ᠬᠦᠯᠦᠨ ᠪᠤᠶᠢᠷ ᠬᠤᠲᠠ ᠶᠢᠨ ᠣᠰᠣᠨ ᠠᠰᠢᠭᠯᠠᠯᠲᠠ ᠶᠢᠨ ᠲᠤᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/1
       ᠨᠢᠭᠡ᠂ ᠤᠰᠤᠨ ᠠᠰᠢᠭᠯᠠᠯᠲᠠ ᠶᠢᠨ ᠠᠵᠢᠯ ᠤᠨ ᠲᠤᠬᠠᠢ ᠤᠯᠤᠰ᠂ ᠦᠪᠡᠷᠲᠡᠭᠡᠨ ᠵᠠᠰᠠᠬᠤ ᠤᠷᠤᠨ ᠤ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠳᠦᠷᠢᠮ ᠢ ᠲᠤᠤᠱᠯᠠᠭᠤᠯᠣᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠤᠨ ᠵᠣᠬᠢᠰᠲᠠᠢ ᠨᠡᠭᠡᠭᠡᠨ ᠠᠰᠢᠭᠯᠠᠯᠲᠠ ᠶᠢ ᠪᠠᠲᠤᠯᠠᠬᠤ ᠶᠢ ᠬᠠᠷᠢᠭᠤᠴᠠᠵᠤ᠂ ᠪᠦᠬᠦ ᠬᠤᠲᠠ ᠶᠢᠨ ᠣᠰᠣᠨ ᠠᠰᠢᠭᠯᠠᠯᠲᠠ ᠶᠢᠨ ᠠᠵᠢᠯ ᠤᠨ ᠲᠤᠬᠠᠢ ᠲᠦᠷᠦ ᠶᠢᠨ ᠪᠤᠳᠤᠯᠭ᠎ᠠ᠂ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠴᠢᠬᠤᠯᠠ ᠭᠤᠣᠯ ᠮᠥᠷᠡᠨ ᠨᠠᠭᠤᠷ ᠪᠦᠷᠢᠳᠤ ᠶᠢᠨ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠪᠦᠬᠦ ᠬᠤᠲᠠ ᠶᠢᠨ ᠴᠢᠨᠠᠷᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠤᠭᠳᠠᠭᠠᠯ ᠶᠤᠰᠤᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶᠡᠵᠢᠯ ᠪᠠ ᠴᠢᠭᠯᠡᠯ ᠢ ᠳᠤᠷᠠᠳᠬᠤ ᠶᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠳᠤᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ᠬᠤᠶᠠᠷ᠂ ᠠᠮᠢᠳᠤᠷᠠᠯ᠂ ᠦᠢᠯᠡᠳᠪᠦᠷᠢᠯᠡᠯ ᠤᠨ ᠡᠵᠡᠩᠨᠡᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠤᠰᠤ ᠬᠡᠷᠡᠭᠯᠡᠬᠦ ᠶᠢ ᠬᠠᠮᠳᠤ ᠳᠤᠨᠢ ᠬᠠᠷᠠᠭᠠᠯᠵᠠᠨ ᠨᠢᠭᠡᠳᠤᠯᠲᠠᠢ ᠲᠤᠭᠳᠠᠭᠠᠬᠤ ᠪᠠ ᠪᠠᠲᠤᠯᠠᠬᠤ ᠶᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠬᠤᠲᠠ ᠶᠢᠨ ᠪᠠ ᠬᠤᠰᠢᠭᠤ ᠬᠤᠲᠠ ᠲᠤᠭᠤᠷᠢᠭ ᠠᠯᠤᠰᠯᠠᠭᠰᠠᠨ ᠤᠰᠤᠨ ᠤ ᠳᠤᠮᠳᠠ ᠤᠷᠲᠤ ᠬᠤᠭᠤᠴᠠᠭ᠎ᠠ ᠶᠢᠨ ᠬᠠᠩᠭᠠᠯᠭ᠎ᠠ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠢ ᠪᠠᠶᠢᠴᠠᠭᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠣᠰᠣᠨ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠬᠤ ᠠᠵᠢᠯ ᠢ ᠲᠤᠭᠲᠠᠭᠠᠯ ᠶᠣᠰᠣᠭᠠᠷ ᠥᠷᠨᠢᠭᠦᠯᠦᠨ᠎ᠡ︔ ᠤᠰᠤᠨ ᠤ ᠡᠬᠢ ᠪᠠᠶᠠᠯᠢᠭ᠂ ᠦᠶᠡᠷ ᠰᠡᠷᠭᠡᠶᠢᠯᠡᠬᠦ ᠨᠤᠲᠠᠯᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤ ᠲᠠᠲᠠᠬᠤ ᠵᠥᠪᠰᠢᠶᠡᠷᠡᠯ ᠤᠨ ᠳᠦᠷᠢᠮ ᠪᠠ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠨᠡᠶᠢᠲᠡᠯᠡᠨ᠎ᠡ᠃        ᠭᠤᠷᠪᠠ᠂ ᠤᠰᠤ ᠠᠷᠪᠢᠯᠠᠨ ᠬᠡᠷᠡᠭᠯᠡᠬᠦ ᠤᠯᠤᠰ ᠪᠠ ᠦᠪᠡᠷᠲᠡᠭᠡᠨ ᠵᠠᠰᠠᠬᠤ ᠤᠷᠤᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠣᠨ ᠬᠡᠷᠡᠭᠵᠢᠭᠦᠯᠵᠦ᠂ ᠤᠰᠤ ᠠᠷᠪᠢᠯᠠᠨ ᠬᠡᠷᠡᠭᠯᠡᠬᠦ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠤᠭᠲᠠᠭᠠᠵᠤ᠂ ᠤᠰᠤ ᠠᠷᠪᠢᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠰᠤ ᠠᠷᠪᠢᠯᠠᠨ ᠬᠡᠷᠡᠭᠯᠡᠬᠦ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠢ ᠵᠢᠯᠤᠭᠤᠳᠴᠤ᠂ ᠭᠠᠵᠠᠷ ᠳᠤᠤᠷᠠᠬᠢ  ᠤᠰᠤ ᠶᠢ ᠨᠡᠭᠡᠭᠡᠨ ᠠᠰᠢᠭᠯᠠᠬᠤ ᠪᠠ ᠬᠤᠲᠠ ᠶᠢᠨ ᠲᠦᠯᠦᠪᠵᠢᠭᠦᠯᠭᠡ ᠶᠢᠨ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠢ ᠵᠢᠯᠤᠭᠤᠳᠴᠤ᠂ ᠭᠤᠤᠯᠳᠠᠯᠭᠠᠲᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤ ᠠᠷᠪᠢᠯᠠᠬᠤ ᠪᠡᠯᠡᠳᠭᠡᠮᠵᠢ ᠶᠢ ᠰᠢᠯᠭᠠᠨ ᠠᠪᠬᠤ ᠳᠤ ᠤᠷᠤᠯᠴᠠᠨ᠎ᠠ᠃          ᠳᠦᠷᠪᠡ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠴᠢᠳᠠᠪᠬᠢᠲᠦ ᠤᠷᠤᠨ ᠤ ᠬᠤᠪᠢᠶᠠᠷᠢᠯᠠᠯ ᠢ ᠵᠤᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠤ ᠪᠤᠵᠠᠷ ᠪᠤᠯᠠᠢ ᠶᠢ ᠬᠠᠳᠠᠭᠠᠯᠠᠬᠤ ᠴᠢᠳᠠᠪᠤᠷᠢ ᠶᠢ ᠬᠢᠨᠠᠨ  ᠲᠤᠭᠲᠠᠭᠠᠨ᠎ᠠ︔ ᠪᠣᠬᠢᠷ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠰᠠᠨᠠᠭᠤᠯᠭ᠎ᠠ ᠲᠤᠷᠠᠳᠤᠨ᠎ᠠ︔        ᠲᠠᠪᠤ᠂ ᠪᠦᠬᠦ ᠬᠤᠲᠠ ᠶᠢᠨ ᠤᠰᠤᠨ ᠠᠰᠢᠭᠯᠠᠯᠲᠠ ᠲᠠᠢ ᠬᠤᠯᠪᠣᠭᠳᠠᠭᠰᠠᠨ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠵᠢᠯᠣᠭᠤᠳᠤᠨ᠎ᠠ︔ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠵᠤ᠂ ᠤᠰᠤᠨ ᠴᠦᠭᠦᠷᠥᠮ᠂ ᠤᠰᠤᠨ ᠴᠠᠬᠢᠯᠭᠠᠨ ᠤ ᠥᠷᠲᠡᠭᠡ ᠶᠢᠨ ᠲᠣᠮᠣ ᠬᠠᠰᠢᠯᠭ᠎ᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠬᠤᠰᠢᠭᠤ ᠬᠤᠲᠠ ᠲᠤᠭᠤᠷᠢᠭ ᠤᠨ ᠬᠤᠭᠤᠷᠤᠨᠳᠤᠬᠢ ᠤᠰᠤᠨ ᠤ ᠬᠡᠷᠡᠭ ᠶᠠᠪᠤᠳᠠᠯ ᠤᠨ ᠵᠢᠭᠤᠷᠠᠯᠳᠤᠭᠠᠨ ᠢ ᠵᠤᠬᠢᠴᠠᠭᠤᠯᠬᠤ ᠶᠢᠨ ᠬᠠᠮᠲᠤ ᠬᠦᠨᠳᠡᠯᠡᠨ ᠠᠴᠠ ᠲᠠᠰᠤᠯᠤᠨ᠎ᠠ᠃        ᠵᠢᠷᠭᠤᠭ᠎ᠠ᠂ ᠪᠦᠬᠦ ᠬᠤᠲᠠ ᠶᠢᠨ ᠲᠤᠮᠤ ᠳᠤᠮᠳᠠ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠪᠢᠴᠢᠭ ᠪᠠ ᠪᠤᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠤᠬᠢᠶᠠᠵᠤ ᠬᠢᠨᠠᠨ ᠪᠠᠶᠢᠴᠠᠭᠠᠨ᠎ᠠ︔ ᠴᠢᠬᠤᠯᠠ ᠶᠡᠭᠡ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠪᠠ ᠮᠠᠷᠭᠡᠵᠢᠯ ᠤᠨ ᠳᠡᠯᠭᠡᠷᠡᠭᠦᠯᠦᠯᠲᠡ ᠶᠢ ᠵᠤᠬᠢᠶᠠᠨ ᠪᠠᠶᠢᠭᠤᠯᠤᠨ᠎ᠠ︔ ᠤᠯᠤᠰ ᠤᠨ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠮᠡᠷᠭᠡᠵᠢᠯ ᠶᠠᠰᠤ ᠴᠢᠨᠠᠷ ᠤᠨ ᠪᠠᠷᠢᠮᠵᠢᠶ᠎ᠠ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠦᠷᠢᠮ ᠵᠢᠷᠤᠮᠵᠢᠯ ᠢ ᠬᠢᠨᠠᠨ ᠬᠡᠷᠡᠭᠵᠢᠭᠦᠯᠦᠨ᠎ᠡ︔        ᠳᠣᠯᠤᠭ᠎ᠠ᠂ ᠣᠰᠣᠨ ᠠᠰᠢᠭᠯᠠᠯᠲᠠ ᠶᠢᠨ ᠪᠡᠯᠡᠳᠬᠡᠮᠵᠢ᠂ ᠤᠷᠤᠰᠬᠠᠯ ᠤᠨ ᠤᠷᠤᠨ ᠵᠢᠴᠢ ᠡᠷᠭᠢ ᠳᠠᠭᠠᠤ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢ ᠵᠢᠯᠤᠭᠤᠳᠤᠨ᠎ᠠ︔ ᠪᠦᠬᠦ ᠬᠤᠲᠠ ᠶᠢᠨ ᠴᠢᠬᠤᠯᠠ ᠭᠤᠣᠯ ᠮᠥᠷᠡᠨ᠂ ᠨᠠᠭᠤᠷ ᠪᠦᠷᠢᠳᠤ᠂ ᠴᠥᠬᠦᠷᠥᠮ ᠵᠢᠴᠢ ᠭᠤᠣᠯ ᠤᠨ ᠠᠳᠠᠭ ᠢ ᠵᠠᠰᠠᠬᠤ ᠪᠠ ᠨᠡᠭᠡᠭᠡᠨ ᠬᠦᠭᠵᠢᠭᠦᠯᠬᠦ ᠶᠢ ᠵᠢᠯᠣᠭᠤᠳᠤᠨ᠎ᠠ︔ ᠡᠵᠡᠮᠰᠢᠯ ᠤᠨ ᠴᠢᠨᠠᠷ ᠲᠠᠢ ᠪᠠ ᠬᠤᠰᠢᠭᠤ ᠬᠤᠲᠠ ᠲᠤᠭᠤᠷᠢᠭ ᠠᠯᠤᠰᠯᠠᠭᠰᠠᠨ ᠴᠢᠬᠤᠯᠠ ᠤᠰᠤ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ  ᠶᠠᠪᠤᠭᠳᠠᠯ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠶᠠᠪᠤᠭᠳᠠᠯ ᠤᠨ ᠬᠠᠮᠢᠶᠠᠷᠤᠯᠲᠠ ᠶᠢ ᠵᠢᠯᠤᠭᠤᠳᠤᠨ᠎ᠠ︔ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ ᠠᠵᠢᠯ ᠢ ᠳᠡᠮᠵᠢᠨ ᠰᠠᠶᠢᠳᠤᠷ ᠬᠢᠨ᠎ᠡ᠃        ᠨᠠᠢᠮᠠ᠂ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠤᠭᠤᠳᠤᠨ᠎ᠠ︔ ᠲᠠᠷᠢᠶᠠᠨ ᠭᠠᠵᠠᠷ ᠬᠠᠳᠤᠯᠠᠩ ᠪᠡᠯᠴᠢᠭᠡᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ᠂ ᠤᠰᠤᠨ ᠳᠤ ᠠᠷᠪᠢᠲᠠᠢ ᠤᠰᠤᠯᠠᠯᠲᠠ ᠬᠢᠬᠦ ᠵᠡᠷᠭᠡ ᠢᠨᠵᠧᠨ᠋ᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠭᠰᠡᠨ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠦᠭᠵᠢᠭᠦᠯᠬᠦ ᠠᠵᠢᠯ ᠢ ᠲᠤᠭᠳᠠᠭᠠᠯ ᠶᠤᠰᠤᠭᠠᠷ ᠵᠢᠯᠣᠭᠤᠳᠴᠤ᠂ ᠤᠰᠤᠨ ᠴᠠᠬᠢᠯᠭᠠᠨ ᠢᠶᠠᠷ ᠬᠦᠳᠡᠭᠡ ᠲᠣᠰᠬᠤᠨ ᠢ ᠴᠠᠬᠢᠯᠭᠠᠨᠵᠢᠭᠤᠯᠬᠤ ᠪᠠ ᠵᠢᠵᠢᠭ ᠤᠰᠤᠨ ᠴᠠᠬᠢᠯᠭᠠᠨ ᠢᠶᠠᠷ ᠰᠢᠳᠠᠭᠠᠯᠭ᠎ᠠ ᠶᠢᠨ ᠬᠢ ᠶᠢ ᠤᠷᠤᠯᠠᠭᠤᠯᠬᠤ ᠠᠵᠢᠯ ᠢ ᠵᠢᠯᠣᠭᠤᠳᠤᠨ᠎ᠠ᠃        ᠶᠢᠰᠦ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠠᠵᠢᠯ ᠢ ᠵᠤᠬᠢᠶᠠᠨ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠰᠡᠷᠭᠡᠶᠢᠯᠡᠨ ᠵᠠᠰᠠᠬᠤ ᠵᠢᠴᠢ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠤᠰᠤ ᠰᠢᠷᠣᠢ ᠶᠢᠨ ᠤᠷᠤᠰᠤᠭᠳᠠᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠰᠢᠷᠣᠢ ᠶᠢᠨ ᠤᠷᠤᠰᠤᠭᠳᠠᠯ ᠢ ᠬᠢᠨᠠᠨ ᠬᠡᠮᠵᠢᠵᠦ ᠶᠢ ᠵᠣᠬᠢᠶᠠᠨ ᠪᠠᠶᠢᠭᠤᠯᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠤᠯᠠᠨ ᠳᠤ ᠵᠠᠷᠯᠠᠨ᠎ᠠ︔ ᠬᠤᠲᠠ ᠶᠢᠨ ᠲᠤᠰ ᠳᠡᠰ ᠤᠨ ᠲᠣᠭᠲᠠᠭᠠᠭᠰᠠᠨ ᠨᠡᠭᠡᠭᠡᠨ ᠬᠦᠭᠵᠢᠭᠦᠯᠵᠦ ᠪᠦᠲᠦᠭᠡᠨ ᠪᠠᠶᠢᠭᠤᠯᠬᠤ ᠲᠦᠷᠦᠯ ᠵᠦᠢᠯ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠦᠰᠦᠯ ᠢ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠨ ᠬᠡᠷᠡᠭᠵᠢᠭᠦᠯᠬᠦ ᠵᠢᠴᠢ ᠬᠥᠷᠥᠰᠥ ᠰᠢᠷᠤᠢ ᠶᠢᠨ ᠬᠠᠮᠠᠭᠠᠯᠠᠯᠲᠠ ᠶᠢᠨ ᠪᠡᠯᠡᠳᠬᠡᠮᠵᠢ ᠶᠢᠨ ᠰᠢᠯᠭᠠᠨ ᠠᠪᠬᠤ ᠠᠵᠢᠯ ᠢ ᠬᠠᠷᠢᠭᠤᠴᠠᠨ᠎ᠠ︔ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠵᠢᠯᠣᠭᠤᠳᠤᠨ᠎ᠠ᠃        ᠠᠷᠪᠠ᠂ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠵᠦ᠂ ᠣᠯᠠᠨ ᠣᠯᠣᠰ ᠤᠨ ᠭᠤᠣᠯ ᠮᠥᠷᠡᠨ ᠤ ᠭᠠᠳᠠᠭᠠᠳᠤ ᠲᠠᠢ ᠬᠤᠯᠪᠤᠭᠳᠠᠬᠤ ᠬᠠᠮᠢᠶ᠎ᠠ ᠪᠦᠬᠦᠢ ᠬᠡᠷᠡᠭ ᠶᠠᠪᠤᠳᠠᠯ ᠢ ᠡᠷᠬᠡ ᠮᠡᠳᠡᠯ ᠤᠨ ᠶᠤᠰᠤᠭᠠᠷ ᠡᠷᠬᠢᠯᠡᠨ ᠭᠦᠢᠴᠡᠳᠬᠡᠨ᠎ᠡ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃          ᠠᠷᠪᠠᠨ ᠨᠢᠭᠡ᠂ ᠤᠰᠤᠳᠤᠯ ᠭᠠᠩᠳᠠᠯ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠵᠤ᠂ ᠪᠦᠬᠦ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠵᠢᠯᠣᠭᠤᠳᠴᠤ᠂ ᠴᠢᠬᠤᠯᠠ ᠭᠤᠣᠯ ᠮᠥᠷᠡᠨ ᠨᠠᠭᠤᠷ ᠪᠦᠷᠢᠳᠤ ᠪᠠ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠳᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠣᠬᠢᠷᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠬᠡᠮᠵᠢᠶ᠎ᠡ ᠶᠢᠨ ᠲᠣᠬᠢᠷᠠᠭᠤᠯᠭ᠎ᠠ ᠶᠢ ᠬᠡᠷᠡᠭᠵᠢᠭᠦᠯᠵᠦ᠂ ᠪᠦᠬᠦ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠦᠯᠦᠨ ᠪᠤᠶᠢᠷ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃        ᠠᠷᠪᠠᠨ ᠬᠤᠶᠠᠷ᠂ ᠬᠤᠲᠠ ᠶᠢᠨ ᠵᠠᠰᠠᠭ ᠤᠨ ᠣᠷᠳᠣᠨ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ