ᠬᠦᠯᠦᠨ ᠪᠤᠶᠢᠷ ᠬᠤᠲᠠ ᠶᠢᠨ ᠠᠮᠢ ᠠᠬᠤᠢ ᠤᠷᠴᠢᠨ ᠲᠤᠭᠤᠷᠢᠨ ᠤ ᠲᠤᠪᠴᠢᠶ᠎ᠠ ᠶᠢᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/10
       ᠨᠢᠭᠡ᠂ ᠣᠯᠣᠰ᠂ ᠥᠪᠡᠷᠲᠡᠭᠡᠨ ᠵᠠᠰᠠᠬᠤ ᠣᠷᠣᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠲᠤᠬᠠᠢ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠤᠭᠲᠠᠭᠠᠯ ᠪᠠ ᠦᠨᠳᠦᠰᠦᠨ ᠳᠦᠷᠢᠮ ᠢ ᠲᠤᠤᠱᠯᠠᠭᠤᠯᠤᠨ ᠭᠦᠢᠴᠡᠳᠭᠡᠨ᠎ᠡ᠃ ᠪᠦᠬᠦ ᠬᠤᠲᠠ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠲᠤᠬᠠᠢ ᠪᠤᠳᠠᠳᠠᠢ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠦᠬᠦ ᠬᠤᠲᠠ ᠬᠢᠭᠡᠳ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠴᠢᠬᠤᠯᠠ ᠶᠡᠭᠡ ᠠᠵᠤ ᠠᠬᠤᠢ ᠶᠢᠨ ᠲᠥᠷᠥ ᠶᠢᠨ ᠪᠣᠳᠣᠯᠭ᠎ᠠ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ᠂ ᠬᠤᠯᠪᠤᠭᠳᠠᠯ ᠪᠦᠬᠦᠢ ᠲᠤᠰᠬᠠᠢ ᠲᠥᠯᠥᠪᠵᠢᠭᠦᠯᠭᠡ ᠵᠢᠴᠢ ᠭᠤᠣᠯ ᠴᠣᠭᠴᠠᠲᠤ ᠴᠢᠳᠠᠮᠵᠢᠲᠤ ᠣᠷᠣᠨ ᠤ ᠬᠤᠪᠢᠶᠠᠷᠢᠯᠠᠯ ᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃        ᠬᠤᠶᠠᠷ᠂ ᠪᠦᠬᠦ ᠬᠤᠲᠠ ᠶᠢᠨ ᠬᠦᠨᠳᠦ ᠶᠡᠭᠡ ᠣᠷᠴᠢᠨ ᠠᠬᠤᠢ ᠶᠢᠨ ᠠᠰᠠᠭᠤᠳᠠᠯ ᠢ ᠨᠢᠭᠡᠳᠦᠯᠲᠡᠢ ᠵᠣᠬᠢᠴᠠᠭᠤᠯᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠬᠦᠨᠳᠦ ᠶᠡᠭᠡ ᠣᠷᠴᠢᠨ ᠠᠬᠤᠢ ᠶᠢᠨ ᠪᠣᠬᠢᠷᠳᠣᠯ ᠤᠨ ᠠᠳᠡᠯ ᠪᠠ ᠠᠮᠢ ᠠᠬᠤᠢ ᠤᠨ ᠡᠪᠳᠡᠭᠳᠡᠯ ᠤᠨ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠴᠠᠭᠤᠯᠵᠤ᠂ ᠬᠤᠰᠢᠭᠤ ᠬᠤᠲᠠ ᠲᠤᠭᠤᠷᠢᠭ ᠤᠨ ᠣᠷᠴᠢᠨ ᠠᠬᠤᠢ ᠶᠢᠨ ᠭᠡᠨᠡᠳᠳᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠬᠤᠰᠢᠭᠤ ᠬᠤᠲᠠ ᠲᠤᠭᠤᠷᠢᠭ ᠠᠯᠤᠰᠯᠠᠭᠰᠠᠨ ᠣᠷᠴᠢᠨ ᠠᠬᠤᠢ ᠶᠢᠨ ᠪᠣᠬᠢᠷᠳᠣᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠨ᠎ᠡ︔ ᠬᠦᠯᠦᠨ ᠪᠤᠶᠢᠷ ᠬᠤᠲᠠ ᠶᠢᠨ ᠭᠤᠤᠯᠳᠠᠯᠭ᠎ᠠ ᠲᠠᠢ ᠰᠠᠪᠠ ᠭᠠᠵᠠᠷ ᠪᠠ ᠣᠷᠣᠨ ᠲᠤᠭᠤᠷᠢᠭ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠨᠠᠶᠢᠳᠠᠪᠤᠷᠢᠵᠢᠭᠤᠯᠤᠨ᠎ᠠ︔ ᠣᠷᠴᠢᠨ ᠠᠬᠤᠢ ᠶᠢᠨ ᠬᠢᠨᠠᠨ ᠪᠠᠶᠢᠴᠠᠭᠠᠬᠤ ᠪᠠ ᠣᠷᠴᠢᠨ ᠠᠬᠤᠢ ᠶᠢᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠬᠠᠷᠢᠭᠤᠴᠠᠨ᠎ᠠ᠃        ᠭᠤᠷᠪᠠ᠂ ᠬᠦᠯᠦᠨ ᠪᠤᠶᠢᠷ ᠬᠤᠲᠠ ᠶᠢᠨ ᠪᠤᠬᠢᠷᠳᠤᠯ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠷᠠᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠭᠤᠣᠯ ᠪᠣᠬᠢᠷᠳᠣᠯ ᠤᠨ ᠪᠤᠳᠠᠰ ᠤᠨ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠪᠤᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠯ᠎ᠡ ᠬᠤᠰᠢᠭᠤ ᠬᠤᠲᠠ ᠲᠤᠭᠤᠷᠢᠭ ᠤᠨ ᠭᠤᠣᠯ ᠪᠤᠬᠢᠷᠳᠤᠯ ᠭᠠᠳᠠᠭᠰᠢᠯᠠᠭᠤᠯᠤᠯᠲᠠ ᠶᠢ ᠪᠠᠭᠠᠰᠬᠠᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠱᠠᠯᠠᠪᠳᠠᠨ ᠪᠠᠶᠢᠴᠠᠭᠠᠨ᠂ ᠱᠠᠯᠠᠪᠳᠠᠨ ᠬᠢᠯᠭᠡᠨ᠂ ᠬᠢᠨᠠᠨ ᠪᠠᠶᠢᠴᠠᠭᠠᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠠ ᠭᠤᠣᠯ ᠪᠤᠬᠢᠷᠳᠤᠯ ᠭᠠᠳᠠᠭᠰᠢᠯᠠᠭᠤᠯᠤᠯᠲᠠ ᠶᠢ ᠪᠠᠭᠠᠰᠬᠠᠬᠤ ᠬᠢᠨᠠᠨ ᠰᠢᠯᠭᠠᠯᠳᠠ ᠶᠢ ᠵᠣᠬᠢᠶᠠᠨ  ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠨᠡᠶᠢᠲᠡᠯᠡᠨ᠎ᠡ᠃        ᠳᠥᠷᠪᠡ᠂ ᠪᠦᠬᠦ ᠬᠤᠲᠠ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠬᠦᠷᠢᠶ᠎ᠡ ᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶᠡᠵᠢᠯ ᠪᠠ ᠴᠢᠭᠯᠡᠯ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠲᠣᠬᠢᠷᠠᠭᠤᠯᠤᠯᠲᠠ ᠳᠤ ᠰᠠᠨᠠᠯ ᠳᠤᠷᠠᠳᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠣᠷᠳᠣᠨ ᠤ ᠲᠤᠭᠳᠠᠭᠠᠭᠰᠠᠨ ᠡᠷᠬᠡ ᠮᠡᠳᠡᠯ ᠶᠤᠰᠤᠭᠠᠷ᠂ ᠪᠦᠬᠦ ᠬᠤᠲᠠ ᠶᠢᠨ ᠲᠥᠯᠥᠪᠵᠢᠭᠦᠯᠭᠡ ᠳᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠬᠢᠨᠠᠨ ᠴᠤᠬᠤᠯᠪᠤᠷᠢᠯᠠᠵᠤ᠂ ᠬᠠᠷᠭᠠᠭᠤᠯᠤᠨ ᠵᠦᠪᠰᠢᠶᠡᠷᠡᠬᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠰᠠᠶᠢᠳᠤᠷ ᠬᠢᠨ᠎ᠡ᠃        ᠲᠠᠪᠤ᠂ ᠪᠦᠬᠦ ᠬᠤᠲᠠ ᠶᠢᠨ ᠣᠷᠴᠢᠨ ᠠᠬᠤᠢ ᠶᠢᠨ ᠪᠣᠬᠢᠷᠳᠣᠯ ᠪᠠ ᠣᠷᠴᠢᠨ ᠠᠬᠤᠢ ᠶᠢᠨ ᠡᠪᠳᠡᠭᠳᠡᠯ ᠢ ᠡᠬᠢ ᠰᠣᠷᠪᠣᠯᠵᠢ ᠠᠴᠠ ᠨᠢ ᠤᠷᠢᠳᠴᠢᠯᠠᠨ ᠰᠡᠷᠭᠡᠶᠢᠯᠡᠬᠦ ᠪᠠ ᠡᠵᠡᠮᠰᠢᠨ ᠬᠢᠵᠠᠭᠠᠷᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠬᠤᠲᠠ ᠶᠢᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠪᠦᠬᠦ ᠬᠤᠲᠠ ᠶᠢᠨ ᠴᠢᠬᠤᠯᠠ ᠶᠡᠭᠡ ᠠᠵᠤ ᠠᠬᠤᠢ ᠪᠠ ᠮᠡᠷᠭᠡᠵᠢᠯ ᠤᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠴᠢᠬᠤᠯᠠ ᠶᠡᠭᠡ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠥᠯᠥᠪᠯᠡᠭᠡ ᠶᠢᠨ ᠣᠷᠴᠢᠨ ᠠᠬᠤᠢ ᠶᠢᠨ ᠨᠥᠯᠥᠭᠡ ᠶᠢᠨ ᠦᠨᠡᠯᠡᠯᠲᠡ ᠶᠢ ᠬᠠᠷᠢᠭᠤᠴᠠᠨ᠎ᠠ︔ ᠣᠷᠴᠢᠨ ᠠᠬᠤᠢ ᠶᠢᠨ ᠬᠠᠮᠠᠭᠠᠯᠠᠯᠲᠠ ᠳᠤ ᠬᠤᠯᠪᠣᠭᠳᠠᠬᠤ ᠬᠠᠤᠯᠢ ᠲᠣᠭᠲᠠᠭᠠᠯ ᠤᠨ ᠲᠥᠰᠥᠯ ᠳᠤ ᠣᠷᠴᠢᠨ ᠲᠣᠭᠤᠷᠢᠨ ᠤ ᠨᠥᠯᠥᠭᠡ ᠶᠢᠨ ᠲᠠᠯ᠎ᠠ ᠶᠢᠨ ᠬᠠᠮᠢᠶ᠎ᠠ ᠪᠦᠬᠦᠢ ᠰᠠᠨᠠᠯ ᠢ ᠳᠤᠷᠠᠳᠤᠨ᠎ᠠ︔ ᠪᠦᠬᠦ ᠬᠤᠲᠠ ᠶᠢᠨ ᠡᠯ᠎ᠡ ᠲᠥᠷᠥᠯ ᠤᠨ ᠲᠥᠯᠥᠪᠵᠢᠭᠦᠯᠭᠡ ᠶᠢᠨ ᠣᠷᠴᠢᠨ ᠠᠬᠤᠢ ᠶᠢᠨ ᠨᠥᠯᠥᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠪᠦᠬᠦ ᠬᠤᠲᠠ ᠶᠢᠨ ᠣᠷᠣᠨ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠠᠬᠤᠢ ᠶᠢᠨ ᠨᠥᠯᠥᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠨ᠎ᠡ᠃        ᠵᠢᠷᠭᠤᠭ᠎ᠠ᠂ ᠪᠦᠬᠦ ᠬᠤᠲᠠ ᠶᠢᠨ ᠣᠷᠴᠢᠨ ᠲᠣᠭᠤᠷᠢᠨ ᠤ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠡᠯ᠎ᠡ ᠲᠥᠷᠥᠯ ᠤᠨ ᠣᠷᠴᠢᠨ ᠲᠣᠭᠤᠷᠢᠨ ᠤ ᠴᠢᠬᠤᠯᠠ ᠡᠯᠧᠮᠧᠨ᠋ᠲ ᠤᠨ ᠪᠣᠬᠢᠷᠳᠣᠯ ᠢ ᠰᠡᠷᠭᠡᠶᠢᠯᠡᠨ ᠵᠠᠰᠠᠬᠤ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠳᠠᠭᠠᠭᠤᠯᠤᠨ ᠵᠣᠬᠢᠶᠠᠨ ᠪᠠᠶᠢᠭᠤᠯᠵᠤ ᠪᠦᠬᠦ ᠬᠤᠲᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠤᠨ᠎ᠠ︔ ᠬᠤᠲᠠ ᠪᠠᠯᠭᠠᠰᠤ ᠶᠢᠨ ᠣᠷᠴᠢᠨ ᠠᠬᠤᠢ ᠶᠢᠨ ᠶᠡᠷᠦᠩᠬᠡᠶᠢᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠵᠢᠯ ᠳᠤ ᠣᠷᠣᠯᠴᠠᠨ᠎ᠠ᠃        ᠳᠣᠯᠤᠭ᠎ᠠ᠂ ᠪᠦᠬᠦ ᠬᠤᠲᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠵᠢᠯᠣᠭᠤᠳᠤᠨ᠂ ᠵᠤᠬᠢᠴᠠᠭᠤᠯᠵᠤ᠂ ᠬᠢᠨᠠᠯᠲᠠ ᠲᠠᠯᠪᠢᠨ᠎ᠠ᠃ ᠠᠮᠢ ᠠᠬᠤᠢ ᠶᠢᠨ ᠣᠷᠴᠢᠨ ᠠᠬᠤᠢ ᠶᠢᠨ ᠶᠠᠰᠤ ᠴᠢᠨᠠᠷ ᠤᠨ ᠪᠠᠶᠢᠳᠠᠯ ᠢ ᠵᠣᠬᠢᠶᠠᠨ ᠪᠠᠶᠢᠭᠤᠯᠤᠨ ᠦᠨᠡᠯᠡᠨ ᠵᠢᠱᠢᠨ᠎ᠡ︔ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠮᠢ ᠠᠬᠤᠢ ᠶᠢᠨ ᠣᠷᠴᠢᠨ ᠠᠬᠤᠢ ᠶᠢᠨ ᠪᠦᠲᠦᠭᠡᠨ ᠪᠠᠶᠢᠭᠤᠯᠬᠤ᠂ ᠠᠮᠢ ᠠᠬᠤᠢ ᠶᠢᠨ ᠡᠪᠳᠡᠭᠳᠡᠯ ᠢ ᠵᠠᠰᠠᠨ ᠰᠡᠷᠭᠦᠭᠡᠬᠦ ᠪᠠ ᠠᠮᠢᠳᠤ ᠪᠣᠳᠠᠰ ᠤᠨ ᠮᠡᠷᠭᠡᠵᠢᠯ ᠤᠨ ᠣᠷᠴᠢᠨ ᠠᠬᠤᠢ ᠶᠢᠨ ᠠᠶᠤᠯ ᠦᠭᠡᠢ ᠪᠠᠶᠢᠬᠤ ᠳᠤ ᠬᠢᠨᠠᠯᠲᠠ ᠲᠠᠯᠪᠢᠨ᠎ᠠ︔ ᠲᠠᠷᠢᠶᠠᠯᠠᠬᠤ ᠮᠠᠯᠵᠢᠬᠤ ᠣᠷᠣᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠪᠠ ᠡᠯ᠎ᠡ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠦᠵᠡᠮᠵᠢᠳᠤ ᠣᠷᠣᠨ᠂ ᠰᠢᠭᠤᠶᠢᠳᠤ ᠴᠡᠴᠡᠷᠯᠢᠭ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠢ ᠵᠢᠯᠣᠭᠤᠳᠤᠨ᠂ ᠵᠤᠬᠢᠴᠠᠭᠤᠯᠵᠤ᠂ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠵᠡᠷᠯᠢᠭ ᠠᠮᠢᠲᠠᠨ ᠤᠷᠭᠤᠮᠠᠯ ᠢ ᠬᠠᠮᠠᠭᠠᠯᠠᠬᠤ᠂ ᠨᠤᠭᠤ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ᠂ ᠡᠯᠡᠰᠤᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠬᠤ ᠪᠠ ᠬᠢᠨᠠᠯᠲᠠ ᠲᠠᠯᠪᠢᠨ᠎ᠠ ︔ ᠠᠮᠢᠳᠤ ᠪᠤᠳᠠᠰ ᠤᠨ ᠳᠦᠷᠰᠦ ︵ᠤᠳᠤᠮᠰᠢᠯ ᠤᠨ ᠡᠬᠢ ᠪᠠᠶᠠᠯᠢᠭ ᠢ ᠪᠠᠭᠲᠠᠭᠠᠨ᠎ᠠ︶ ᠶᠢᠨ ᠬᠠᠮᠠᠭᠠᠯᠠᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃        ᠨᠠᠢᠮᠠ᠂ ᠪᠦᠬᠦ ᠬᠤᠲᠠ ᠶᠢᠨ ᠴᠥᠮ᠎ᠡ ᠶᠢᠨ ᠠᠶᠤᠯ ᠦᠭᠡᠢ ᠪᠠ ᠰᠠᠴᠤᠷᠠᠭ ᠤᠨ ᠠᠶᠤᠯ ᠦᠭᠡᠢ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠴᠥᠮ᠎ᠡ ᠶᠢᠨ ᠠᠳᠡᠯ᠂ ᠰᠠᠴᠤᠷᠠᠭ ᠤᠨ ᠣᠷᠴᠢᠨ ᠲᠣᠭᠤᠷᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠴᠥᠮ᠎ᠡ ᠶᠢᠨ ᠪᠡᠯᠡᠳᠬᠡᠮᠵᠢ ᠶᠢᠨ ᠠᠮᠤᠷ ᠲᠦᠪᠰᠢᠨ᠂ ᠰᠠᠴᠤᠷᠠᠭ ᠤᠨ ᠪᠤᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠤᠨ᠎ᠠ᠃        ᠶᠢᠰᠦ᠂ ᠪᠦᠬᠦ ᠬᠤᠲᠠ ᠶᠢᠨ ᠣᠷᠴᠢᠨ ᠠᠬᠤᠢ ᠶᠢᠨ ᠲᠤᠭ᠎ᠠ ᠪᠦᠷᠢᠳᠬᠡᠯ᠂ ᠣᠷᠴᠢᠨ ᠲᠣᠭᠤᠷᠢᠨ ᠤ ᠬᠢᠨᠠᠨ ᠬᠡᠮᠵᠢᠯᠳᠡ᠂ ᠣᠷᠴᠢᠨ ᠠᠬᠤᠢ ᠶᠢᠨ ᠶᠠᠰᠤ ᠴᠢᠨᠠᠷ ᠤᠨ ᠵᠠᠳᠠᠯᠤᠨ ᠤᠷᠢᠳᠴᠢᠯᠠᠨ ᠲᠦᠰᠦᠭᠡᠯᠡᠯᠲᠡ ᠪᠠ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠣᠷᠴᠢᠨ ᠠᠬᠤᠢ ᠶᠢᠨ ᠲᠤᠭ᠎ᠠ ᠪᠦᠷᠢᠳᠬᠡᠯ᠂ ᠬᠢᠨᠠᠨ ᠬᠡᠮᠵᠢᠯᠲᠡ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠲᠤᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠣᠷᠴᠢᠨ ᠠᠬᠤᠢ ᠶᠢᠨ ᠬᠢᠨᠠᠨ ᠬᠡᠮᠵᠢᠯᠲᠡ ᠶᠢᠨ ᠲᠣᠣᠷ ᠰᠦᠯᠵᠢᠶ᠎ᠡ ᠪᠠ ᠣᠷᠴᠢᠨ ᠠᠬᠤᠢ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢ ᠪᠠᠶᠢᠭᠤᠯᠤᠨ ᠬᠠᠮᠢᠶᠠᠷᠴᠤ᠂ ᠣᠷᠴᠢᠨ ᠠᠬᠤᠢ ᠶᠢᠨ ᠶᠠᠰᠤ ᠴᠢᠨᠠᠷ ᠤᠨ ᠪᠠᠶᠢᠳᠠᠯ ᠢ ᠰᠤᠳᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ᠎ᠠ᠃        ᠠᠷᠪᠠ᠂ ᠪᠦᠬᠦ ᠬᠤᠲᠠ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠪᠠ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠶᠢ ᠵᠣᠬᠢᠶᠠᠨ ᠪᠠᠶᠢᠭᠤᠯᠤᠨ᠎ᠠ︔ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠢ ᠬᠥᠭᠵᠢᠭᠦᠯᠬᠦ ᠶᠢ ᠬᠠᠷᠢᠭᠤᠴᠠᠵᠤ᠂ ᠡᠷᠭᠢᠯᠲᠡᠲᠦ ᠠᠵᠤ ᠠᠬᠤᠢ ᠪᠠ ᠪᠣᠬᠢᠷᠳᠣᠯ ᠦᠭᠡᠢ ᠦᠢᠯᠡᠳᠪᠦᠷᠢᠯᠡᠯ ᠢ ᠵᠢᠯᠣᠭᠤᠳᠤᠨ᠂ ᠠᠬᠢᠭᠤᠯᠬᠤ ᠠᠵᠢᠯ ᠳᠤ ᠣᠷᠣᠯᠴᠠᠨ᠎ᠠ᠃        ᠠᠷᠪᠠᠨ ᠨᠢᠭᠡ᠂ ᠪᠦᠬᠦ ᠬᠤᠲᠠ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠭᠤᠯᠤᠨ ᠬᠥᠮᠥᠵᠢᠭᠦᠯᠬᠦ ᠠᠵᠢᠯ ᠢ ᠵᠣᠬᠢᠶᠠᠨ ᠪᠠᠶᠢᠭᠤᠯᠤᠨ᠂ ᠵᠢᠯᠣᠭᠤᠳᠤᠨ ᠵᠣᠬᠢᠴᠠᠭᠤᠯᠤᠨ᠎ᠠ᠃ ᠪᠦᠬᠦ ᠬᠤᠲᠠ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠤᠬᠠᠭᠤᠯᠤᠨ ᠬᠥᠮᠥᠵᠢᠭᠦᠯᠬᠦ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠨᠡᠶᠢᠲᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠣᠷᠴᠢᠨ ᠠᠬᠤᠢ ᠶᠢᠨ ᠬᠠᠮᠠᠭᠠᠯᠠᠯᠲᠠ ᠳᠤ ᠣᠷᠣᠯᠴᠠᠬᠤ ᠶᠢ ᠠᠬᠢᠭᠤᠯᠤᠨ᠎ᠠ᠃        ᠠᠷᠪᠠᠨ ᠬᠤᠶᠠᠷ᠂ ᠬᠤᠲᠠ ᠶᠢᠨ ᠵᠠᠰᠠᠭ ᠤᠨ ᠣᠷᠳᠣᠨ ᠤ ᠭᠦᠢᠴᠡᠳᠭᠡᠯᠭᠡᠬᠦ ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ