ᠬᠦᠯᠦᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/10/24
       ᠨᠢᠭᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠶᠢᠨ ᠠᠵᠢᠯ ᠤᠨ ᠬᠤᠯᠪᠣᠭᠳᠠᠯ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠤᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠢ ᠬᠢᠭᠡᠳ ᠨᠡᠶᠢᠭᠡᠮ ᠤᠨ ᠬᠦᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠰᠤᠳᠤᠯᠤᠨ   ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ᠬᠤᠶᠠᠷ᠂ ᠬᠦᠯᠦᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠪᠠᠶᠢᠷᠢᠯᠠᠭᠤᠯᠤᠯᠲᠠ ᠪᠠ ᠲᠡᠷᠢᠭᠦᠨ ᠤ ᠬᠦᠷᠢᠶ᠎ᠡ ᠴᠠᠷ᠎ᠠ ᠶᠢ ᠲᠤᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠳᠤᠮᠲᠠ ᠤᠷᠲᠤ ᠬᠤᠭᠤᠴᠠᠭᠠᠨ ᠤ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ᠭᠤᠷᠪᠠ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠢᠭᠠᠨ ᠵᠢᠯᠤᠭᠤᠳᠤᠨ᠎ᠠ᠃        ᠳᠥᠷᠪᠡ᠂ ᠤᠯᠠᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠤᠷᠤᠭᠤᠯᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠦᠬᠦᠷᠵᠢᠭᠦᠯᠦᠯᠲᠡ ᠶᠢ ᠰᠢᠯᠢᠳᠡᠭᠵᠢᠭᠦᠯᠦᠨ᠎ᠡ︔ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠬᠢᠭᠡᠳ ᠲᠤᠰᠬᠠᠢ ᠵᠦᠢᠯ ᠤᠨ ᠪᠡᠯᠡ ᠮᠦᠩᠭᠦ ᠤᠯᠭᠤᠬᠤ᠂ ᠰᠢᠨᠵᠢᠯᠡᠬᠦ ᠤᠬᠠᠭᠠᠨ ᠤ ᠠᠵᠢᠯ ᠦᠢᠯᠡᠰ ᠤᠨ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠤᠨ ᠬᠤᠪᠢᠶᠠᠷᠢᠯᠠᠯᠲᠠ᠂ ᠲᠦᠰᠦᠪ ᠪᠠ ᠲᠦᠰᠦᠪ ᠤᠨ ᠭᠦᠢᠴᠡᠳᠭᠡᠯ ᠵᠢᠴᠢ ᠵᠠᠷᠤᠳᠠᠯ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ ᠰᠢᠰᠲ᠋ᠧᠮᠴᠢᠯᠠᠨ ᠬᠠᠮᠢᠶᠠᠷᠴᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠶᠢᠯᠢ ᠬᠤᠷᠢᠶᠠᠬᠤ ᠵᠡᠷᠭᠡ ᠠᠵᠤ ᠠᠬᠤᠢ ᠶᠢᠨ ᠠᠷᠭ᠎ᠠ ᠬᠡᠷᠡᠭᠯᠡᠭᠦᠷ ᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠠᠬᠢ ᠬᠤᠷᠸ᠎ᠠ ᠲᠤᠬᠢᠷᠠᠭᠤᠯᠭ᠎ᠠ ᠶᠢ ᠴᠢᠩᠭᠠᠳᠬᠠᠨ᠎ᠠ᠃        ᠲᠠᠪᠤ᠂ ᠪᠦᠬᠦ ᠬᠤᠲᠠ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠨᠡᠶᠢᠭᠡᠮ ᠤᠨ ᠬᠦᠭᠵᠢᠯᠲᠡ ᠵᠡᠷᠭᠡ ᠬᠦᠷᠢᠶ᠎ᠡ ᠴᠠᠷ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠤᠭᠤᠮᠲᠠ ᠰᠢᠪᠲᠤᠯᠬᠤ᠂ ᠦᠷ᠎ᠡ ᠪᠦᠲᠦᠮᠵᠢ ᠶᠢᠨ ᠳᠡᠯᠭᠡᠷᠡᠭᠦᠯᠦᠯᠲᠡ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠴᠢᠯᠡᠭᠰᠡᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠲᠠᠭᠠᠵᠤ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠭᠡ ᠶᠢᠨ ᠲᠦᠷᠦᠯ ᠵᠦᠢᠯ ᠮᠡᠳᠡᠭᠦᠯᠬᠦ᠂ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃        ᠵᠢᠷᠭᠤᠭ᠎ᠠ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶᠡᠴᠢ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶᠡᠴᠢ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ᠂ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ᠳᠣᠯᠤᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠠᠵᠢᠯ ᠢ ᠰᠢᠰᠲ᠋ᠧᠮᠴᠢᠯᠡᠨ ᠬᠠᠮᠢᠶᠠᠷᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠶᠢᠨ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠵᠤ᠂ ᠵᠠᠰᠠᠭ ᠤᠨ ᠤᠷᠳᠤᠨ ᠤ ᠬᠤᠭᠤᠷᠤᠨᠳᠤᠬᠢ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠭᠡᠳ ᠰᠣᠯᠢᠯᠴᠠᠭ᠎ᠠ ᠬᠢᠬᠦ ᠠᠵᠢᠯ ᠢ  ᠬᠠᠷᠢᠭᠤᠴᠠᠵᠤ᠂ ᠬᠤᠰᠢᠭᠤ ᠬᠤᠲᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠠᠵᠢᠯ ᠢ ᠵᠢᠯᠣᠭᠤᠳᠤᠨ᠎ᠠ᠃        ᠨᠠᠢᠮᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠯᠦᠨ ᠪᠤᠶᠢᠷ ᠬᠤᠲᠠ ᠶᠢᠨ ᠦᠢᠯᠡᠳᠪᠥᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠲᠠᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠬᠢ ᠪᠠᠶᠠᠯᠢᠭ ᠤᠨ ᠵᠦᠢ ᠶᠤᠰᠤᠨ ᠤ ᠲᠤᠬᠢᠷᠠᠭᠤᠯᠤᠯᠲᠠ ᠶᠢ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ  ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠤᠶᠢᠵᠢᠯᠲᠠ ᠳᠤ ᠠᠰᠢᠭᠲᠠᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠳᠤᠷᠠᠳᠤᠨ᠎ᠠ᠃        ᠶᠢᠰᠦ᠂ ᠬᠦᠯᠦᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠬᠢᠨᠠᠨ  ᠲᠤᠭᠲᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠢᠨᠠᠨ ᠲᠤᠭᠲᠠᠭᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠂ ᠮᠡᠷᠭᠡᠵᠢᠯ ᠤᠨ ᠵᠠᠬ᠎ᠠ ᠳᠡᠯᠭᠡᠭᠦᠷ ᠵᠡᠷᠭᠡ ᠠᠵᠢᠯ ᠢ ᠬᠠᠷᠢᠭᠤᠴᠠᠨ ᠬᠠᠮᠢᠶᠠᠷᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ ᠤᠨ ᠲᠦᠯᠦᠪᠵᠢᠭᠦᠯᠭᠡ ᠶᠢ ᠲᠤᠭᠲᠠᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠠᠨ ᠠᠰᠠᠭᠤᠯᠲᠠ᠂ ᠳᠠᠭᠠᠭᠠᠴᠢᠯᠠᠯᠲᠠ ᠵᠠᠷᠯᠠᠬᠤ᠂ ᠦᠨᠡᠯᠡᠨ ᠵᠢᠱᠢᠬᠦ ᠵᠡᠷᠭᠡ ᠵᠠᠭᠤᠴᠢ ᠵᠤᠬᠢᠶᠠᠨ ᠪᠠᠶᠢᠭᠤᠯᠤᠯᠲᠠ ᠶᠢᠨ ᠬᠦᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃        ᠠᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠲᠤᠭ᠎ᠠ ᠪᠦᠷᠢᠳᠭᠡᠯ ᠤᠨ ᠠᠵᠢᠯ ᠢ ᠬᠠᠷᠢᠭᠤᠴᠠᠨ᠎ᠠ︔ ᠠᠷᠠᠳ ᠤᠨ ᠡᠵᠡᠩᠨᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠨ ᠵᠢᠯᠤᠭᠤᠳᠤᠨ᠎ᠠ᠃        ᠠᠷᠪᠠᠨ ᠨᠢᠭᠡ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠤᠰᠢᠭᠤ ᠬᠤᠲᠠ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ ᠵᠤᠬᠢᠴᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠤᠷᠤᠨ ᠨᠤᠲᠤᠭ ᠪᠠ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠲᠦᠯᠬᠢᠨ ᠠᠬᠢᠭᠤᠯᠤᠨ᠎ᠠ︔ ᠪᠦᠬᠦ ᠬᠤᠲᠠ ᠶᠢᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠲᠠᠪᠲᠠᠨ ᠪᠤᠯᠪᠠᠰᠤᠷᠠᠭᠤᠯᠬᠤ ᠲᠦᠯᠦᠪᠯᠡᠭᠡ ᠶᠢ ᠳᠤᠷᠠᠳᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ᠠᠷᠪᠠᠨ ᠬᠤᠶᠠᠷ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠨᠧᠲ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ᠂ ᠰᠢᠨ᠎ᠡ ᠡᠨᠧᠷᠭᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠪᠠ ᠦᠢᠯᠡᠳᠪᠦᠷᠢᠯᠡᠯ ᠤᠨ ᠬᠦᠴᠦᠨ ᠤ ᠠᠬᠢᠭᠤᠯᠬᠤ ᠠᠵᠢᠯ ᠢ ᠬᠠᠷᠢᠭᠤᠴᠠᠨ ᠬᠠᠮᠢᠶᠠᠷᠤᠨ᠎ᠠ᠃        ᠠᠷᠪᠠᠨ ᠭᠤᠷᠪᠠ᠂ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠲᠤᠰᠬᠠᠢ ᠠᠰᠢᠭ ᠤᠨ ᠠᠵᠢᠯ ᠢ ᠬᠠᠷᠢᠭᠤᠴᠠᠨ ᠬᠠᠮᠢᠶᠠᠷᠤᠨ᠎ᠠ        ᠠᠷᠪᠠᠨ ᠳᠥᠷᠪᠡ᠂  ᠬᠤᠲᠠ ᠶᠢᠨ ᠵᠠᠰᠠᠭ ᠤᠨ ᠣᠷᠳᠣᠨ ᠤ ᠲᠤᠰᠢᠶᠠᠵᠤ ᠭᠦᠢᠴᠡᠳᠭᠡᠯᠭᠡᠬᠦ ᠪᠣᠰᠣᠳ ᠶᠠᠪᠤᠳᠠᠯ ᠤᠳ ᠢ ᠳᠠᠭᠠᠭᠠᠨ ᠬᠢᠨ᠎ᠡ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ