ᠬᠦᠯᠦᠨ ᠪᠤᠶᠢᠷ ᠬᠤᠲᠠ ᠶᠢᠨ ᠲᠤᠳᠤᠭᠠᠲᠦ ᠶᠢ ᠬᠠᠮᠠᠭᠠᠯᠠᠬᠤ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/10
      ᠨᠢᠭᠡ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠲᠣᠳᠣᠭᠠᠲᠦ ᠶᠢ ᠬᠠᠮᠠᠭᠠᠯᠠᠬᠤ ᠬᠤᠯᠪᠤᠭᠳᠠᠯ ᠪᠦᠬᠦᠢ ᠠᠵᠢᠯ ᠤᠨ ᠴᠢᠭᠯᠡᠯᠳᠡ᠂ ᠲᠦᠷᠦ ᠶᠢᠨ ᠪᠣᠳᠣᠯᠭ᠎ᠠ ᠂ ᠬᠠᠤᠯᠢ ᠴᠠᠭᠠᠵᠠ᠂ ᠬᠠᠤᠯᠢ ᠲᠤᠭᠲᠠᠭᠠᠯ ᠢ ᠲᠣᠣᠱᠯᠠᠭᠤᠯᠣᠨ ᠬᠡᠷᠡᠭᠵᠢᠭᠦᠯᠵᠤ᠂ ᠪᠦᠬᠦ ᠬᠤᠲᠠ ᠶᠢᠨ ᠲᠤᠲᠤᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠬᠤ ᠪᠠ ᠵᠢᠭᠠᠨ ᠵᠢᠯᠤᠭᠤᠳᠴᠤ᠂ ᠤᠯᠤᠰ ᠪᠠ ᠦᠪᠡᠷᠲᠡᠭᠡᠨ ᠵᠠᠰᠠᠬᠤ ᠤᠷᠤᠨ ᠤ ᠲᠦᠷᠦ ᠶᠢᠨ ᠪᠣᠳᠣᠯᠭ᠎ᠠ᠂ ᠬᠠᠤᠯᠢ ᠲᠤᠭᠲᠠᠭᠠᠯ ᠢ ᠦᠨᠳᠦᠰᠦᠯᠡᠨ ᠬᠦᠯᠦᠨ ᠪᠤᠶᠢᠷ ᠬᠤᠲᠠ ᠶᠢᠨ ᠲᠤᠳᠣᠭᠠᠲᠦ ᠶᠢ ᠬᠠᠮᠠᠭᠠᠯᠠᠬᠤ ᠠᠵᠢᠯ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠲᠠᠭᠠᠬᠤ ᠶᠢᠨ ᠬᠠᠮᠲᠤ ᠡᠯ᠎ᠡ ᠱᠠᠲᠤᠨ ᠤ ᠲᠤᠳᠣᠭᠠᠲᠦ ᠶᠢ ᠬᠠᠮᠠᠭᠠᠯᠠᠬᠤ ᠪᠠᠶᠢᠭᠤᠯᠭ᠎ᠠ ᠶᠢᠨ ᠲᠤᠤᠱᠯᠠᠭᠤᠯᠣᠨ ᠨᠠᠶᠢᠳᠠᠪᠤᠷᠢᠵᠢᠭᠤᠯᠬᠤ ᠶᠢ ᠪᠠᠶᠢᠴᠠᠭᠠᠨ ᠵᠢᠯᠤᠭᠤᠳᠤᠨ᠎ᠠ᠃       ᠬᠤᠶᠠᠷ᠂ ᠪᠦᠬᠦ ᠬᠤᠲᠠ ᠶᠢᠨ ᠨᠡᠶᠢᠭᠡᠮ ᠤᠨ ᠲᠣᠭᠳᠠᠭᠤᠨ᠂ ᠣᠯᠣᠰ ᠤᠨ ᠲᠣᠳᠣᠭᠠᠲᠦ ᠶᠢᠨ ᠠᠶᠤᠯ ᠦᠭᠡᠢ ᠪᠠ ᠨᠡᠶᠢᠭᠡᠮ ᠤᠨ ᠠᠮᠦᠷ ᠲᠦᠪᠰᠢᠨ ᠢ ᠨᠦᠯᠦᠭᠡᠯᠡᠵᠦ ᠪᠠᠶᠢᠭ᠎ᠠ ᠪᠠᠶᠢᠳᠠᠯ ᠢ ᠡᠵᠡᠮᠰᠢᠨ᠂ ᠬᠡᠯᠪᠡᠷᠢ ᠶᠢ ᠵᠠᠳᠠᠯᠵᠣ᠂ ᠬᠠᠷᠢᠭᠤᠴᠠᠬᠤ ᠪᠣᠳᠣᠯᠭ᠎ᠠ ᠲᠤᠭᠳᠠᠭᠠᠨ᠎ᠠ︔ ᠴᠢᠬᠤᠯᠠ ᠶᠡᠭᠡ ᠠᠮᠤᠷ ᠲᠦᠪᠰᠢᠨ ᠤ ᠠᠳᠡᠯ ᠪᠠ ᠬᠠᠮᠲᠤᠯᠢᠭ ᠤᠨ ᠴᠢᠨᠠᠷᠲᠠᠢ ᠬᠡᠷᠡᠭ ᠢ ᠵᠤᠬᠢᠴᠠᠭᠤᠯᠵᠤ᠂ ᠰᠢᠢᠳᠪᠦᠷᠢᠯᠡᠨ᠎ᠡ︔ ᠴᠢᠬᠤᠯᠠ ᠶᠡᠭᠡ ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠠᠶᠢᠷᠢᠯᠠᠭᠤᠯᠵᠤ᠂ ᠵᠠᠬᠢᠷᠤᠨ ᠵᠢᠯᠤᠭᠤᠳᠤᠨ᠎ᠠ᠃       ᠭᠤᠷᠪᠠ᠂ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠤᠬᠢᠰᠲᠠᠢ ᠡᠭᠦᠷᠭᠡ ᠬᠠᠷᠢᠭᠤᠴᠠᠯᠭ᠎ᠠ ᠡᠭᠦᠷᠭᠡᠯᠡᠨ᠎ᠡ︔ ᠪᠦᠬᠦ ᠬᠤᠲᠠ ᠶᠢᠨ ᠲᠣᠳᠣᠭᠠᠲᠦ ᠶᠢ ᠬᠠᠮᠠᠭᠠᠯᠠᠬᠤ ᠪᠠᠶᠢᠭᠤᠯᠭ᠎ᠠ ᠠᠴᠠ ᠨᠡᠶᠢᠭᠡᠮ ᠤᠨ ᠠᠮᠦᠷ ᠲᠦᠪᠰᠢᠨ ᠤ ᠡᠮᠬᠢ ᠵᠢᠷᠦᠮ ᠢ ᠬᠦᠨᠥᠭᠡᠭᠰᠡᠨ ᠦᠢᠯᠡ ᠠᠵᠢᠯᠯᠠᠭ᠎ᠠ ᠶᠢ ᠬᠠᠣᠯᠢ ᠶᠣᠰᠣᠭᠠᠷ ᠪᠠᠶᠢᠴᠠᠭᠠᠨ ᠰᠢᠢᠳᠪᠥᠷᠢᠯᠡᠬᠦ ᠶᠢ ᠵᠢᠯᠤᠭᠤᠳᠴᠦ᠂ ᠬᠢᠨᠠᠯᠳᠠ ᠲᠠᠯᠪᠢᠵᠤ᠂ ᠪᠦᠬᠦ ᠬᠤᠲᠠ ᠶᠢᠨ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠤᠭᠤᠳᠴᠦ᠂ ᠬᠢᠨᠠᠯᠳᠠ ᠲᠠᠯᠪᠢᠨ᠎ᠠ︔ ᠬᠦᠮᠦᠨ ᠠᠮᠠ᠂  ᠡᠷᠦᠬᠡ ᠠᠮᠠ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠤᠰᠤᠭᠠᠷ ᠦᠷᠨᠢᠭᠦᠯᠬᠦ ᠶᠢ ᠬᠠᠷᠢᠭᠤᠴᠠᠨ᠎ᠠ᠃       ᠲᠦᠷᠪᠡ᠂ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠠᠩᠨᠠᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠡᠯ᠎ᠡ ᠲᠦᠷᠦᠯ ᠤᠨ ᠨᠦᠯᠦᠭᠡ ᠶᠡᠬᠡᠲᠡᠢ ᠶᠠᠯᠠᠲᠤ ᠠᠵᠢᠯᠯᠠᠭ᠎ᠠ ᠶᠢ ᠲᠠᠩᠨᠠᠨ ᠰᠢᠢᠳᠪᠦᠷᠢᠯᠡᠬᠦ ᠶᠢ ᠬᠠᠷᠢᠭᠤᠴᠠᠨ᠎ᠠ᠃       ᠲᠠᠪᠤ᠂ ᠪᠦᠬᠦ ᠬᠤᠲᠠ ᠶᠢᠨ ᠲᠤᠲᠤᠭᠠᠳᠤ ᠶᠢ ᠬᠠᠮᠠᠭᠠᠯᠠᠬᠤ ᠬᠢᠯᠢ ᠪᠠᠷ ᠭᠠᠷᠴᠤ ᠤᠷᠤᠬᠤ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠠᠵᠢᠯ ᠪᠠ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ︔ ᠳᠤᠲᠤᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢ ᠤᠳᠤᠷᠢᠳᠤᠨ ᠵᠢᠯᠤᠭᠤᠳᠤᠨ᠎ᠠ᠃       ᠵᠢᠷᠭᠤᠭ᠎ᠠ᠂ ᠪᠦᠬᠦ ᠬᠤᠲᠠ ᠶᠢᠨ ᠲᠤᠲᠤᠭᠠᠳᠤ ᠶᠢ ᠬᠠᠮᠠᠭᠠᠯᠠᠬᠤ ᠠᠵᠢᠯ ᠭᠠᠯ ᠤᠨᠲᠠᠷᠠᠭᠠᠬᠤ ᠠᠵᠢᠯ ᠢ ᠬᠠᠷᠢᠭᠤᠴᠠᠨ᠎ᠠ︔ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ ᠠᠶᠤᠯ ᠢ ᠠᠪᠤᠷᠠᠬᠤ ᠪᠠ ᠳᠤᠲᠤᠭᠠᠳᠤ ᠶᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠵᠤ ᠠᠶᠤᠯ ᠲᠦᠭᠰᠢᠭᠦᠷᠢ ᠶᠢ ᠠᠪᠤᠷᠠᠬᠤ ᠠᠵᠢᠯ ᠢ ᠵᠢᠯᠤᠭᠤᠳᠴᠤ᠂ ᠬᠢᠨᠠᠯᠲᠠ ᠲᠠᠯᠪᠢᠵᠦ᠂ ᠵᠤᠬᠢᠴᠠᠭᠤᠯᠤᠨ᠎ᠠ︔ ᠲᠤᠳᠤᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠴᠡᠷᠢᠭ ᠠᠩᠭᠢ ᠶᠢ ᠤᠳᠤᠷᠢᠳᠤᠨ ᠵᠢᠯᠤᠭᠤᠳᠤᠨ᠎ᠠ᠃       ᠳᠤᠯᠤᠭ᠎ᠠ᠂ ᠪᠦᠬᠦ ᠬᠤᠲᠠ ᠶᠢᠨ ᠵᠠᠮ ᠭᠤᠳᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠵᠤᠬᠢᠰᠲᠠᠢ ᠬᠠᠷᠢᠭᠤᠴᠠᠯᠭ᠎ᠠ ᠡᠭᠦᠷᠭᠡᠯᠡᠨ᠎ᠡ︔ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠠᠮ ᠭᠤᠳᠤᠮᠵᠢ ᠶᠢᠨ ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠭᠤᠳᠤᠮᠵᠢ ᠶᠢᠨ ᠵᠠᠮ ᠬᠠᠷᠢᠯᠴᠠᠭᠠᠨ ᠤ ᠡᠮᠬᠢ ᠲᠢᠭᠯᠢᠮ ᠢ ᠬᠠᠮᠠᠭᠠᠯᠠᠬᠤ ᠵᠢᠴᠢ ᠮᠠᠰᠢᠨ ᠲᠡᠷᠭᠡ᠂ ᠵᠢᠯᠤᠭᠤᠴᠢ ᠶᠢ ᠬᠠᠮᠢᠶᠠᠷᠬᠤ ᠠᠵᠢᠯ ᠢ ᠵᠢᠯᠤᠭᠤᠳᠴᠤ᠂ ᠬᠢᠨᠠᠯᠲᠠ ᠲᠠᠯᠪᠢᠨ᠎ᠠ᠃       ᠨᠠᠢᠮᠠ᠂ ᠪᠦᠬᠦ ᠬᠤᠲᠠ ᠶᠢᠨ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠡᠶᠢᠲᠡ ᠶᠢᠨ ᠮᠡᠳᠡᠭᠡ ᠵᠠᠩᠭᠢ ᠶᠢᠨ ᠰᠦᠯᠵᠢᠶᠡᠨ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠵᠢᠯᠤᠭᠤᠳᠤᠨ᠂ ᠬᠢᠨᠠᠯᠲᠠ ᠲᠠᠯᠪᠢᠬᠤ ᠶᠢ ᠬᠠᠷᠢᠭᠤᠴᠠᠬᠤ ᠶᠢᠨ ᠬᠠᠮᠲᠤ ᠬᠠᠤᠯᠢ ᠶᠤᠰᠤᠭᠠᠷ ᠦᠷᠨᠢᠭᠦᠯᠦᠨ᠎ᠡ᠃       ᠶᠢᠰᠦ᠂ ᠪᠦᠬᠦ ᠬᠤᠲᠠ ᠶᠢᠨ ᠭᠠᠵᠢᠭᠤ ᠨᠤᠮᠯᠠᠯ ᠤᠨ ᠵᠤᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ᠂ ᠰᠢᠢᠳᠭᠡᠬᠦ ᠶᠢ ᠬᠠᠷᠢᠭᠤᠴᠠᠨ᠎ᠠ᠃       ᠠᠷᠪᠠ᠂ ᠪᠦᠬᠦ ᠬᠤᠲᠠ ᠶᠢᠨ ᠰᠦᠷᠳᠡᠭᠦᠯᠭᠡ ᠶᠢᠨ ᠠᠵᠢᠯᠯᠠᠭ᠎ᠠ ᠶᠢᠨ ᠰᠡᠷᠭᠡᠶᠢᠯᠡᠯᠲᠡ᠂ ᠲᠠᠩᠨᠠᠨ ᠪᠠᠶᠢᠴᠠᠭᠠᠯᠲᠠ᠂ ᠴᠤᠬᠢᠯᠲᠠ ᠦᠭᠬᠦ ᠠᠵᠢᠯ ᠢ ᠵᠤᠬᠢᠶᠠᠨ ᠪᠠᠶᠢᠭᠤᠯᠵᠤ᠂ ᠵᠢᠯᠤᠭᠤᠳᠴᠤ᠂ ᠵᠤᠬᠢᠴᠠᠭᠤᠯᠤᠨ᠎ᠠ᠃       ᠠᠷᠪᠠᠨ ᠨᠢᠭᠡ᠂ ᠪᠦᠬᠦ ᠬᠤᠲᠠ ᠶᠢᠨ ᠬᠤᠤᠷᠲᠤ ᠡᠳ᠋ ᠤᠨ ᠲᠤᠬᠠᠢ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠢ ᠡᠵᠡᠮᠰᠢᠬᠦ ᠶᠢ ᠬᠠᠷᠢᠭᠤᠴᠠᠵᠤ᠂ ᠬᠤᠤᠷᠲᠤ ᠡᠳ᠋ ᠤᠨ ᠲᠤᠬᠠᠢ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ᠂ ᠴᠤᠬᠢᠯᠲᠠ ᠦᠭᠭᠦᠨ᠎ᠡ᠃       ᠠᠷᠪᠠᠨ ᠬᠤᠶᠠᠷ᠂ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠬᠠᠮᠢᠶᠠᠷᠴᠤ ᠪᠦᠬᠦᠢ ᠭᠠᠵᠠᠷ ᠤᠨ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃       ᠠᠷᠪᠠᠨ ᠭᠤᠷᠪᠠ᠂ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠣᠯᠢ ᠶᠣᠰᠣᠭᠠᠷ ᠡᠭᠦᠷᠭᠡᠯᠡᠵᠦ ᠪᠦᠬᠦᠢ ᠡᠷᠡᠭᠦᠦ ᠰᠢᠢᠳᠭᠡᠯ ᠢ ᠭᠦᠢᠴᠡᠳᠭᠡᠬᠦ ᠠᠵᠢᠯ ᠢ ᠵᠢᠯᠤᠭᠤᠳᠴᠦ᠂ ᠬᠢᠨᠠᠯᠳᠠ ᠲᠠᠯᠪᠢᠬᠤ ᠶᠢ ᠬᠠᠷᠢᠭᠤᠴᠠᠨ᠎ᠠ︔ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯ ᠢ ᠬᠠᠷᠢᠭᠤᠴᠠᠨ᠎ᠠ︔ ᠬᠤᠷᠢᠶᠠᠮᠵᠢᠯᠠᠵᠤ ᠬᠦᠮᠦᠵᠢᠭᠦᠯᠬᠦ᠂ ᠬᠦᠳᠡᠯᠮᠦᠷᠢᠯᠡᠬᠦ   ᠪᠠᠷ ᠬᠦᠮᠦᠵᠢᠭᠦᠯᠬᠦ ᠶᠢ ᠬᠢᠨᠠᠨ ᠵᠦᠪᠰᠢᠶᠡᠷᠡᠬᠦ ᠠᠵᠢᠯ ᠢ ᠵᠢᠯᠤᠭᠤᠳᠴᠤ᠂ ᠬᠢᠨᠠᠯᠲᠠ ᠲᠠᠯᠪᠢᠬᠤ ᠶᠢᠨ ᠬᠠᠮᠲᠤ ᠬᠠᠤᠯᠢ ᠶᠤᠰᠤᠭᠠᠷ ᠭᠦᠢᠴᠡᠳᠭᠡᠨ᠎ᠡ᠂ ᠬᠦᠯᠦᠨ ᠪᠤᠶᠢᠷ ᠬᠤᠲᠠ ᠶᠢᠨ ᠬᠦᠳᠡᠯᠮᠦᠷᠢᠯᠡᠬᠦ ᠪᠠᠷ ᠬᠦᠮᠦᠵᠢᠭᠦᠯᠬᠦ ᠬᠠᠮᠢᠶᠠᠷᠤᠯᠲᠠ ᠶᠢᠨ ᠵᠦᠪᠯᠡᠯ ᠤᠨ ᠬᠢᠨᠠᠨ ᠵᠦᠪᠰᠢᠶᠡᠷᠡᠭᠰᠡᠨ ᠠᠯᠪᠠᠨ ᠤ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃       ᠠᠷᠪᠠᠨ ᠳᠦᠷᠪᠡ᠂ ᠨᠠᠮ ᠪᠠ ᠤᠯᠤᠰ ᠤᠨ ᠬᠤᠯᠪᠤᠭᠳᠠᠯ ᠪᠦᠬᠦᠢ ᠤᠳᠤᠷᠢᠳᠤᠯᠭ᠎ᠠ ᠵᠢᠴᠢ ᠭᠠᠳᠠᠭᠠᠳᠤ ᠶᠢᠨ ᠴᠢᠬᠤᠯᠠ ᠵᠤᠴᠢᠳ ᠤᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠠᠵᠢᠯ ᠢ ᠬᠠᠷᠢᠭᠤᠴᠠᠨ᠎ᠠ︔ ᠳᠤᠲᠤᠭᠠᠳᠤ ᠶᠢ ᠬᠠᠮᠠᠭᠠᠯᠠᠬᠤ ᠰᠡᠷᠭᠡᠶᠢᠯᠡᠨ ᠬᠠᠮᠠᠭᠠᠯᠠᠬᠤ ᠴᠡᠷᠢᠭ ᠠᠩᠭᠢ ᠶᠢ ᠤᠳᠤᠷᠢᠳᠤᠨ ᠳᠠᠭᠠᠭᠤᠯᠤᠨ᠎ᠠ᠃       ᠠᠷᠪᠠᠨ ᠲᠠᠪᠤ᠂ ᠪᠦᠬᠦ ᠬᠤᠲᠠ ᠶᠢᠨ ᠳᠤᠳᠤᠭᠠᠳᠤ ᠶᠢ ᠬᠠᠮᠠᠭᠠᠯᠠᠬᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠪᠠ ᠮᠡᠷᠭᠡᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ  ᠵᠢᠯᠤᠭᠤᠳᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠲᠦᠯᠦᠪᠵᠢᠭᠦᠯᠬᠦ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠮᠡᠳᠡᠭᠡ ᠵᠠᠩᠭᠢ ᠴᠢᠮᠡᠭᠡ ᠨᠡᠪᠲᠡᠷᠡᠭᠦᠯᠭᠡ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ᠠᠷᠪᠠᠨ ᠵᠢᠷᠭᠤᠭ᠎ᠠ᠂ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠷᠤᠳᠠᠯ᠂ ᠵᠡᠪᠰᠡᠭ ᠲᠤᠨᠤᠭᠯᠠᠯ᠂ ᠬᠤᠪᠴᠠᠰᠤ ᠬᠤᠴᠢᠯᠭ᠎ᠠ ᠶᠢᠨ ᠲᠦᠯᠦᠪᠵᠢᠭᠦᠯᠭᠡ ᠶᠢ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠠᠭᠳᠠᠭᠠᠨ ᠤ ᠶᠠᠪᠤᠳᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ᠠᠷᠪᠠᠨ ᠳᠤᠯᠤᠭ᠎ᠠ᠂ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠪᠠ ᠳᠤᠲᠤᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ︔ ᠲᠤᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠤ ᠺᠠᠳᠠᠷ ᠢᠶᠠᠨ ᠬᠠᠮᠢᠶᠠᠷᠤᠨ᠎ᠠ︔ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠡᠩᠨᠡᠭᠡ ᠶᠢᠨ ᠴᠢᠬᠤᠯᠠ ᠶᠡᠭᠡ ᠰᠠᠬᠢᠯᠭ᠎ᠠ ᠪᠠᠲᠤ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠰᠢᠮᠳᠠᠭᠤᠯᠤᠨ ᠭᠦᠢᠴᠡᠳᠭᠡᠬᠦ ᠶᠢ ᠬᠠᠷᠢᠭᠤᠴᠠᠨ᠎ᠠ︔ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠵᠠᠭᠠᠯᠳᠤᠯᠭ᠎ᠠ ᠭᠤᠮᠤᠳᠤᠯ ᠲᠤᠭᠠᠴᠢᠭᠰᠠᠨ ᠬᠡᠷᠡᠭ ᠢ ᠬᠦᠯᠢᠶᠡᠨ ᠠᠪᠴᠤ᠂ ᠪᠠᠶᠢᠴᠠᠭᠠᠨ ᠭᠦᠢᠴᠡᠳᠭᠡᠬᠦ ᠶᠢ ᠬᠠᠷᠢᠭᠤᠴᠠᠵᠤ᠂ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠱᠠᠭᠠᠷᠳᠠᠨ ᠠᠬᠢᠭᠤᠯᠵᠤ᠂ ᠪᠠᠶᠢᠴᠠᠭᠠᠵᠤ᠂ ᠵᠢᠯᠤᠭᠤᠳᠤᠨ᠎ᠠ᠃       ᠠᠷᠪᠠᠨ ᠨᠠᠢᠮᠠ᠂ ᠠᠷᠠᠳ ᠤᠨ ᠠᠭᠠᠷ ᠤᠨ ᠲᠡᠭᠡᠭᠡᠪᠦᠷᠢ᠂ ᠤᠢ ᠰᠢᠭᠤᠢ ᠶᠢᠨ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠵᠢᠯᠤᠭᠤᠳᠤᠨ᠎ᠠ᠃       ᠠᠷᠪᠠᠨ ᠶᠢᠰᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠰᠢᠶᠠᠭᠰᠠᠨ ᠪᠣᠰᠣᠳ ᠵᠦᠢᠯ ᠤᠨ ᠠᠵᠢᠯ ᠢ ᠳᠠᠭᠠᠭᠠᠴᠢᠯᠠᠨ ᠬᠢᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ