ᠬᠦᠯᠦᠨ ᠪᠣᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/10/29
      ᠨᠢᠭᠡ᠂ ᠲᠠᠷᠢᠶᠠᠯᠠᠩ ᠮᠠᠯ ᠠᠵᠤ ᠠᠬᠤᠢ ᠶᠢ ᠬᠦᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠬᠦ ᠪᠠ ᠲᠠᠷᠢᠶᠠᠯᠠᠬᠤ ᠮᠠᠯᠵᠢᠬᠤ ᠤᠷᠤᠨ ᠤ ᠠᠵᠤ ᠠᠬᠤᠢ ᠶᠢᠨ ᠠᠵᠢᠯ ᠢ ᠠᠬᠢᠭᠤᠯᠬᠤ ᠲᠤᠬᠠᠢ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠣᠶᠢᠷ ᠬᠤᠲᠠ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃       ᠬᠤᠶᠠᠷ᠂ ᠪᠦᠬᠦ ᠬᠤᠲᠠ ᠶᠢᠨ ᠲᠠᠷᠢᠶᠠᠯᠠᠩ ᠮᠠᠯ ᠠᠵᠣ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠬᠦᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠤᠷᠲᠤ ᠬᠤᠭᠤᠴᠠᠭᠠᠨ ᠤ ᠬᠦᠭᠵᠢᠯᠲᠡ ᠶᠢᠨ ᠲᠦᠯᠦᠪᠵᠢᠭᠦᠯᠭᠡ ᠶᠢ ᠰᠣᠳᠣᠯᠣᠨ ᠲᠣᠭᠲᠠᠭᠠᠨ᠎ᠠ︔ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠲᠦᠷᠦ ᠶᠢᠨ ᠪᠣᠳᠤᠯᠭ᠎ᠠ ᠶᠢ ᠰᠣᠳᠣᠯᠣᠨ ᠳᠤᠷᠠᠳᠴᠤ᠂ ᠲᠠᠷᠢᠶᠠᠯᠠᠩ ᠮᠠᠯ ᠠᠵᠤ ᠠᠬᠤᠢ ᠶᠢᠨ ᠠᠵᠣ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠬᠤ ᠶᠢ ᠬᠦᠲᠦᠯᠦᠨ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠣᠰᠣᠨ ᠤ ᠭᠠᠷᠣᠯᠲᠠ ᠵᠢᠴᠢ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ᠂ ᠭᠦᠢᠯᠭᠡᠭᠡ᠂ ᠬᠦᠳᠡᠭᠡ ᠲᠣᠰᠬᠤᠨ ᠤ ᠢᠲᠡᠭᠡᠮᠵᠢᠲᠦ ᠵᠢᠭᠡᠯᠡᠯᠭᠡ᠂ ᠭᠠᠶᠢᠯᠢ ᠲᠠᠲᠠᠪᠤᠷᠢ ᠵᠢᠴᠢ ᠲᠠᠷᠢᠶᠠᠯᠠᠩ ᠮᠠᠯ ᠠᠵᠤ ᠠᠬᠤᠢ ᠶᠢᠨ ᠡᠳ᠋ ᠤᠨ ᠵᠠᠰᠠᠭ ᠤᠨ ᠨᠦᠬᠦᠪᠦᠷᠢ ᠵᠡᠷᠭᠡ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠰᠠᠨᠠᠯ ᠵᠦᠪᠯᠡᠯᠭᠡ ᠶᠢ ᠳᠤᠷᠠᠳᠤᠨ᠎ᠠ᠃       ᠭᠤᠷᠪᠠ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ ᠢ ᠰᠣᠳᠣᠯᠣᠨ ᠳᠤᠷᠠᠳᠴᠤ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠮᠵᠢ ᠶᠢᠨ ᠪᠠᠶᠢᠭᠤᠯᠤᠯᠲᠠ ᠪᠠ ᠦᠨᠳᠦᠰᠦᠨ ᠱᠠᠲᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠠᠵᠢᠯ ᠲᠦᠷᠦᠯ ᠤᠨ ᠨᠡᠶᠢᠭᠡᠮᠯᠢᠭ᠂ ᠵᠠᠭᠤᠴᠢ ᠶᠢᠨ ᠵᠣᠬᠢᠶᠠᠨ ᠪᠠᠶᠢᠭᠤᠯᠤᠯᠲᠠ᠂ ᠵᠠᠭᠤᠴᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠣᠨ᠎ᠠ︔ ᠲᠠᠷᠢᠶᠠᠴᠢᠨ ᠮᠠᠯᠴᠢᠳ ᠤᠨ ᠳᠠᠷᠤᠭᠠᠰᠤ ᠶᠢ ᠬᠦᠩᠭᠡᠯᠡᠬᠦ ᠪᠠ ᠲᠠᠷᠢᠶᠠᠨ ᠭᠠᠵᠠᠷ᠂ ᠨᠤᠲᠤᠭ ᠪᠡᠯᠴᠢᠭᠡᠷ᠂ ᠤᠰᠤᠨ ᠤ ᠴᠠᠷᠠᠭ᠎ᠠ ᠶᠢᠨ ᠬᠡᠷᠡᠭᠯᠡᠬᠦ ᠡᠷᠬᠡ ᠶᠢ ᠳᠠᠭᠠᠭᠠᠴᠢᠯᠠᠬᠤ᠂ ᠰᠢᠯᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃       ᠳᠥᠷᠪᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠣᠰᠤᠨ ᠤ ᠭᠠᠷᠤᠯᠲᠠ ᠶᠢᠨ ᠵᠠᠬ᠎ᠠ ᠳᠡᠯᠭᠡᠭᠦᠷ ᠤᠨ ᠲᠣᠭᠲᠠᠮᠵᠢ ᠶᠢᠨ ᠪᠠᠶᠢᠭᠤᠯᠤᠯᠲᠠ ᠪᠠ ᠬᠦᠭᠵᠢᠯᠲᠡ ᠶᠢᠨ ᠲᠦᠯᠦᠪᠵᠢᠭᠦᠯᠭᠡ ᠶᠢ ᠰᠣᠳᠣᠯᠣᠨ  ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠤᠨ ᠠᠵᠤ ᠦᠢᠯᠡᠰᠴᠢᠯᠡᠯᠲᠡ ᠶᠢᠨ ᠠᠬᠢᠴᠠ ᠶᠢ ᠲᠦᠷᠭᠡᠳᠬᠡᠨ᠎ᠡ︔ ᠲᠠᠷᠢᠶᠠᠯᠠᠩ ᠮᠠᠯ ᠠᠵᠤ ᠠᠬᠤᠢ ᠤᠨ ᠠᠵᠤ ᠦᠢᠯᠡᠰ᠂ ᠪᠦᠲᠦᠭᠡᠭᠳᠡᠬᠦᠨ ᠵᠢᠴᠢ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ ᠵᠡᠷᠭᠡ ᠠᠵᠤ ᠠᠬᠤᠢ ᠶᠢᠨ ᠮᠡᠳᠡᠭᠡ ᠵᠠᠩᠭᠢ ᠶᠢ ᠲᠦᠰᠦᠭᠡᠯᠡᠬᠦ ᠶᠢᠨ ᠬᠠᠮᠲᠤ ᠨᠡᠶᠢᠲᠡᠯᠡᠨ᠎ᠡ᠃       ᠲᠠᠪᠤ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠣᠷᠣᠨ ᠬᠤᠪᠢᠶᠠᠷᠢᠯᠠᠯ᠂ ᠠᠮᠢ ᠠᠬᠤᠢ ᠶᠢᠨ ᠲᠠᠷᠢᠶᠠᠯᠠᠩ ᠮᠠᠯ ᠠᠵᠣ ᠠᠬᠤᠢ ᠪᠠ ᠲᠠᠷᠢᠶᠠᠯᠠᠩ ᠮᠠᠯ ᠠᠵᠣ ᠠᠬᠤᠢ ᠶᠢᠨ ᠦᠷᠬᠦᠯᠵᠢᠯᠡᠬᠦᠶᠢᠴᠡ ᠬᠦᠭᠵᠢᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠠᠷᠢᠶᠠᠨ ᠳᠤ ᠬᠡᠷᠡᠭᠯᠡᠬᠦ ᠭᠠᠵᠠᠷ᠂ ᠨᠤᠲᠤᠭ ᠪᠡᠯᠴᠢᠭᠡᠷ᠂ ᠣᠰᠣᠨ ᠤ ᠴᠠᠷᠠᠭ᠎ᠠ᠂ ᠬᠦᠳᠡᠭᠡ ᠲᠣᠰᠬᠤᠨ ᠮᠠᠯᠵᠢᠬᠤ ᠣᠷᠣᠨ ᠤ ᠳᠠᠬᠢᠨ ᠡᠭᠦᠰᠬᠦ ᠡᠨᠧᠷᠬᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠤᠳᠠᠰ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠣᠨ᠎ᠠ︔ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠡᠰᠡᠷᠭᠦᠴᠡᠬᠦ ᠠᠵᠢᠯ ᠢ ᠬᠠᠷᠢᠭᠤᠴᠠᠨ᠎ᠠ︔ ᠤᠰᠤᠨ ᠤ ᠴᠠᠷᠠᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠵᠢᠭᠠᠰᠤᠨ ᠤ ᠦᠢᠯᠡᠰ᠂ ᠵᠢᠭᠠᠰᠣᠨ ᠭᠠᠷᠠᠮ ᠳᠤ ᠬᠢᠨᠠᠨ ᠬᠠᠮᠢᠶᠠᠷᠣᠯᠲᠠ ᠬᠢᠬᠦ ᠡᠷᠬᠡ ᠶᠢ ᠬᠡᠷᠡᠭᠵᠢᠭᠦᠯᠦᠨ᠎ᠡ᠃       ᠵᠢᠷᠭᠤᠭ᠎ᠠ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠰᠣᠳᠣᠯᠭᠠᠨ᠂ ᠤᠬᠠᠭᠤᠯᠭ᠎ᠠ ᠬᠦᠮᠦᠵᠢᠯ᠂ ᠮᠡᠷᠭᠡᠵᠢᠯ ᠳᠡᠯᠭᠡᠷᠡᠭᠦᠯᠬᠦ ᠲᠦᠯᠦᠪᠵᠢᠭᠦᠯᠭᠡ ᠪᠠ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ ᠶᠢ ᠲᠣᠭᠲᠠᠭᠠᠵᠤ᠂ ᠰᠢᠨᠵᠢᠯᠡᠭᠡ ᠰᠣᠳᠣᠯᠭᠠᠨ ᠪᠠ ᠮᠡᠷᠭᠡᠵᠢᠯ ᠳᠡᠯᠭᠡᠷᠡᠭᠦᠯᠬᠦ ᠲᠦᠷᠦᠯ ᠵᠦᠢᠯ ᠢ ᠰᠣᠩᠭᠤᠬᠤ ᠪᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ︔ ᠲᠠᠷᠢᠶᠠᠯᠠᠩ ᠮᠠᠯ ᠠᠵᠤ ᠠᠬᠤᠢ ᠵᠢᠭᠠᠰᠤᠨ ᠤ ᠦᠢᠯᠡᠰ ᠤᠨ ︽ᠦᠷ᠎ᠡ ᠶᠢᠨ ᠢᠨᠵᠧᠨᠧᠷᠢᠩ︾᠂ ︽ᠬᠤᠯᠢᠰᠢᠨ ᠢᠳᠡᠭᠡᠨ ᠤ ᠢᠨᠵᠧᠨᠧᠷᠢᠩ︾ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠠᠷᠢᠶᠠᠴᠢᠨ ᠮᠠᠯᠴᠢᠳ ᠤᠨ  ᠮᠡᠷᠭᠡᠵᠢᠯ ᠤᠨ ᠪᠣᠯᠪᠠᠰᠤᠷᠠᠯ᠂ ᠠᠵᠢᠯ ᠮᠡᠷᠭᠡᠵᠢᠯ ᠤᠨ ᠴᠢᠳᠠᠪᠤᠷᠢ ᠶᠢᠨ ᠨᠡᠭᠡᠭᠡᠯᠲᠡ ᠬᠢᠬᠦ ᠠᠵᠢᠯ ᠢ ᠵᠢᠯᠤᠭᠤᠳᠤᠨ᠎ᠠ᠃       ᠳᠣᠯᠤᠭ᠎ᠠ᠂ ᠨᠣᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠂ ᠵᠠᠰᠠᠯᠲᠠ᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠪᠠ ᠨᠡᠭᠡᠭᠡᠨ ᠠᠰᠢᠭᠯᠠᠯᠲᠠ ᠵᠢᠴᠢ ᠲᠠᠯ᠎ᠠ ᠨᠤᠲᠤᠭ ᠤᠨ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠵᠤ ᠲᠠᠯ᠎ᠠ ᠨᠤᠲᠤᠭ ᠤᠨ ᠭᠠᠯ ᠤᠨ ᠰᠡᠷᠭᠡᠶᠢᠯᠡᠬᠦ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠭᠠᠯ ᠢ ᠰᠡᠷᠭᠡᠶᠢᠯᠡᠬᠦ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠡᠳ᠋ ᠪᠤᠳᠠᠰ ᠨᠦᠬᠡᠴᠡᠯᠡᠬᠦ ᠠᠵᠢᠯ ᠢ ᠬᠠᠷᠢᠭᠤᠴᠠᠨ᠎ᠠ᠃       ᠨᠠᠢᠮᠠ᠂ ᠲᠠᠷᠢᠮᠠᠯ᠂ ᠦᠷ᠎ᠡ ᠶᠢᠨ ᠮᠠᠯ ᠵᠢᠭᠦᠷᠲᠡᠨ ᠤᠰᠤᠨ ᠤ ᠭᠠᠷᠤᠯᠲᠠ ᠶᠢᠨ ᠰᠠᠶᠢᠨ ᠡᠭᠦᠯᠳᠡᠷ᠂ ᠡᠪᠡᠰᠦᠨ ᠤ ᠦᠷ᠎ᠡ ᠪᠠ ᠣᠰᠤᠨ ᠤ ᠭᠠᠷᠤᠯᠲᠠ ᠶᠢᠨ ᠨᠢᠯᠬ᠎ᠠ ᠦᠷ᠎ᠡ ᠶᠢ ᠪᠣᠶᠢᠵᠢᠭᠤᠯᠬᠤ᠂ ᠲᠠᠲᠠᠨ ᠣᠷᠣᠭᠤᠯᠬᠤ᠂ ᠭᠠᠷᠭᠠᠬᠤ ᠪᠠ ᠲᠦᠭᠡᠮᠡᠯᠵᠢᠭᠦᠯᠬᠦ ᠠᠵᠢᠯ ᠢ ᠲᠦᠯᠦᠪᠵᠢᠭᠦᠯᠬᠦ ᠪᠠ ᠬᠢᠨᠠᠨ ᠬᠠᠮᠢᠶᠠᠷᠬᠤ ᠢ ᠬᠠᠷᠢᠭᠤᠴᠠᠨ᠎ᠠ︔ ᠡᠯ᠎ᠡ ᠵᠦᠢᠯ ᠤᠨ ᠰᠠᠶᠢᠨ ᠡᠭᠦᠯᠳᠡᠷ᠂ ᠨᠢᠯᠬ᠎ᠠ ᠦᠷ᠎ᠡ ᠵᠢᠴᠢ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠪᠠ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠦᠢᠯᠡᠳᠪᠦᠷᠢᠯᠡᠯ ᠡᠵᠡᠩᠨᠡᠯᠲᠡ ᠶᠢᠨ ᠬᠠᠮᠢᠶ᠎ᠠ ᠪᠦᠬᠦᠢ ᠵᠦᠪᠰᠢᠶᠡᠷᠡᠯ ᠤᠨ ᠦᠨᠡᠮᠯᠡᠯ ᠣᠯᠭᠤᠬᠤ ᠶᠢ ᠬᠢᠨᠠᠨ ᠬᠠᠷᠭᠤᠭᠤᠯᠣᠨ᠎ᠠ᠃       ᠶᠢᠰᠦ᠂ ᠲᠠᠷᠢᠶᠠᠨ ᠡᠮ᠂ ᠮᠠᠯ ᠤᠨ ᠡᠮ ᠤᠨ ᠶᠠᠪᠤᠳᠠᠯ ᠡᠮ ᠤᠨ ᠪᠠᠶᠢᠴᠠᠭᠠᠯᠲᠠ ᠪᠠ ᠮᠠᠯ ᠤᠨ ᠡᠮᠴᠢ ᠶᠢᠨ ᠡᠮᠨᠡᠯᠭᠡ ᠶᠢᠨ ᠶᠠᠪᠤᠳᠠᠯ ᠢ ᠬᠠᠷᠢᠭᠤᠴᠠᠨ᠎ᠠ︔ ᠮᠠᠯ ᠤᠨ ᠡᠮᠴᠢ᠂ ᠮᠠᠯ ᠤᠨ ᠡᠮ᠂ ᠲᠡᠵᠢᠭᠡᠯ ᠪᠣᠷᠳᠤᠭ᠎ᠠ ᠶᠢᠨ ᠠᠵᠢᠯ ᠲᠦᠷᠦᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃       ᠠᠷᠪᠠ᠂ ᠪᠦᠬᠦ ᠬᠤᠲᠠ ᠶᠢᠨ ᠲᠠᠷᠢᠶᠠᠯᠠᠩ ᠮᠠᠯ ᠠᠵᠣ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠪᠦᠲᠦᠭᠡᠭᠳᠡᠬᠦᠨ᠂ ᠬᠤᠣᠷᠳᠤᠯ ᠦᠬᠡᠢ ᠪᠦᠲᠦᠭᠡᠭᠳᠡᠬᠦᠨ᠂ ᠪᠤᠬᠢᠷᠲᠤᠯ ᠦᠬᠡᠢ ᠢᠳᠡᠭᠡᠨ ᠤ ᠴᠢᠨᠠᠷ ᠴᠢᠨᠰᠠᠭ᠎ᠠ ᠳᠤ ᠬᠢᠨᠠᠯᠲᠠ ᠲᠠᠯᠪᠢᠬᠤ᠂ ᠭᠡᠷᠡᠴᠢᠯᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠰᠢᠨ᠎ᠡ ᠲᠦᠷᠦᠯ ᠵᠦᠢᠯ ᠢ ᠬᠠᠮᠠᠭᠠᠯᠠᠬᠤ᠂ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯ ᠦᠬᠡᠢ ᠶᠢᠨ ᠬᠢᠨᠠᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠡᠪᠡᠰᠦᠨ ᠦᠷ᠎ᠡ᠂ ᠦᠷ᠎ᠡ ᠶᠢᠨ ᠮᠠᠯ ᠵᠢᠭᠦᠷᠳᠡᠨ᠂ ᠤᠰᠤᠨ ᠤ ᠭᠠᠷᠤᠯᠲᠠ᠂ ᠲᠠᠷᠢᠶᠠᠯᠠᠩ ᠤᠨ ᠮᠧᠬᠠᠨᠢᠭ ᠵᠡᠷᠭᠡ ᠲᠠᠷᠢᠶᠠᠯᠠᠩ ᠮᠠᠯ ᠠᠵᠣ ᠠᠬᠤᠢ ᠳᠤ ᠣᠷᠤᠭᠤᠯᠬᠤ ᠵᠦᠢᠯᠡᠰ ᠤᠨ ᠴᠢᠨᠠᠷ ᠴᠢᠨᠰᠠᠭ᠎ᠠ ᠶᠢ ᠬᠢᠨᠠᠨ ᠬᠡᠮᠵᠢᠬᠦ᠂ ᠬᠢᠨᠠᠨ ᠲᠣᠭᠲᠠᠭᠠᠬᠤ ᠪᠠ ᠬᠠᠥᠯᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠣᠨ᠎ᠠ︔ ᠬᠤᠲᠠ ᠶᠢᠨ ᠳᠣᠲᠣᠷ᠎ᠠ ᠦᠢᠯᠡᠳᠪᠦᠷᠢᠯᠡᠭᠰᠡᠨ ᠲᠠᠷᠢᠮᠠᠯ᠂ ᠡᠪᠡᠰᠦ᠂ ᠦᠷ᠎ᠡ᠂ ᠦᠷ᠎ᠡ ᠶᠢᠨ ᠮᠠᠯ ᠵᠢᠭᠦᠷᠲᠡᠨ᠂ ᠤᠰᠤᠨ ᠤ ᠭᠠᠷᠤᠯᠲᠠ᠂ ᠲᠠᠷᠢᠶᠠᠨ ᠡᠮ᠂ ᠮᠠᠯ ᠤᠨ ᠡᠮ᠂ ᠪᠣᠷᠳᠤᠭᠤᠷ ᠵᠡᠷᠭᠡ ᠪᠦᠲᠦᠭᠡᠭᠳᠡᠬᠦᠨ ᠢ ᠪᠦᠷᠢᠳᠬᠡᠨ ᠳᠠᠩᠰᠠᠯᠠᠬᠤ ᠦᠨᠡᠮᠯᠡᠯ ᠣᠯᠭᠤᠬᠤ ᠪᠠ ᠲᠠᠷᠢᠶᠠᠯᠠᠩ ᠮᠧᠬᠠᠨᠢᠭ ᠤᠨ ᠠᠶᠤᠯ ᠦᠬᠡᠢ ᠶᠢᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ᠎ᠠ᠃       ᠠᠷᠪᠠᠨ ᠨᠢᠭᠡ᠂ ᠪᠦᠬᠦ ᠬᠤᠲᠠ ᠶᠢᠨ ᠣᠷᠭᠤᠮᠠᠯ᠂ ᠠᠮᠢᠲᠠᠨ ᠵᠢᠴᠢ ᠲᠡᠳᠡᠭᠡᠷ ᠤᠨ ᠪᠦᠲᠦᠭᠡᠭᠳᠡᠬᠦᠨ ᠤ ᠬᠢᠵᠢᠭ ᠢ ᠰᠡᠷᠭᠡᠶᠢᠯᠡᠬᠦ᠂ ᠬᠢᠵᠢᠭ ᠤᠨ ᠪᠠᠶᠢᠴᠠᠭᠠᠯᠲᠠ ᠪᠠ ᠬᠢᠵᠢᠭ ᠤᠨ ᠪᠠᠶᠢᠳᠠᠯ ᠢ ᠨᠡᠶᠢᠲᠡᠯᠡᠬᠦ᠂ ᠠᠷᠢᠯᠭᠠᠬᠤ ᠠᠵᠢᠯ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ᠎ᠠ᠃       ᠠᠷᠪᠠᠨ ᠬᠤᠶᠠᠷ᠂ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠳᠤ ᠬᠤᠯᠪᠣᠭᠳᠠᠬᠤ ᠶᠠᠪᠤᠳᠠᠯ ᠢ ᠳᠠᠭᠠᠭᠠᠨ ᠬᠢᠨ᠎ᠡ︔ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ᠎ᠠ︔ ᠣᠯᠠᠨ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠲᠠ ᠶᠢᠨ ᠳᠣᠲᠣᠷ᠎ᠠ ᠬᠡᠷᠡᠭᠵᠢᠭᠦᠯᠦᠭᠳᠡᠬᠦ ᠬᠠᠮᠢᠶ᠎ᠠ ᠪᠦᠬᠦᠢ ᠲᠦᠷᠦᠯ ᠵᠦᠢᠯ ᠢ ᠵᠣᠬᠢᠴᠠᠭᠤᠯᠤᠨ ᠬᠠᠮᠢᠶᠠᠷᠤᠨ᠎ᠠ᠃       ᠠᠷᠪᠠᠨ ᠭᠤᠷᠪᠠ᠂ ᠲᠠᠷᠢᠶᠠᠯᠠᠩ ᠮᠠᠯᠵᠢᠯ ᠤᠨ ᠲᠠᠯᠠᠪᠠᠢ᠂ ᠦᠷ᠎ᠡ ᠶᠢᠨ ᠮᠠᠯ ᠵᠢᠭᠦᠷᠲᠡᠨ ᠤ ᠲᠠᠯᠠᠪᠠᠢ ᠪᠠ ᠤᠰᠤᠨ ᠤ ᠭᠠᠷᠤᠯᠲᠠ ᠶᠢᠨ ᠰᠠᠶᠢᠨ ᠡᠭᠦᠯᠳᠡᠷ ᠤᠨ ᠲᠠᠯᠠᠪᠠᠢ ᠶᠢᠨ ᠠᠵᠤ ᠠᠬᠤᠢ ᠪᠠ ᠬᠦᠭᠵᠢᠯᠲᠡ ᠶᠢᠨ ᠠᠵᠢᠯ ᠢ ᠵᠢᠯᠣᠭᠤᠳᠬᠤ ᠪᠠ ᠵᠣᠬᠢᠴᠠᠭᠤᠯᠤᠨ᠎ᠠ᠃       ᠠᠷᠪᠠᠨ ᠳᠥᠷᠪᠡ᠂ ᠠᠵᠤ ᠦᠢᠯᠡᠰᠴᠢᠯᠡᠭᠰᠡᠨ ᠲᠣᠯᠣᠭᠠᠶᠢᠯᠠᠭᠴᠢ ᠠᠬᠤ ᠠᠬᠤᠶᠢᠯᠠᠯ ᠳᠤ ᠬᠤᠷᠸ᠎ᠠ ᠬᠠᠮᠢᠶᠠᠷᠤᠯᠲᠠ ᠪᠠ ᠵᠢᠯᠣᠭᠤᠳᠤᠯᠭ᠎ᠠ ᠬᠡᠷᠡᠭᠵᠢᠭᠦᠯᠵᠦ᠂ ᠰᠢᠶᠠᠩ ᠪᠠᠯᠭᠠᠰᠣᠨ ᠤ ᠠᠵᠤ ᠠᠬᠤᠶᠢᠯᠠᠯ ᠢ ᠬᠦᠭᠵᠢᠭᠦᠯᠬᠦ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠦᠯᠦᠨ ᠪᠣᠶᠢᠷ ᠬᠤᠲᠠ ᠶᠢᠨ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠂ ᠬᠠᠥᠯᠢ ᠳᠦᠷᠢᠮ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠬᠤᠪᠢ ᠪᠠᠷ ᠡᠵᠡᠩᠨᠡᠭᠰᠡᠨ ᠠᠵᠤ ᠠᠬᠤᠶᠢᠯᠠᠯ ᠤᠨ ᠠᠵᠢᠯ ᠢ ᠵᠢᠯᠣᠭᠤᠳᠣᠨ᠎ᠠ᠃       ᠠᠷᠪᠠᠨ ᠲᠠᠪᠤ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠢ ᠬᠠᠮᠢᠶᠠᠷᠴᠣ ᠵᠢᠯᠣᠭᠤᠳᠣᠨ᠎ᠠ︔ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ ᠰᠢᠭᠤᠳ ᠬᠠᠷᠢᠶ᠎ᠠ ᠨᠢᠭᠡᠴᠡ ᠶᠢᠨ ᠠᠵᠢᠯᠲᠠᠨ ᠤ ᠶᠠᠪᠤᠳᠠᠯ᠂ ᠬᠦᠳᠡᠯᠮᠦᠷᠢ ᠬᠦᠯᠦᠰᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠬᠠᠮᠢᠶᠠᠷᠴᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠤ ᠦᠢᠯᠡᠰ ᠵᠡᠷᠭᠡ ᠡᠯ᠎ᠡ ᠲᠦᠷᠦᠯ ᠤᠨ ᠲᠤᠰᠬᠠᠢ ᠨᠡᠶᠢᠭᠡᠮᠯᠢᠭ ᠤᠨ ᠠᠵᠢᠯ ᠢ ᠵᠣᠬᠢᠴᠠᠭᠤᠯᠤᠨ ᠵᠢᠯᠣᠭᠤᠳᠬᠤ ᠶᠢᠨ ᠬᠠᠮᠲᠤ ᠬᠠᠮᠢᠶ᠎ᠠ ᠪᠦᠬᠦᠢ ᠨᠡᠶᠢᠭᠡᠮ ᠤᠨ ᠪᠦᠯᠬᠦᠮ ᠨᠡᠶᠢᠲᠡ ᠶᠢ ᠵᠢᠯᠣᠭᠤᠳᠴᠤ ᠲᠠᠷᠢᠶᠠᠯᠠᠩ ᠮᠠᠯ ᠠᠵᠣ ᠠᠬᠤᠢ ᠶᠢᠨ ᠬᠦᠭᠵᠢᠯᠲᠡ ᠳᠤ ᠦᠢᠯᠡᠴᠢᠯᠡᠭᠦᠯᠦᠨ᠎ᠡ᠃       ᠠᠷᠪᠠᠨ ᠵᠢᠷᠭᠤᠭ᠎ᠠ᠂ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠲᠠᠷᠢᠶᠠᠯᠠᠩ ᠮᠠᠯ ᠠᠵᠣ ᠠᠬᠤᠢ ᠶᠢᠨ ᠠᠵᠤ ᠦᠢᠯᠡᠰᠴᠢᠯᠡᠯᠳᠡ ᠶᠢ ᠠᠬᠢᠭᠤᠯᠬᠤ ᠠᠯᠪᠠᠨ ᠭᠡᠷ ᠤᠨ ᠲᠣᠰᠢᠶᠠᠨ ᠭᠦᠢᠴᠡᠳᠭᠡᠯᠭᠡᠭᠰᠡᠨ ᠪᠤᠰᠤᠳ ᠶᠠᠪᠤᠳᠠᠯ ᠢ ᠳᠠᠭᠠᠭᠠᠨ ᠬᠢᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ