ᠠᠵᠢᠯᠯᠠᠭ᠎ᠠ ᠳᠤ ᠬᠠᠤᠯᠢ ᠶᠤᠰᠤᠭᠠᠷ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃        ᠨᠠᠢᠮᠠ᠂ ᠬᠡᠷ᠎ᠡ ᠶᠢᠨ ᠵᠠᠰᠠᠭ ᠵᠠᠬᠢᠷᠭᠠᠨ ᠤ ᠬᠢᠨᠠᠯᠳᠠ ᠬᠠᠮᠢᠶᠠᠷᠤᠯᠳᠠ ᠶᠢ ᠬᠠᠤᠯᠢ ᠶᠤᠰᠤᠭᠠᠷ ᠬᠡᠷᠡᠭᠵᠢᠭᠦᠯᠵᠦ᠂ ᠬᠦᠳᠡᠯᠤᠩᠬᠦᠢ ᠬᠦᠷᠦᠩᠭᠡ ᠶᠢᠨ ᠪᠠᠷᠢᠴᠠᠭᠠᠯᠠᠬᠤ ᠡᠳ᠋ ᠢ ᠲᠠᠩᠰᠠᠯᠠᠬᠤ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠦᠨ᠎ᠡ ᠬᠠᠶᠠᠨ ᠬᠤᠳᠠᠯᠳᠤᠬᠤ ᠠᠵᠢᠯᠯᠠᠭ᠎ᠠ ᠶᠢ ᠬᠢᠨᠠᠨ ᠬᠠᠮᠢᠶᠠᠷᠴᠤ᠂ ᠭᠡᠷ᠎ᠡ ᠪᠠᠷ ᠬᠢᠬᠠᠨ ᠮᠡᠭᠡᠯᠡᠬᠦ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃        ᠶᠢᠰᠦ᠂ ᠲᠤᠰ ᠭᠠᠵᠠᠷ ᠤᠷᠤᠨ ᠤ ᠵᠠᠷ ᠮᠡᠳᠡᠭᠡᠨ ᠤ ᠠᠵᠢᠯᠯᠠᠭ᠎ᠠ ᠳᠤ ᠬᠢᠨᠠᠯᠳᠠ ᠲᠠᠯᠪᠢᠨ ᠬᠠᠮᠢᠶᠠᠷᠬᠤ ᠠᠵᠢᠯ ᠢ ᠬᠠᠷᠢᠭᠤᠴᠠᠨ᠎ᠠ᠃        ᠠᠷᠪᠠ᠂ ᠲᠤᠰ ᠭᠠᠵᠠᠷ ᠤᠷᠤᠨ ᠤ ᠲᠠᠸᠠᠷ ᠤᠨ ᠲᠡᠮᠳᠡᠭ ᠳᠠᠷᠤᠮᠠᠯᠯᠠᠬᠤ ᠨᠢᠭᠡᠴᠡ ᠳᠤ ᠬᠢᠨᠠᠯᠲᠠ ᠲᠠᠯᠪᠢᠨ ᠬᠠᠮᠢᠶᠠᠷᠬᠤ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠭᠡ ᠶᠢ ᠬᠠᠤᠯᠢ ᠶᠤᠰᠤᠭᠠᠷ ᠬᠠᠮᠠᠭᠠᠯᠠᠬᠤ ᠪᠠ ᠲᠠᠸᠠᠷ ᠤᠨ ᠲᠡᠮᠳᠡᠭ ᠤᠨ ᠡᠷᠭᠡ ᠳᠤ ᠬᠠᠯᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠤᠨᠴᠠᠭᠠᠢ ᠲᠡᠮᠳᠡᠭ᠂ ᠠᠯᠪᠠᠨ ᠤ ᠲᠡᠮᠳᠡᠭ ᠢ ᠬᠠᠤᠯᠢ ᠶᠤᠰᠤᠭᠠᠷ ᠬᠠᠮᠠᠭᠠᠯᠠᠬᠤ ᠪᠠ ᠡᠷᠭᠡ ᠳᠤ ᠬᠠᠯᠳᠠᠭᠰᠠᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃          ᠠᠷᠪᠠᠨ ᠨᠢᠭᠡ᠂ ᠲᠤᠰ ᠭᠠᠵᠠᠷ ᠤᠷᠤᠨ ᠤ ᠡᠯ᠎ᠡ ᠲᠦᠷᠦᠯ ᠤᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ᠂ ᠲᠠᠸᠠᠷ ᠤᠨ ᠰᠤᠯᠢᠯᠴᠠᠭᠠᠨ ᠤ ᠵᠠᠬ᠎ᠠ ᠲᠡᠯᠭᠡᠬᠦᠷ ᠤᠨ ᠢᠳᠡᠭᠡᠮᠵᠢ ᠶᠢᠨ ᠲᠦᠷᠦᠯ ᠬᠤᠪᠢᠶᠠᠨ ᠬᠠᠮᠢᠶᠠᠷᠬᠤ ᠶᠢ ᠵᠤᠬᠢᠶᠠᠨ ᠪᠠᠶᠢᠭᠤᠯᠤᠨ ᠵᠢᠯᠤᠭᠤᠳᠴᠤ᠂ ᠵᠠᠬ᠎ᠠ ᠲᠡᠯᠭᠡᠬᠦᠷ ᠤᠨ ᠭᠤᠤᠯ ᠴᠤᠭᠴᠠ ᠶᠢ ᠪᠦᠷᠢᠳᠭᠡᠨ ᠲᠠᠩᠰᠠᠯᠠᠭᠰᠠᠨ ᠰᠠᠭᠤᠷᠢ ᠮᠡᠳᠡᠭᠡ ᠵᠠᠩᠬᠢ ᠶᠢ ᠰᠤᠳᠤᠯᠤᠨ  ᠵᠠᠳᠠᠯᠬᠤ ᠶᠢᠨ ᠬᠠᠮᠳᠤ ᠬᠠᠤᠯᠢ ᠶᠤᠰᠤᠭᠠᠷ ᠨᠡᠶᠢᠳᠡᠯᠡᠨ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠳᠤ ᠪᠠ ᠨᠡᠶᠢᠭᠡᠮ ᠤᠨ ᠤᠯᠠᠨ ᠲᠦᠮᠡᠨ ᠳᠤ ᠮᠡᠳᠡᠭᠡ ᠵᠠᠩᠬᠢ ᠶᠢᠨ ᠦᠢᠯᠡᠴᠢᠯᠡᠭᠡ ᠬᠠᠩᠭᠠᠨ᠎ᠠ᠃        ᠠᠷᠪᠠᠨ ᠬᠤᠶᠠᠷ᠂ ᠲᠤᠰ ᠭᠠᠵᠠᠷ ᠤᠷᠤᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ᠂ ᠬᠤᠪᠢ ᠶᠢᠨ ᠡᠵᠡᠩᠨᠠᠯᠳᠠ ᠶᠢᠨ ᠠᠵᠤ ᠠᠬᠤᠶᠢᠯᠠᠯ ᠤᠨ ᠡᠵᠡᠩᠨᠠᠯᠳᠠ ᠶᠢᠨ ᠠᠵᠢᠯᠯᠠᠭ᠎ᠠ ᠳᠤ ᠬᠢᠨᠠᠯᠳᠠ ᠲᠠᠯᠪᠢᠨ ᠬᠠᠮᠢᠶᠠᠷᠬᠤ ᠶᠢ ᠬᠠᠷᠢᠭᠤᠴᠠᠨ᠎ᠠ᠃        ᠠᠷᠪᠠᠨ ᠭᠤᠷᠪᠠ᠂ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠶᠢᠨ ᠪᠠᠶᠢᠴᠠᠭᠠᠬᠤ ᠠᠵᠢᠯ ᠢ ᠬᠠᠮᠵᠢᠨ᠎ᠠ᠃ ᠰᠢᠰᠲ᠋ᠧᠮ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠰᠢᠰᠲ᠋ᠧᠮ ᠤᠨ ᠠᠵᠢᠯᠯᠠᠭᠰᠠᠳ ᠤᠨ ᠬᠠᠤᠯᠢ ᠳᠦᠷᠢᠮ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠭᠦᠢᠴᠡᠳᠭᠡᠵᠦ᠂ ᠬᠠᠷᠢᠶ᠎ᠠ ᠪᠠᠶᠢᠭᠤᠯᠤᠮᠵᠢ ᠶᠢᠨ ᠡᠳ᠋ ᠤᠨ ᠶᠠᠪᠤᠳᠠᠯ ᠳᠤ ᠬᠢᠨᠠᠨ ᠪᠤᠳᠤᠯᠲᠠ ᠶᠠᠪᠤᠭᠳᠠᠭᠤᠯᠤᠨ᠎ᠠ᠃        ᠠᠷᠪᠠᠨ ᠲᠦᠷᠪᠡ᠂ ᠳᠡᠭᠡᠳᠦ ᠱᠠᠲᠤᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠪᠴᠢᠶ᠎ᠠ ᠪᠠ ᠲᠤᠰ ᠱᠠᠲᠤᠨ ᠤ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ ᠬᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ