ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ ︵ᠳᠥᠷᠪᠡ︶
ᠨᠡᠶᠢᠲᠡᠯᠡᠭᠰᠡᠨ ᠴᠠᠭ᠄
2022/10/28
      ᠳᠥᠷᠪᠡ᠂ ᠲᠥᠷᠥ ᠶᠢᠨ ᠪᠣᠳᠣᠯᠭ᠎ᠠ ᠶᠢᠨ ᠠᠭᠤᠯᠭ᠎ᠠ ᠵᠢᠴᠢ ᠪᠠᠷᠢᠮᠵᠢᠶ᠎ᠠ       ︵ᠨᠢᠭᠡ︶ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ       1.ᠤᠯᠤᠰ ᠤᠨ ᠲᠦᠷᠦ ᠶᠢᠨ ᠪᠤᠳᠤᠯᠭ᠎ᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠶᠢ ᠭᠦᠢᠴᠡᠳᠬᠡᠭᠰᠡᠨ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠵᠢᠯᠲᠠᠳ ᠲᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠱᠠᠩᠨᠠᠯ ᠣᠯᠭᠤᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠭᠰᠠᠨ ᠨᠤᠲᠤᠭ ᠪᠡᠯᠴᠢᠭᠡᠷ ᠲᠤ᠂ ᠪᠡᠯᠴᠢᠭᠡᠷᠯᠡᠭᠦᠯᠬᠦ ᠶᠢ ᠵᠣᠭᠰᠤᠭᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ᠂ ᠪᠡᠯᠴᠢᠭᠡᠷᠯᠡᠭᠦᠯᠬᠦ ᠶᠢ ᠵᠣᠭᠰᠤᠭᠠᠬᠤ ᠱᠠᠭᠠᠷᠳᠠᠯᠭ᠎ᠠ ᠶᠢ ᠪᠡᠶᠡᠯᠡᠭᠦᠯᠦᠭᠰᠡᠨ ᠮᠠᠯᠴᠢᠨ ᠲᠠᠷᠢᠶᠠᠴᠢᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠲᠠᠯᠠᠪᠠᠶ ᠶᠢᠨ ᠠᠵᠢᠯᠲᠠᠳ ᠲᠤ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠣᠯᠭᠤᠨ᠎ᠠ᠃       2.ᠨᠥᠬᠦᠪᠦᠷᠢ ᠱᠠᠩᠨᠠᠯ ᠤᠨ ᠪᠠᠷᠢᠮᠵᠢᠶ᠎ᠠ᠃ ᠤᠯᠤᠰ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠱᠠᠩᠨᠠᠬᠤ ᠪᠠᠷᠢᠮᠵᠢᠶ᠎ᠠ ᠶᠣᠰᠣᠭᠠᠷ᠂ ᠵᠢᠯ ᠪᠦᠷᠢ ᠪᠠᠷᠢᠮᠵᠢᠶ᠎ᠠ ᠮᠥ ᠪᠦᠷᠢ ᠳᠤ 2.5 ᠲᠥᠭᠦᠷᠢᠭ ᠱᠠᠩᠨᠠᠬᠤ ᠬᠢᠨᠠᠨ ᠪᠣᠳᠤᠬᠤ ᠪᠠᠷᠢᠮᠵᠢᠶ᠎ᠠ ᠪᠠᠷ ᠰᠠᠭᠤᠷᠢ ᠲᠤᠭ᠎ᠠ ᠪᠣᠯᠭᠠᠵᠤ᠂ ᠪᠠᠷᠢᠮᠵᠢᠶ᠎ᠠ ᠮᠥ ᠶᠢ ᠠᠰᠢᠭᠯᠠᠭᠰᠠᠨ ᠢᠯᠡᠳᠬᠡᠮᠵᠢ 1.92 ᠪᠠᠶᠢᠵᠤ᠂ ᠮᠠᠨ ᠤ ᠬᠤᠲᠠ ᠶᠢᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠶᠢ ᠱᠠᠩᠨᠠᠬᠤ ᠪᠠᠷᠢᠮᠵᠢᠶ᠎ᠠ ᠶᠢ ᠵᠢᠯ ᠪᠦᠷᠢ ᠮᠥ ᠪᠦᠷᠢ ᠳᠤ 4.8 ᠲᠥᠭᠦᠷᠢᠭ ᠢᠶᠠᠷ ᠲᠣᠭᠲᠠᠭᠠᠪᠠ᠃ ᠤᠯᠤᠰ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠶᠢᠨ ᠪᠠᠷᠢᠮᠵᠢᠶ᠎ᠠ ᠶᠣᠰᠣᠭᠠᠷ᠂ ᠵᠢᠯ ᠪᠦᠷᠢ ᠪᠠᠷᠢᠮᠵᠢᠶ᠎ᠠ ᠮᠥ ᠪᠦᠷᠢ ᠳᠤ 7.5 ᠲᠥᠭᠦᠷᠢᠭ ᠨᠥᠬᠦᠪᠦᠷᠢᠯᠡᠬᠦ ᠬᠢᠨᠠᠨ ᠪᠣᠳᠤᠬᠤ ᠪᠠᠷᠢᠮᠵᠢᠶ᠎ᠠ ᠪᠠᠷ ᠰᠠᠭᠤᠷᠢ ᠲᠤᠭ᠎ᠠ ᠪᠣᠯᠭᠠᠵᠤ᠂ ᠪᠠᠷᠢᠮᠵᠢᠶ᠎ᠠ ᠮᠥ ᠶᠢ ᠠᠰᠢᠭᠯᠠᠭᠰᠠᠨ ᠢᠯᠡᠳᠬᠡᠮᠵᠢ 1.92 ᠪᠠᠶᠢᠵᠤ᠂ ᠮᠠᠨ ᠤ ᠬᠤᠲᠠ ᠶᠢᠨ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠥᠷᠢ ᠶᠢᠨ ᠪᠠᠷᠢᠮᠵᠢᠶ᠎ᠠ ᠶᠢ ᠵᠢᠯ ᠪᠦᠷᠢ ᠮᠥ ᠪᠦᠷᠢ ᠳᠤ 14.4 ᠲᠥᠭᠦᠷᠢᠭ ᠢᠶᠠᠷ ᠲᠣᠭᠲᠠᠭᠠᠪᠠ᠃       ᠡᠯ᠎ᠡ ᠬᠤᠰᠢᠭᠤ ᠬᠤᠲᠠ ᠲᠣᠭᠤᠷᠢᠭ ᠪᠠᠭᠤᠯᠭᠠᠭᠰᠠᠨ ᠪᠠᠯᠠ ᠮᠥᠩᠭᠦ ᠶᠢᠨ ᠲᠤᠭ᠎ᠠ ᠬᠡᠮᠵᠢᠶ᠎ᠡ᠂ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠦᠷᠢᠶ᠎ᠡ ᠬᠡᠪᠴᠢᠶ᠎ᠡ ᠶᠢ ᠦᠨᠳᠦᠰᠦᠯᠡᠨ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠶ ᠱᠠᠩᠨᠠᠵᠤ ᠨᠥᠬᠦᠪᠦᠷᠢᠯᠡᠬᠦ ᠠᠷᠭ᠎ᠠ ᠪᠠ ᠪᠠᠷᠢᠮᠵᠢᠶ᠎ᠠ ᠶᠢ ᠲᠣᠭᠲᠠᠭᠠᠨ᠎ᠠ᠃ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠯᠴᠢᠭᠡᠷ ᠤᠨ ᠲᠠᠯᠠᠪᠠᠢ ᠪᠠᠷ ᠨᠡᠯᠢᠶᠡᠳ ᠪᠠᠭ᠎ᠠ ᠭᠠᠵᠠᠷ ᠣᠷᠣᠨ ᠤ ᠨᠥᠬᠦᠪᠦᠷᠢ ᠱᠠᠩᠨᠠᠯ ᠤᠨ ᠪᠠᠷᠢᠮᠵᠢᠶ᠎ᠠ ᠶᠢ ᠵᠤᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠤᠨ᠎ᠠ᠃ ᠨᠥᠬᠦᠪᠥᠷᠢ ᠶᠢᠨ ᠪᠠᠯᠠ ᠮᠥᠩᠭᠦ ᠬᠡᠲᠦ ᠥᠨᠳᠥᠷ ︽ᠪᠠᠶᠠᠨ ᠡᠷᠦᠬᠡ ᠪᠣᠰᠬᠠᠬᠤ︾ ᠪᠠ ᠨᠥᠬᠦᠪᠥᠷᠢ ᠬᠡᠲᠦ ᠳᠣᠤᠷ᠎ᠠ ᠪᠤᠯᠤᠭᠰᠠᠨ ᠠᠴᠠ ᠪᠣᠯᠵᠣ ᠮᠠᠯᠴᠢᠨ ᠲᠠᠷᠢᠶᠠᠴᠢᠨ ᠤ ᠠᠮᠢᠳᠤᠷᠠᠯ ᠢ ᠨᠥᠯᠥᠭᠡᠯᠡᠬᠦ ᠦᠵᠡᠭᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ︽ᠳᠡᠭᠡᠳᠦ ᠶᠢ ᠬᠢᠵᠠᠭᠠᠷᠯᠠᠨ ᠰᠠᠭᠤᠷᠢ ᠶᠢ ᠪᠠᠲᠤᠯᠠᠬᠤ︾ ᠠᠷᠭ᠎ᠠ ᠬᠡᠮᠵᠢᠶ᠎ᠡ ᠠᠪᠴᠤ᠂ ᠮᠠᠯᠴᠢᠨ ᠲᠠᠷᠢᠶᠠᠴᠢᠳ ᠤᠨ ᠲᠡᠩᠴᠡᠭᠦᠷᠢᠲᠡᠶ ᠠᠰᠢᠭ ᠬᠦᠷᠲᠡᠭᠡᠬᠦ ᠶᠢ ᠪᠡᠶᠡᠯᠡᠭᠦᠯᠦᠨ᠎ᠡ᠃ ᠳᠡᠭᠡᠳᠦ ᠬᠢᠵᠠᠭᠠᠷ ᠤᠨ ᠪᠠᠷᠢᠮᠵᠢᠶ᠎ᠠ ᠶᠢ ᠲᠣᠰ ᠭᠠᠵᠠᠷ ᠣᠷᠣᠨ ᠤ ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠪᠠᠷ ᠯᠠᠪᠯᠠᠯᠲᠠ ᠪᠣᠯᠭᠠᠨ ᠬᠢᠵᠠᠭᠠᠷᠯᠠᠵᠤ ᠪᠣᠯᠤᠨ᠎ᠠ︔ ᠡᠭᠦᠨ ᠤ ᠬᠠᠮᠲᠤ ᠪᠠᠰᠠ ᠲᠣᠰ ᠭᠠᠵᠠᠷ ᠣᠷᠣᠨ ᠤ ᠡᠳ᠋ ᠤᠨ ᠬᠦᠴᠦᠨ ᠢ ᠦᠨᠳᠦᠰᠦᠯᠡᠨ᠂ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ ᠵᠣᠭᠰᠤᠭᠠᠬᠤ ᠡᠷᠦᠬᠡ ᠶᠢᠨ ᠰᠠᠭᠤᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠠᠭᠤᠷᠢ ᠶᠢ ᠪᠠᠲᠤᠯᠠᠬᠤ ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯ ᠤᠨ ᠱᠤᠭᠤᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠭᠥᠷᠳᠡᠬᠦ ᠲᠥᠷᠥ ᠶᠢᠨ ᠪᠣᠳᠣᠯᠭ᠎ᠠ ᠶᠢᠨ ᠠᠰᠢᠭ ᠣᠯᠵᠠᠪᠤᠷᠢ ᠶᠢ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠨ᠎ᠠ᠃ ᠪᠠᠷᠢᠮᠵᠢᠶ᠎ᠠ ᠪᠠ ᠠᠷᠭ᠎ᠠ ᠶᠢ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠢ ᠵᠣᠬᠢᠰᠲᠠᠶ ᠪᠠᠷ ᠲᠣᠭᠲᠠᠭᠠᠨ᠎ᠠ᠃       ︵ᠬᠤᠶᠠᠷ︶ ᠬᠠᠪᠤᠷ ᠤᠨ ᠤᠯᠠᠷᠢᠯ ᠳᠤ ᠪᠡᠯᠴᠢᠭᠡᠷ ᠢ ᠰᠡᠷᠭᠦᠭᠡᠬᠦ       1. ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ ᠲᠣᠭᠲᠠᠭᠠᠨ᠎ᠠ᠃ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠤ ᠪᠡᠯᠴᠢᠭᠡᠷ ᠢ ᠰᠡᠷᠭᠦᠭᠡᠨ᠎ᠡ᠃ ᠡᠯ᠎ᠡ ᠬᠤᠰᠢᠭᠤ ᠬᠤᠲᠠ ᠲᠣᠭᠤᠷᠢᠭ ᠨᠢ ᠠᠳᠠᠯᠢ ᠪᠤᠰᠤ ᠠᠭᠤᠷ ᠠᠮᠢᠰᠬᠤᠯ ᠤᠨ ᠨᠥᠬᠦᠴᠡᠯ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠲᠥᠷᠥᠯ ᠬᠡᠯᠪᠡᠷᠢ᠂ ᠦᠢᠯᠡᠳᠪᠦᠷᠢᠯᠡᠯ ᠤᠨ ᠬᠡᠷᠡᠭᠴᠡᠭᠡ ᠶᠢ ᠦᠨᠳᠦᠰᠦᠯᠡᠨ᠂ ᠪᠡᠯᠴᠢᠭᠡᠷ ᠢ ᠰᠡᠷᠭᠦᠭᠡᠬᠦ ᠡᠬᠢᠯᠡᠯ ᠲᠡᠭᠦᠰᠬᠡᠯ ᠤᠨ ᠴᠠᠭ ᠢ ᠲᠣᠭᠲᠠᠭᠠᠨ᠎ᠠ᠃ ᠨᠤᠲᠤᠭ ᠪᠡᠯᠴᠢᠭᠡᠷ ᠤᠨ ᠰᠡᠯᠭᠦᠨ ᠥᠨᠵᠢᠯᠲᠡ ᠶᠢ ᠠᠬᠢᠭᠤᠯᠬᠤ ᠶᠢᠨ ᠲᠤᠰᠠᠳᠠ᠂ ᠪᠡᠯᠴᠢᠭᠡᠷ ᠢ ᠰᠡᠷᠭᠦᠭᠡᠬᠦ ᠬᠤᠭᠤᠴᠠᠭ᠎ᠠ ᠶᠢ 45 ᠡᠳᠦᠷ ᠠᠴᠠ ᠳᠤᠲᠠᠭᠤ ᠥᠬᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠡᠯᠴᠢᠭᠡᠷ ᠢ ᠰᠡᠷᠭᠦᠭᠡᠬᠦ ᠴᠠᠭ ᠢ 4 ᠰᠠᠷ᠎ᠠ ᠶᠢᠨ 10 ᠤ ᠡᠳᠦᠷ ᠠᠴᠠ ᠡᠷᠲᠡ ᠪᠠᠶᠢᠯᠭᠠᠵᠤ ᠪᠣᠯᠬᠤ ᠥᠬᠡᠶ᠃       2. ᠪᠡᠯᠴᠢᠭᠡᠷ ᠢ ᠰᠡᠷᠭᠦᠭᠡᠬᠦ ᠬᠤᠭᠤᠴᠠᠭᠠᠨ ᠤ ᠬᠠᠮᠢᠶᠠᠷᠤᠯᠲᠠ᠃ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠣᠷᠣᠨ ᠳᠤ ᠴᠥᠮ ᠪᠡᠯᠴᠢᠭᠡᠷ ᠢ ᠰᠡᠷᠭᠦᠭᠡᠬᠦ ᠲᠦᠷᠢᠮ ᠢ ᠬᠡᠷᠡᠭᠵᠢᠭᠦᠯᠵᠦ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠴᠢᠩᠭ᠎ᠠ ᠬᠤᠷᠢᠭᠯᠠᠨ᠎ᠠ᠃ ᠬᠤᠰᠢᠭᠤ ᠬᠤᠲᠠ ᠲᠣᠭᠤᠷᠢᠭ ᠵᠢᠯ ᠪᠦᠷᠢ ᠶᠢᠨ ᠠᠭᠤᠷ ᠠᠮᠢᠰᠬᠤᠯ ᠤᠨ ᠬᠦᠴᠦᠨ ᠵᠦᠢᠯ᠂ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠴᠠᠭ ᠲᠤᠬᠠᠢ ᠳᠤᠨᠢ ᠪᠡᠯᠴᠢᠭᠡᠷ ᠢ ᠰᠡᠷᠭᠦᠭᠡᠬᠦ ᠠᠯᠪᠠᠨ ᠵᠠᠷ ᠨᠡᠶᠢᠲᠡᠯᠡᠵᠦ᠂ ᠪᠡᠯᠴᠢᠭᠡᠷ ᠢ ᠰᠡᠷᠭᠦᠭᠡᠬᠦ ᠡᠬᠢᠯᠡᠯ ᠲᠡᠭᠦᠰᠬᠡᠯ ᠤᠨ ᠴᠠᠭ ᠢ ᠲᠣᠳᠣᠷᠬᠠᠶᠢᠯᠠᠬᠤ ᠶᠢᠨ ᠬᠠᠮᠲᠤ ᠢᠯᠡᠷᠬᠡᠶ ᠭᠠᠵᠠᠷ ᠲᠤ ᠬᠠᠮᠢᠶ᠎ᠠ ᠪᠥᠬᠦᠶ ᠲᠡᠮᠳᠡᠭ ᠲᠠᠯᠪᠢᠨ᠎ᠠ᠃       3. ᠨᠥᠬᠦᠪᠥᠷᠢ ᠥᠭᠬᠦ ᠪᠠᠷᠢᠮᠵᠢᠶ᠎ᠠ᠃ ᠬᠠᠪᠤᠷ ᠤᠨ ᠤᠯᠠᠷᠢᠯ ᠤᠨ ᠪᠡᠯᠴᠢᠭᠡᠷ ᠢ ᠰᠡᠷᠭᠦᠭᠡᠬᠦ ᠪᠡᠯᠴᠢᠭᠡᠷ ᠤᠨ ᠨᠥᠬᠦᠪᠥᠷᠢ ᠶᠢᠨ ᠪᠠᠯᠠ ᠮᠥᠩᠭᠦ ᠶᠢ ᠮᠥ ᠪᠦᠷᠢ ᠳᠤ 0.73 ᠲᠥᠭᠦᠷᠢᠭ ᠠᠴᠠ ᠳᠣᠤᠷ᠎ᠠ ᠥᠬᠡᠶ ᠪᠠᠶᠢᠯᠭᠠᠵᠤ᠂ ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ ᠬᠡᠷᠡᠭᠵᠢᠭᠦᠯᠦᠭᠰᠡᠨ ᠮᠠᠯᠴᠢᠨ ᠲᠠᠷᠢᠶᠠᠴᠢᠨ ᠪᠦᠬᠦᠨ ᠴᠥᠮ ᠲᠤᠰ ᠨᠥᠬᠦᠪᠥᠷᠢ ᠶᠢ ᠭᠥᠷᠳᠡᠵᠦ ᠪᠣᠯᠤᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ