ᠬᠦᠯᠦᠨ ᠪᠤᠶᠢᠷ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/10/27
       ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ ᠪᠠ ᠲᠦᠷᠦ ᠶᠢᠨ ᠪᠤᠳᠤᠯᠭ᠎ᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠬᠦᠯᠦᠨ᠎ᠡ︔ ᠪᠦᠬᠦ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ᠂ ᠲᠦᠷᠦ ᠶᠢᠨ ᠪᠤᠳᠤᠯᠭ᠎ᠠ ᠰᠠᠨᠠᠯ ᠢ ᠲᠤᠭᠤᠷᠪᠢᠨ ᠳᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠬᠦ ᠪᠠ ᠬᠢᠨᠠᠨ ᠪᠠᠶᠢᠴᠠᠭᠠᠨ᠎ᠠ᠃        ᠬᠤᠶᠠᠷ᠂ ᠪᠦᠬᠦ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠲᠦᠯᠦᠪᠵᠢᠬᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠦ᠂ ᠴᠢᠳᠠᠪᠤᠷᠢᠳᠠᠨ ᠢᠶᠠᠷ ᠬᠤᠲᠠ ᠶᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠳᠡ ᠶᠢ ᠲᠦᠯᠬᠢᠨ ᠠᠬᠢᠭᠤᠯᠵᠤ᠂ ᠴᠢᠳᠠᠪᠤᠷᠢᠳᠠᠨ ᠢ ᠨᠦᠬᠡᠴᠡᠯᠡᠬᠦ ᠲᠦᠷᠢᠮ ᠢ ᠲᠡᠬᠦᠯᠳᠡᠷᠵᠢᠬᠦᠯᠦᠨ᠎ᠡ︔ ᠪᠦᠬᠦ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠬᠦᠷ ᠤᠨ ᠬᠦᠭᠵᠢᠯᠳᠡ ᠶᠢᠨ ᠲᠦᠯᠦᠪᠵᠢᠬᠦᠯᠭᠡ ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠡᠷᠬᠢᠯᠳᠡ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠨᠢᠭᠡᠳᠦᠭᠰᠡᠨ ᠵᠢᠷᠤᠮᠵᠢᠯ ᠲᠠᠢ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠬᠦᠷ ᠢ ᠪᠠᠶᠢᠭᠤᠯᠵᠤ᠂ ᠬᠦᠮᠦᠨ ᠤ ᠬᠦᠴᠦᠨ ᠤ ᠡᠬᠢ ᠪᠠᠶᠠᠯᠢᠭ ᠢ ᠵᠦᠢ ᠵᠤᠬᠢᠰᠳᠠᠢ  ᠡᠷᠭᠢᠯᠳᠦᠭᠦᠯᠬᠦ ᠪᠠ ᠪᠦᠳᠦᠮᠵᠢᠳᠠᠢ ᠲᠤᠬᠢᠷᠠᠭᠤᠯᠬᠤ ᠶᠢ ᠠᠬᠢᠭᠤᠯᠤᠨ᠎ᠠ᠃        ᠭᠤᠷᠪᠠ᠂ ᠪᠦᠬᠦ ᠬᠤᠲᠠ ᠶᠢᠨ ᠬᠤᠳᠠ ᠬᠦᠳᠡᠭᠡ ᠶᠢᠨ ᠠᠵᠢᠯ ᠤᠯᠭᠤᠬᠤ ᠬᠦᠭᠵᠢᠯᠳᠡ ᠶᠢ ᠨᠢᠭᠡᠳᠦᠯᠳᠡᠢ ᠲᠦᠯᠦᠪᠯᠡᠬᠦ ᠲᠦᠯᠦᠪᠵᠢᠬᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠦ᠂ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡ ᠶᠢᠨ ᠰᠢᠰᠲ᠋ᠧᠮ ᠢ ᠲᠡᠬᠦᠯᠳᠡᠷᠵᠢᠬᠦᠯᠦᠨ᠎ᠡ︔ ᠠᠵᠢᠯ ᠤᠯᠭᠤᠬᠤ ᠲᠤᠰᠠᠯᠠᠮᠵᠢ ᠶᠢᠨ ᠲᠦᠷᠢᠮ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠬᠤ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠵᠦ᠂ ᠬᠤᠳᠠ ᠬᠦᠳᠡᠭᠡ ᠶᠢᠨ ᠬᠦᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠤᠯᠪᠠᠰᠤᠷᠠᠭᠤᠯᠤᠯ ᠤᠨ ᠲᠦᠷᠢᠮ ᠢ ᠨᠢᠭᠡᠳᠦᠯᠳᠡᠢ ᠪᠠᠶᠢᠭᠤᠯᠤᠨ᠎ᠠ︔ ᠪᠦᠬᠦ ᠬᠤᠲᠠ ᠶᠢᠨ ᠲᠡᠭᠡᠳᠤ ᠰᠤᠷᠭᠠᠭᠤᠯᠢ ᠲᠡᠬᠦᠰᠦᠭᠰᠡᠳ ᠲᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠲᠦᠷᠦᠬᠦᠯᠡᠨ ᠲᠤᠭᠤᠷᠪᠢᠨ ᠲᠤᠭᠳᠠᠭᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ ᠲᠦᠷᠦᠯ ᠤᠨ ᠴᠢᠳᠠᠪᠤᠷᠢᠳᠠᠨ ᠢ ᠬᠦᠮᠦᠵᠢᠬᠦᠯᠬᠦ᠂ ᠲᠠᠳᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠨ᠎ᠠ᠃        ᠲᠦᠷᠪᠡ᠂ ᠬᠤᠲᠠ ᠶᠢᠨ ᠬᠤᠳᠠ ᠬᠦᠳᠡᠭᠡ ᠶᠢᠨ ᠨᠡᠶᠢᠭᠡᠮ ᠤᠨ ᠲᠠᠭᠠᠳᠬᠠᠯ ᠵᠢᠴᠢ ᠲᠡᠭᠦᠨ ᠤ ᠨᠦᠬᠦᠪᠦᠷᠢ ᠲᠠᠭᠠᠳᠬᠠᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠡ ᠶᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠪᠦᠬᠦ ᠬᠤᠲᠠ ᠶᠢᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠠᠭᠠᠳᠬᠠᠯ ᠤᠨ ᠲᠦᠷᠦ ᠶᠢᠨ ᠪᠤᠳᠤᠯᠭ᠎ᠠ ᠶᠢ ᠨᠢᠭᠡᠳᠤᠯᠳᠡᠢ ᠲᠤᠭᠤᠷᠪᠢᠨ ᠲᠤᠭᠳᠠᠭᠠᠨ᠎ᠠ︔ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠦᠬᠦ ᠬᠤᠲᠠ ᠶᠢᠨ ᠨᠡᠶᠢᠭᠡᠮ ᠤᠨ ᠲᠠᠭᠠᠳᠬᠠᠯ ᠵᠢᠴᠢ ᠲᠡᠭᠦᠨ ᠤ ᠨᠦᠬᠦᠪᠦᠷᠢ ᠲᠠᠭᠠᠳᠬᠠᠯ ᠤᠨ ᠰᠠᠭᠤᠷᠢ ᠮᠦᠩᠬᠦ ᠶᠢ ᠬᠠᠮᠢᠶᠠᠷᠬᠤ ᠪᠠ ᠬᠢᠨᠠᠯᠳᠠ ᠲᠠᠯᠪᠢᠬᠤ ᠠᠷᠭ᠎ᠠ ᠶᠢ ᠲᠤᠭᠤᠷᠪᠢᠨ ᠲᠤᠭᠳᠠᠭᠠᠨ᠎ᠠ︔ ᠪᠦᠬᠦ ᠬᠤᠲᠠ ᠶᠢᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠲᠦᠰᠦᠪ ᠪᠠ ᠲᠦᠰᠦᠪ ᠤᠨ ᠬᠦᠢᠴᠡᠳᠭᠡᠯ ᠤᠨ ᠲᠦᠰᠦᠯ ᠢ ᠨᠠᠶᠢᠷᠠᠭᠤᠯᠤᠨ ᠲᠤᠭᠳᠠᠭᠠᠨ᠎ᠠ︔ ᠪᠦᠬᠦ ᠬᠤᠲᠠ ᠶᠢᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠲᠦᠰᠦᠭᠡᠯᠡᠬᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠦᠲᠦᠯᠦᠨ ᠵᠢᠯᠤᠭᠤᠳᠬᠤ ᠶᠢ ᠬᠠᠷᠢᠭᠤᠴᠠᠵᠤ᠂ ᠠᠷᠭᠠᠴᠠᠭᠠᠬᠤ ᠲᠦᠰᠦᠯ ᠢᠶᠠᠨ ᠲᠡᠭᠦᠯᠳᠡᠷᠵᠢᠭᠦᠯᠵᠦ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢᠨ ᠶᠡᠷᠦᠩᠬᠡᠢ ᠤᠷᠤᠯᠭ᠎ᠠ ᠵᠠᠷᠤᠯᠭ᠎ᠠ ᠶᠢ ᠲᠡᠩᠴᠡᠬᠦᠷᠢ ᠲᠠᠢ ᠪᠠᠶᠢᠯᠭᠠᠨ᠎ᠠ᠃        ᠲᠠᠪᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠴᠡᠯᠢᠩ ᠤᠨ ᠣᠷᠤᠯᠭ᠎ᠠ ᠶᠢᠨ ᠬᠤᠪᠢᠶᠠᠷᠢᠯᠡᠯᠳᠡ ᠶᠢᠨ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠬᠦᠯᠬᠦ ᠰᠠᠨᠠᠯ ᠢ ᠲᠤᠭᠤᠷᠪᠢᠨ ᠲᠤᠭᠳᠠᠭᠠᠵᠦ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠡᠠ ᠤ ᠴᠡᠯᠢᠩ ᠤᠨ ᠬᠡᠪ ᠤᠨ ᠦᠰᠦᠯᠳᠡ ᠪᠠ ᠴᠠᠯᠢᠩ ᠦᠭᠬᠦ ᠪᠠᠳᠤᠯᠠᠭ᠎ᠠ ᠶᠢᠨ ᠲᠤᠭᠳᠠᠴᠠ ᠪᠠᠶᠢᠭᠤᠯᠬᠤ ᠶᠢ ᠠᠬᠢᠭᠤᠯᠤᠨ᠎ᠠ︔ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠠᠰᠠᠷᠠᠮᠵᠢ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠲᠠᠭᠠᠵᠤ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠠᠵᠢᠯ ᠠᠴᠠ ᠪᠠᠨ ᠠᠮᠠᠷᠠᠵᠤ ᠪᠠᠭᠤᠬᠤ ᠲᠤᠬᠠᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃          ᠵᠢᠷᠭᠤᠭ᠎ᠠ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠵᠢᠯᠤᠭᠤᠳᠴᠤ᠂ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠴᠢᠳ ᠤᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠰᠠᠨᠠᠯ ᠢ ᠲᠤᠭᠤᠷᠪᠢᠨ ᠲᠤᠭᠳᠠᠭᠠᠵᠦ᠂  ᠪᠦᠬᠦ ᠬᠤᠲᠠ ᠶᠢᠨ ᠲᠤᠰᠬᠠᠢ ᠮᠡᠷᠭᠡᠵᠢᠯᠳᠡᠨ ᠤ ᠬᠠᠮᠢᠶᠠᠷᠤᠯᠳᠠ ᠪᠠ ᠦᠷᠬᠦᠯᠵᠢᠯᠡᠭᠰᠡᠨ ᠬᠦᠮᠦᠵᠢᠯ ᠤᠨ ᠲᠦᠷᠦ ᠶᠢᠨ ᠪᠤᠳᠤᠯᠭ᠎ᠠ ᠶᠢ ᠰᠤᠳᠤᠯᠤᠨ ᠨᠠᠶᠢᠳᠠᠪᠤᠷᠢᠵᠢᠭᠤᠯᠵᠤ᠂ ᠮᠡᠷᠭᠡᠵᠢᠯ ᠤᠨ ᠴᠤᠯᠠ ᠶᠢᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠠᠵᠢᠯ ᠢ ᠲᠦᠷᠦᠬᠦᠯᠡᠨ ᠲᠦᠯᠬᠢᠨ ᠠᠬᠢᠭᠤᠯᠤᠨ᠎ᠠ︔ ᠦᠨᠳᠦᠷ ᠲᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠰᠤᠩᠭᠤᠬᠤ ᠪᠠ ᠬᠦᠮᠦᠵᠢᠬᠦᠯᠬᠦ ᠠᠵᠢᠯ ᠢ ᠬᠠᠷᠢᠭᠤᠴᠠᠵᠤ᠂ ᠭᠠᠳᠠᠭᠠᠳᠤ ᠤᠯᠤᠰ ︵ᠬᠢᠯᠢ︶ ᠤᠨ ᠲᠤᠰᠬᠠᠢ ᠮᠡᠷᠭᠡᠵᠢᠯᠳᠡᠨ᠂ ᠭᠠᠳᠠᠭᠠᠳᠤ ᠳᠤ ᠰᠤᠷᠤᠯᠴᠠᠭᠴᠢ ᠶᠢ ᠲᠠᠳᠠᠵᠤ ᠮᠠᠨ ᠤ ᠬᠤᠲᠠ ︵ᠬᠤᠲᠠᠨ ᠳᠠᠭᠠᠨ ᠪᠤᠴᠠᠵᠤ︶ ᠳᠤ ᠢᠷᠡᠵᠤ ᠠᠵᠢᠯᠯᠠᠭᠤᠯᠬᠤ ᠪᠤᠶᠤ ᠨᠤᠳᠤᠭᠯᠠᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠳᠠᠭᠠᠨ᠎ᠠ᠃        ᠲᠤᠯᠤᠭ᠎ᠠ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠴᠡᠷᠢᠭ ᠠᠴᠠ ᠰᠢᠯᠵᠢᠭᠰᠡᠨ ᠺᠠᠳ᠋ᠷ ᠢ ᠲᠦᠪᠬᠢᠨᠡᠬᠦᠯᠬᠦ ᠲᠦᠷᠦ ᠶᠢᠨ ᠪᠤᠳᠤᠯᠭ᠎ᠠ ᠪᠠ ᠲᠦᠯᠦᠪᠯᠡᠭᠡ ᠶᠢ ᠨᠠᠶᠢᠳᠠᠪᠤᠷᠢᠵᠢᠭᠤᠯᠤᠨ᠎ᠠ︔ ᠴᠡᠷᠢᠭ ᠠᠴᠠ ᠰᠢᠯᠵᠢᠭᠰᠡᠨ ᠺᠠᠳ᠋ᠷ ᠤᠨ ᠬᠦᠮᠦᠵᠢᠬᠦᠯᠦᠨ ᠪᠤᠯᠪᠠᠰᠤᠷᠠᠭᠤᠯᠬᠤ ᠠᠵᠢᠯ ᠢ ᠬᠠᠷᠢᠭᠤᠴᠠᠨ᠎ᠠ︔ ᠭᠡᠰᠡᠭ ᠠᠵᠤ ᠠᠬᠤᠶᠢᠯᠠᠯ ᠤᠨ ᠴᠡᠷᠢᠭ ᠠᠴᠠ ᠰᠢᠯᠵᠢᠭᠰᠡᠨ ᠺᠠᠳ᠋ᠷ ᠤᠨ ᠬᠦᠴᠢᠷᠳᠡᠯ ᠢ ᠰᠢᠢᠳᠪᠤᠷᠢᠯᠡᠨ ᠦᠭᠬᠦ ᠪᠠ ᠲᠡᠳᠡᠨ ᠢ ᠲᠤᠭᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠵᠦ᠂ ᠦᠪᠡᠷᠳᠡᠭᠡᠨ ᠠᠵᠢᠯ ᠰᠤᠩᠭᠤᠭᠰᠠᠨ ᠴᠡᠷᠢᠭ ᠠᠴᠠ ᠰᠢᠯᠵᠢᠭᠰᠡᠨ ᠺᠠᠳ᠋ᠷ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃        ᠨᠠᠢᠮᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢ ᠲᠤᠤᠱᠯᠠᠭᠤᠯᠵᠤ᠂ ᠪᠦᠬᠦ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠲᠠᠨ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠵᠤ ᠬᠠᠮᠢᠶᠠᠷᠬᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠳ ᠤᠨ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠦᠮᠦᠰ ᠢ ᠰᠢᠯᠵᠢᠬᠦᠯᠦᠨ ᠲᠤᠬᠢᠷᠠᠭᠤᠯᠬᠤ ᠤᠯᠤᠰ ᠪᠠ ᠦᠪᠡᠷᠲᠡᠭᠡᠨ ᠵᠠᠰᠠᠬᠤ ᠤᠷᠤᠨ ᠤ ᠲᠦᠷᠦ ᠶᠢᠨ ᠪᠤᠳᠤᠯᠭ᠎ᠠ ᠪᠠ ᠤᠨᠴᠠᠭᠠᠢ ᠬᠦᠮᠦᠰ ᠢ ᠲᠦᠪᠬᠢᠨᠡᠬᠦᠯᠬᠦ ᠠᠷᠭ᠎ᠠ ᠶᠢ ᠨᠠᠶᠢᠳᠠᠪᠤᠷᠢᠵᠢᠭᠤᠯᠤᠨ᠎ᠠ︔ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠤᠯᠤᠰ ᠤᠨ ᠢᠷᠠᠭᠤ ᠠᠯᠳᠠᠷ ᠤᠨ ᠲᠦᠷᠢᠮ ᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠵᠠᠰᠠᠭ ᠤᠨ ᠤᠷᠳᠤᠨ ᠤ ᠬᠦᠬᠢᠬᠦᠯᠦᠨ ᠱᠠᠩᠨᠠᠬᠤ ᠲᠦᠷᠢᠮ ᠢ ᠲᠤᠭᠤᠷᠪᠢᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃        ᠶᠢᠰᠦ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠠᠵᠢᠯ ᠤᠨ ᠲᠤᠬᠠᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠶᠡᠷᠦᠩᠭᠡᠶᠢᠯᠡᠭᠰᠡᠨ ᠴᠢᠨᠠᠷᠳᠠᠢ ᠲᠦᠷᠦ ᠶᠢᠨ ᠪᠤᠳᠤᠯᠭ᠎ᠠ ᠪᠠ ᠲᠦᠯᠦᠪᠵᠢᠭᠦᠯᠭᠡ ᠶᠢ ᠲᠤᠤᠱᠯᠠᠭᠤᠯᠣᠨ ᠨᠠᠶᠢᠳᠠᠪᠤᠷᠢᠵᠢᠭᠤᠯᠵᠤ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠲᠤᠬᠠᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷᠳᠠᠢ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃        ᠠᠷᠪᠠ᠂ ᠬᠦᠳᠡᠯᠮᠦᠷᠢ ᠠᠵᠢᠯᠳᠠᠨ ᠤ ᠶᠠᠪᠤᠳᠠᠯ ᠤᠨ ᠮᠠᠷᠭᠤᠭᠠᠨ ᠢ ᠡᠶᠡᠳᠡᠬᠦᠯᠦᠨ ᠰᠢᠢᠳᠪᠤᠷᠢᠯᠠᠬᠦ ᠬᠦᠨᠳᠡᠯᠡᠨ ᠠᠴᠠ ᠲᠠᠰᠤᠯᠬᠤ᠂ ᠬᠦᠳᠡᠯᠮᠦᠷᠢ ᠶᠢᠨ ᠬᠠᠷᠢᠴᠠᠭ᠎ᠠ ᠪᠠ ᠬᠦᠳᠡᠯᠮᠦᠷᠢ ᠶᠢᠨ ᠬᠢᠨᠠᠨ ᠪᠠᠶᠢᠴᠠᠭᠠᠬᠤ ᠵᠡᠷᠭᠡ ᠬᠠᠤᠯᠢ ᠴᠠᠭᠠᠵᠠ ᠬᠠᠤᠯᠢ ᠳᠦᠷᠢᠮ ᠢ ᠨᠢᠭᠡᠳᠦᠯᠳᠡᠢ ᠲᠤᠤᠱᠯᠠᠭᠤᠯᠤᠨ ᠬᠡᠷᠡᠭᠵᠢᠬᠦᠯᠵᠤ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠬᠤ ᠲᠤᠭᠳᠠᠴᠠ ᠶᠢ ᠲᠡᠬᠦᠯᠳᠡᠷᠵᠢᠬᠦᠯᠦᠨ᠎ᠡ︔ ᠬᠠᠤᠯᠢ ᠪᠤᠰᠤ ᠪᠠᠷ ᠬᠡᠦᠭᠡᠳ ᠠᠵᠢᠯᠴᠢᠨ ᠢ ᠬᠡᠷᠡᠭᠯᠡᠬᠦ ᠶᠢ ᠦᠭᠡᠶᠢᠰᠭᠡᠬᠦ ᠲᠦᠷᠦ ᠶᠢᠨ ᠪᠤᠳᠤᠯᠭ᠎ᠠ ᠪᠠ ᠡᠮᠡᠭᠳᠡᠢ ᠠᠵᠢᠯᠴᠢᠨ᠂ ᠨᠠᠰᠤᠨ ᠳᠤ ᠬᠦᠷᠦᠭᠡᠳᠦᠢ ᠠᠵᠢᠯᠴᠢᠨ ᠵᠡᠷᠭᠡ ᠶᠢᠨ ᠤᠨᠴᠠᠭᠠᠢ ᠬᠦᠳᠡᠯᠮᠦᠷᠢ ᠶᠢᠨ ᠬᠠᠮᠠᠭᠠᠯᠠᠯᠲᠠ ᠳᠤ ᠬᠢᠨᠠᠯᠳᠠ ᠲᠠᠯᠪᠢᠵᠤ ᠨᠠᠶᠢᠳᠠᠪᠤᠷᠢᠵᠢᠭᠤᠯᠤᠨ᠎ᠠ︔ ᠬᠦᠳᠡᠯᠮᠦᠷᠢ ᠶᠢᠨ ᠬᠢᠨᠠᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠬᠦᠳᠡᠯᠮᠤᠷᠢᠴᠢᠳ ᠤᠨ ᠡᠷᠭᠡ ᠠᠰᠢᠭ ᠢᠶᠠᠨ ᠬᠠᠮᠠᠭᠠᠯᠠᠬᠤ ᠠᠵᠢᠯ ᠢ ᠵᠤᠬᠢᠴᠠᠭᠤᠯᠵᠤ᠂ ᠬᠦᠨᠳᠤ ᠶᠡᠭᠡ ᠬᠡᠷᠡᠭ ᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃        ᠠᠷᠪᠠᠨ ᠨᠢᠭᠡ᠂ ᠭᠠᠳᠠᠭᠠᠳᠤ ᠤᠯᠤᠰ ︵ᠬᠢᠯᠢ︶ ᠤᠨ ᠴᠢᠳᠠᠪᠤᠷᠢᠳᠠᠨ ᠪᠠ ᠤᠶᠤᠨ ᠴᠢᠳᠠᠪᠤᠷᠢ ᠶᠢ ᠲᠠᠳᠠᠵᠤ ᠤᠷᠤᠭᠤᠯᠬᠤ ᠲᠤᠬᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠭᠠᠳᠠᠭᠠᠳᠤ ᠤᠯᠤᠰ ︵ᠬᠢᠯᠢ︶ ᠤᠨ ᠴᠢᠳᠠᠪᠤᠷᠢᠳᠠᠨ ᠪᠠ ᠤᠶᠤᠨ ᠴᠢᠳᠠᠪᠤᠷᠢ ᠶᠢ ᠲᠠᠳᠠᠵᠤ ᠤᠷᠤᠭᠤᠯᠬᠤ ᠠᠵᠢᠯ ᠢ ᠬᠠᠷᠢᠭᠤᠴᠠᠨ᠎ᠠ︔ ᠮᠠᠨ ᠤ ᠬᠤᠲᠠ ᠳᠤ ᠠᠵᠢᠯᠯᠠᠵᠤ ᠪᠠᠶᠢᠭ᠎ᠠ ᠭᠠᠳᠠᠭᠠᠳᠤ ᠶᠢᠨ ᠲᠤᠰᠬᠠᠢ ᠮᠡᠷᠭᠡᠵᠢᠯᠳᠡᠨ ᠢ  ᠬᠠᠮᠢᠶᠠᠷᠤᠨ᠎ᠠ︔ ᠪᠦᠬᠦ ᠬᠤᠲᠠ ᠶᠢᠨ ᠭᠠᠳᠠᠭᠠᠳᠤ ︵ᠬᠢᠯᠢ︶ ᠳᠤ ᠭᠠᠷᠴᠤ ᠪᠤᠯᠪᠠᠰᠤᠷᠠᠭᠤᠯᠬᠤ ᠠᠵᠢᠯ ᠢ ᠰᠢᠰᠲ᠋ᠧᠮᠵᠢᠬᠦᠯᠦᠨ ᠬᠠᠮᠢᠶᠠᠷᠤᠨ᠎ᠠ︔        ᠠᠷᠪᠠᠨ ᠬᠤᠶᠠᠷ᠂ ᠬᠤᠲᠠ ᠶᠢᠨ ᠵᠠᠰᠠᠭ ᠤᠨ ᠤᠷᠳᠤᠨ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠬᠡᠷᠡᠭ ᠶᠠᠪᠤᠳᠠᠯ ᠢ ᠬᠠᠷᠢᠭᠤᠴᠠᠨ ᠬᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ