ᠨᠢᠭᠡ᠂ ᠵᠢᠯᠣᠭᠤᠳᠬᠤ ᠦᠵᠡᠯ ᠰᠠᠨᠠᠭ᠎ᠠ ᠵᠢᠴᠢ ᠴᠢᠬᠤᠯᠠ ᠠᠴᠢ ᠬᠤᠯᠪᠣᠭᠳᠠᠯ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠮᠢ ᠠᠬᠤᠶ ᠶᠢᠨ | ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠬᠥᠮᠦᠨ ᠬᠢᠭᠡᠳ ᠡᠬᠡ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠦᠨᠳᠦᠰᠦᠨ ᠠᠷᠭ᠎ᠠ | ᠪᠤᠳᠤᠯᠭ᠎ᠠ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ | ᠵᠥᠪ ᠢᠶᠠᠷ ᠰᠢᠢᠳᠪᠦᠷᠢᠯᠡᠵᠦ᠂ ᠠᠮᠢ ᠠᠬᠤᠶ ᠪᠣᠯᠤᠨ ᠠᠷᠠᠳ ᠤᠨ ᠠᠮᠢᠳᠤᠷᠠᠯ ᠤᠨ ᠬᠢᠵᠠᠭᠠᠷ ᠱᠤᠭᠤᠮ ᠢ ᠪᠠᠲᠤ ᠰᠠᠬᠢᠵᠤ᠂ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢᠨ | ᠪᠡᠯᠡ ᠮᠥᠩᠭᠦ ᠶᠢᠨ ᠬᠤᠷᠠᠮᠠᠯ ᠦᠢᠯᠡᠳᠦᠯ ᠢ ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ ᠪᠠ ᠬᠤᠯᠪᠤᠭᠳᠠᠯ ᠪᠥᠬᠦᠶ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠳᠠᠷᠤᠯᠲᠠ ᠶᠢ ᠦᠨᠡᠨ ᠬᠦ ᠬᠥᠩᠭᠡᠷᠡᠭᠦᠯᠵᠦ᠂ ᠨᠤᠲᠤᠭ ᠪᠡᠯᠴᠢᠭᠡᠷ ᠤᠨ ᠰᠡᠯᠭᠦᠨ ᠥᠨᠵᠢᠯᠲᠡ ᠶᠢ | ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠵᠦ᠂ ᠲᠠᠯ᠎ᠠ ᠨᠤᠲᠤᠭ ᠤᠨ ᠮᠠᠯᠵᠢᠬᠤ ᠣᠷᠣᠨ ᠤ ᠠᠮᠢ ᠠᠬᠤᠶ᠂ ᠦᠢᠯᠡᠳᠪᠦᠷᠢᠯᠡᠯ᠂ | ᠠᠮᠢᠳᠤᠷᠠᠯ ᠤᠨ ᠵᠣᠬᠢᠴᠠᠯᠳᠤᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠬᠤᠶᠠᠷ︶ ᠴᠢᠬᠤᠯᠠ ᠠᠴᠢ ᠬᠤᠯᠪᠣᠭᠳᠠᠯ | ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠬᠥᠯᠥᠨ ᠪᠤᠶᠢᠷ ᠬᠤᠲᠠ ᠤᠯᠤᠰ ᠤᠨ ᠬᠤᠶᠠᠳᠤᠭᠠᠷ ᠡᠭᠡᠯᠵᠢ ᠶᠢᠨ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠲᠠᠯᠠᠪᠠᠶ ᠶᠢ 10358 ᠲᠦᠮᠡᠨ ᠮᠥ ᠨᠠᠶᠢᠳᠠᠪᠤᠷᠢᠵᠢᠭᠤᠯᠵᠤ᠂ ᠡᠭᠦᠨ ᠳᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠲᠠᠯᠠᠪᠠᠶ 8671 ᠲᠦᠮᠡᠨ ᠮᠥ᠂ ᠪᠡᠯᠴᠢᠭᠡᠷᠯᠡᠭᠦᠯᠬᠦ ᠶᠢ ᠵᠣᠭᠰᠤᠭᠠᠬᠤ ᠲᠠᠯᠠᠪᠠᠶ 1687 ᠲᠦᠮᠡᠨ ᠮᠥ ᠳᠤ ᠬᠦᠷᠴᠦ᠂ ᠵᠢᠯ ᠪᠦᠷᠢ ᠠᠮᠢ ᠠᠬᠤᠶ ᠶᠢᠨ ᠨᠥᠬᠦᠪᠦᠷᠢ | ᠱᠠᠩᠨᠠᠯ ᠤᠨ ᠪᠠᠯᠠ ᠮᠥᠩᠭᠦ ᠶᠢ 6.29 ᠳ᠋ᠦᠩᠰᠢᠭᠤᠷ ᠲᠥᠭᠦᠷᠢᠭ ᠲᠠᠷᠬᠠᠭᠠᠵᠤ᠂ 10 ᠬᠤᠰᠢᠭᠤ ᠬᠤᠲᠠ ᠲᠣᠭᠤᠷᠢᠭ᠂ 697 ᠭᠠᠴᠠᠭ᠎ᠠ ᠲᠣᠰᠬᠤᠨ ︵ᠲᠠᠯᠠᠪᠠᠶ︶ ᠤ | 14.2 ᠲᠦᠮᠡᠨ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ ᠨᠤᠲᠤᠭ ᠪᠡᠯᠴᠢᠭᠡᠷ ᠤᠨ ᠠᠮᠢ ᠠᠬᠤᠶ ᠢᠯᠡᠳᠲᠡ ᠰᠠᠶᠢᠵᠢᠷᠠᠵᠤ᠂ ᠮᠠᠯᠴᠢᠨ ᠲᠠᠷᠢᠶᠠᠴᠢᠨ ᠤ | ᠨᠤᠲᠤᠭ ᠪᠡᠯᠴᠢᠭᠡᠷ ᠢᠶᠠᠨ ᠬᠠᠮᠠᠭᠠᠯᠠᠬᠤ ᠤᠬᠠᠮᠰᠠᠷ ᠢᠯᠡᠳᠲᠡ ᠨᠡᠮᠡᠭᠳᠡᠵᠦ᠂ ᠠᠮᠢᠳᠤᠷᠠᠯ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠮᠠᠯᠵᠢᠬᠤ ᠲᠠᠷᠢᠶᠠᠯᠠᠬᠤ | ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢ ᠬᠠᠮᠠᠭᠠᠯᠠᠬᠤ ᠳᠤᠮᠳᠠ ᠬᠦᠭᠵᠢᠵᠦ᠂ ᠨᠤᠲᠤᠭ ᠪᠡᠯᠴᠢᠭᠡᠷ ᠤᠨ ᠰᠡᠷᠭᠦᠨ ᠰᠠᠶᠢᠵᠢᠷᠠᠬᠤ ᠴᠢᠳᠠᠪᠤᠷᠢ ᠢᠯᠡᠳᠲᠡ | ᠳᠡᠭᠡᠭᠰᠢᠯᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠡᠳᠦᠷ ᠢᠷᠡᠬᠦᠶ᠎ᠡ ᠪᠠᠶᠠᠯᠢᠭᠵᠢᠵᠤ᠂ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠴᠢᠳᠠᠪᠤᠷᠢ | ᠲᠣᠭᠲᠠᠭᠤᠨ ᠢᠶᠠᠷ ᠴᠢᠩᠭᠠᠷᠠᠪᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠤᠯᠤᠰ ᠠᠴᠠ ᠨᠤᠲᠤᠭ | ᠪᠡᠯᠴᠢᠭᠡᠷ ᠤᠨ ᠨᠥᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠭᠰᠡᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠲᠤᠭᠤᠰᠢᠯᠠᠭᠤᠯᠵᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠶᠢ ᠨᠢᠭᠡᠳᠦᠯᠲᠡᠶ ᠲᠥᠯᠥᠪᠯᠡᠬᠦ ᠶᠢᠨ ᠲᠤᠰᠠᠳᠠ | ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ︔ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠮᠠᠯᠴᠢᠨ ᠲᠠᠷᠢᠶᠠᠴᠢᠨ ᠤ ᠠᠮᠢᠳᠤᠷᠠᠯ ᠢ | ᠰᠠᠶᠢᠵᠢᠷᠠᠭᠤᠯᠬᠤ᠂ ᠲᠡᠵᠢᠭᠡᠯ ᠡᠪᠡᠰᠦᠨ ᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠯᠪᠡᠷᠢ ᠶᠢ ᠬᠤᠪᠢᠷᠠᠭᠤᠯᠬᠤ ᠪᠠ ᠦᠷᠭᠦᠯᠵᠢᠯᠡᠬᠦᠶᠢᠴᠡ ᠬᠦᠭᠵᠢᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠠᠮᠢ ᠠᠬᠤᠶ ᠶᠢᠨ ᠬᠠᠷᠢᠯᠴᠠᠨ ᠠᠬᠢᠭᠤᠯᠵᠤ ᠬᠠᠮᠲᠤᠪᠠᠷ | ᠠᠰᠢᠭ ᠭᠥᠷᠳᠡᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠯ᠎ᠡ ᠲᠥᠷᠦᠯ ᠤᠨ ᠠᠵᠢᠯ | ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ |