ᠬᠦᠯᠦᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ︶ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/10
      ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠳᠥᠭᠦᠮᠴᠢᠯᠡᠭᠡᠳ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠭᠡᠳᠡᠭ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠭᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠬᠥᠯᠥᠨ ᠪᠤᠶᠢᠷ ᠬᠤᠳᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠫᠠᠶᠢᠰᠠ ᠶᠢ ᠨᠡᠮᠡᠵᠦ ᠡᠯᠭᠦᠨ᠎ᠡ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠎ᠠ᠃ ᠬᠤᠳᠠ ᠬᠥᠳᠡᠭᠡ ᠶᠢᠨ ᠪᠦᠳᠦᠭᠡᠠ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠨ᠎ᠡ᠃ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠪᠦᠬᠦ ᠬᠤᠲᠠ ᠶᠢᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠬᠤᠰᠢᠭᠤ ᠬᠤᠲᠠ ᠲᠣᠭᠤᠷᠢᠭ ᠤᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃       ︵ᠬᠤᠶᠠᠷ︶ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠤᠨ᠎ᠠ᠃ ᠪᠦᠬᠦ ᠬᠤᠲᠠ ᠶᠢᠨ ᠣᠷᠣᠨ ᠰᠠᠭᠤᠴᠠ ᠶᠢᠨ ᠴᠢᠳᠠᠪᠬᠢ ᠶᠢ ᠮᠠᠭᠠᠳᠯᠠᠨ ᠲᠣᠭᠲᠠᠭᠠᠬᠤ ᠠᠵᠢᠯ ᠢ ᠬᠠᠷᠢᠭᠤᠴᠠᠨ᠎ᠠ᠃       ︵ᠭᠤᠷᠪᠠ︶ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠡᠷ ᠭᠠᠵᠠᠷ ᠬᠥᠷᠥᠩᠭᠡ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃ ᠭᠡᠷ ᠭᠠᠵᠠᠷ ᠬᠦᠷᠦᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠦᠢᠯᠡᠰ ᠤᠨ ᠲᠦᠷᠦ ᠶᠢᠨ ᠪᠤᠳᠦᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠤᠨ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠭᠡᠷ  ᠭᠠᠵᠠᠷ ᠬᠦᠷᠦᠩᠭᠡ ᠶᠢ ᠨᠡᠭᠡᠭᠡᠨ ᠬᠦᠭᠵᠢᠬᠦᠯᠬᠦ᠂ ᠭᠡᠷ ᠪᠠᠶᠢᠰᠢᠩ ᠢ ᠠᠷᠠᠯᠵᠢᠶᠠᠯᠠᠬᠤ᠂ ᠭᠡᠷ ᠪᠠᠶᠢᠰᠢᠩ ᠢ ᠲᠦᠷᠢᠶᠡᠰᠦᠯᠡᠭᠦᠯᠬᠦ᠂ ᠭᠡᠷ ᠪᠠᠶᠢᠰᠢᠩ ᠤᠨ ᠲᠡᠯᠡᠪᠡᠢ ᠶᠢ ᠬᠠᠮᠢᠶᠠᠷᠬᠤ᠂ ᠭᠡᠷ ᠪᠠᠶᠢᠰᠢᠩ ᠢ ᠲᠠᠲᠠᠪᠤᠷᠢᠯᠠᠬᠤ᠂ ᠭᠡᠷ ᠭᠠᠵᠠᠷ ᠬᠦᠷᠦᠩᠭᠡ ᠶᠢᠨ ᠦᠨ᠎ᠡ ᠶᠢ ᠵᠢᠱᠢᠬᠦ ᠪᠠ ᠠᠵᠤ ᠠᠬᠤᠢ ᠶᠢᠨ ᠬᠠᠮᠢᠶᠠᠷᠤᠯᠲᠠ ᠶᠢᠨ ᠲᠦᠷᠦ ᠶᠢᠨ ᠪᠤᠳᠦᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃       ︵ᠳᠥᠷᠪᠡ︶ ᠠᠳᠠᠯ ᠠᠬᠤᠶ ᠶᠢᠨ ᠦᠢᠯᠡᠴᠢᠯᠡᠬᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠳᠠᠯ ᠠᠬᠤᠢ ᠶᠢᠨ ᠦᠢᠯᠡᠴᠢᠯᠡᠬᠡᠨ ᠤ ᠵᠠᠬ᠎ᠠ ᠳᠡᠯᠭᠡᠭᠦᠷ ᠢ ᠵᠢᠯᠣᠭᠤᠳᠤᠨ ᠵᠢᠷᠤᠮᠵᠢᠭᠤᠯᠤᠨ᠎ᠠ᠃ ᠭᠡᠷ ᠪᠠᠶᠢᠰᠢᠩ ᠰᠡᠯᠪᠢᠨ ᠵᠠᠰᠠᠬᠤ ᠪᠡᠯᠡ ᠮᠥᠩᠭᠦ ᠶᠢ ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠳᠤ ᠵᠢᠯᠣᠭᠤᠳᠣᠯᠭ᠎ᠠ ᠬᠢᠵᠦ᠂ ᠬᠢᠨᠠᠯᠲᠠ ᠲᠠᠯᠪᠢᠬᠤ ᠬᠡᠷᠡᠭᠲᠡᠶ᠃       ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠶᠢᠨ ᠬᠡᠷᠡᠭᠵᠢᠭᠦᠯᠦᠯᠲᠡ ᠪᠠ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠣᠳᠣᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠨᠥᠬᠦᠪᠥᠷᠢᠯᠡᠬᠦ ᠲᠣᠭᠲᠠᠭᠰᠠᠨ ᠲᠤᠭ᠎ᠠ ᠪᠠ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃       ︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠬᠤ ᠯᠠᠪᠯᠠᠯᠭ᠎ᠠ ᠶᠢᠨ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠤᠷᠲᠤᠪᠲᠤᠷ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂  ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠬᠤ ᠪᠠ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠤᠷᠰᠢᠯᠴᠠᠭ᠎ᠠ ᠳᠤ ᠣᠷᠣᠯᠴᠠᠭᠤᠯᠬᠤ ᠬᠡᠷᠡᠭᠲᠡᠶ᠃       ︵ᠳᠣᠯᠤᠭ᠎ᠠ︶ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠠᠶᠤᠯ ᠦᠭᠡᠶ ᠶᠢᠨ ᠠᠵᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯ ᠦᠭᠡᠶ ᠦᠢᠯᠡᠳᠪᠦᠷᠢᠯᠡᠯ ᠪᠣᠯᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠲᠥᠷᠥ ᠶᠢᠨ ᠪᠣᠳᠣᠯᠭ᠎ᠠ᠂ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠵᠢᠯᠣᠭᠤᠳᠤᠨ᠎ᠠ᠃ ᠪᠠᠷᠢᠯᠭ᠎ᠠ ᠶᠢᠨ ᠴᠢᠬᠤᠯᠠ ᠶᠡᠭᠡ ᠶᠠᠰᠤ ᠴᠢᠨᠠᠷ᠂ ᠠᠶᠤᠯᠭᠦᠢ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃       ︵ᠨᠠᠢᠮᠠ︶ ᠬᠤᠲᠠ ᠶᠢᠨ ᠵᠢᠷᠤᠭ ᠲᠥᠯᠥᠪᠯᠡᠭᠡ ᠬᠢᠭᠡᠳ ᠳᠦᠷᠰᠦ ᠪᠠᠶᠢᠳᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠲᠠ ᠶᠢᠨ ᠬᠠᠶᠢᠨ ᠪᠠᠶᠢᠴᠠᠭᠠᠬᠤ᠂ ᠬᠤᠲᠠ ᠶᠢᠨ ᠶᠠᠪᠤᠳᠠᠯ ᠤᠨ ᠢᠨᠵᠧᠨᠧᠷᠢᠩ ᠢ ᠬᠡᠮᠵᠢᠬᠦ᠂ ᠬᠤᠲᠠ ᠶᠢᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠲᠠ ᠶᠢᠨ ᠵᠢᠷᠤᠭ ᠲᠥᠯᠥᠪᠯᠡᠭᠡ᠂ ᠬᠤᠲᠠ ᠶᠢᠨ ᠱᠤᠭᠤᠮᠠᠯ᠂ ᠭᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠬᠡᠷᠡᠭᠲᠡᠶ᠃ ᠬᠤᠲᠠ ᠶᠢᠨ ᠵᠠᠰᠠᠵᠤ ᠨᠥᠬᠦᠪᠥᠷᠢᠯᠡᠬᠦ ᠪᠠ ᠠᠮᠢ ᠠᠬᠤᠶ ᠶᠢ ᠵᠠᠰᠠᠵᠤ ᠰᠡᠷᠭᠦᠭᠡᠬᠦ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ ᠲᠡᠦᠬᠡ ᠶᠢᠨ ᠪᠠᠷᠢᠯᠭ᠎ᠠ ᠶᠢ ᠲᠣᠭᠲᠠᠭᠠᠵᠤ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠵᠠᠭᠠᠭᠯᠠᠨ ᠲᠣᠭᠲᠠᠭᠠᠬᠤ ᠶᠢ ᠵᠢᠯᠣᠭᠤᠳᠤᠨ᠎ᠠ᠃ ᠲᠡᠦᠬᠡ ᠶᠢᠨ ᠳᠤᠷᠠᠰᠬᠠᠯᠲᠤ ᠵᠦᠢᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ︶᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠬᠠᠮᠠᠭᠠᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃       ︵ᠶᠢᠰᠦ︶ ᠬᠤᠲᠠ ᠶᠢᠨ ᠪᠦᠲᠦᠭᠡᠨ ᠪᠠᠶᠢᠭᠤᠯᠤᠯᠳᠠ ᠪᠣᠯᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠳᠠ ᠶᠢᠨ ᠪᠦᠲᠦᠭᠡᠨ ᠪᠠᠶᠢᠭᠤᠯᠤᠯᠳᠠ᠂ ᠬᠠᠮᠢᠶᠠᠷᠤᠯᠲᠠ ᠶᠢᠨ ᠲᠦ᠋ᠷᠦ ᠶᠢᠨ ᠪᠤᠳᠤᠯᠭ᠎ᠠ ᠪᠠ ᠲᠦ᠋ᠷᠢᠮ ᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠤᠷᠲᠤᠪᠲᠤᠷ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠢᠯᠯᠠᠭᠠᠨ ᠤ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠠᠷᠪᠠ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠵᠢᠴᠢ ᠬᠤᠲᠠ ᠶᠢᠨ ᠬᠠᠮᠢᠶᠠᠷᠤᠯᠲᠠ ᠯᠤᠭ᠎ᠠ ᠬᠤᠯᠪᠣᠭᠳᠠᠬᠤ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠢᠬᠤᠯᠠ ᠶᠡᠭᠡ ᠬᠡᠷᠡᠭ ᠢ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠃       ︵ᠠᠷᠪᠠᠨ ᠨᠢᠭᠡ︶ ᠲᠣᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠬᠡᠷᠡᠭᠲᠡᠶ᠃ ᠭᠠᠴᠠᠭ᠎ᠠ ︵ᠲᠤᠰᠬᠤᠨ︶ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠷᠦ ᠶᠢᠨ ᠪᠣᠳᠣᠯᠭ᠎ᠠ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠵᠢᠵᠢᠭ ᠬᠤᠲᠠ ᠪᠠᠯᠭᠠᠰᠤ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠭᠤᠤᠯᠳᠠᠯᠭ᠎ᠠ ᠲᠠᠢ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢᠨ ᠬᠠᠮᠠᠭᠠᠯᠠᠨ ᠬᠥᠭᠵᠢᠭᠦᠯᠬᠦ ᠠᠵᠢᠯ ᠢ ᠵᠢᠯᠣᠭᠤᠳᠤᠨ᠎ᠠ᠃       ︵ᠠᠷᠪᠠᠨ ᠬᠤᠶᠠᠷ︶ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ᠂ ᠰᠤᠯᠠ ᠰᠠᠪᠠᠯᠠᠬᠤ ᠱᠦᠢᠨᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ᠂ ᠣᠷᠣᠭᠤᠯᠵᠤ ᠢᠷᠡᠬᠦ ᠪᠠ ᠰᠢᠨ᠎ᠡ ᠶᠢ ᠡᠭᠦᠳᠬᠦ ᠠᠵᠢᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃       ︵ᠠᠷᠪᠠᠨ ᠭᠤᠷᠪᠠ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠣᠷᠣᠨ ᠰᠠᠭᠤᠴᠠ ᠶᠢᠨ ᠨᠡᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠦ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠬᠤ᠂ ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠲᠦᠷᠢᠮ ᠢ ᠲᠣᠭᠲᠠᠭᠠᠨ᠎ᠠ᠃ ᠪᠦᠬᠦ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠ ᠪᠤᠰᠤᠳ ᠣᠷᠣᠨ ᠰᠠᠭᠤᠴᠠ ᠶᠢᠨ ᠪᠡᠯᠡ ᠮᠥᠩᠭᠦ ᠶᠢᠨ ᠬᠠᠮᠢᠶᠠᠷᠤᠯᠲᠠ᠂ ᠬᠡᠷᠡᠭᠯᠡᠯᠲᠡ ᠪᠠ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃       ︵ᠠᠷᠪᠠᠨ ᠳᠥᠷᠪᠡ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠵᠢᠯᠣᠭᠤᠳᠬᠤ ᠬᠡᠷᠡᠭᠲᠡᠶ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠲᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠢᠬᠤᠯᠠ ᠬᠠᠷᠠᠯᠲᠠᠲᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠪᠠ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠴᠢᠬᠤᠯᠠ ᠬᠠᠷᠠᠯᠲᠠᠲᠤ ᠬᠠᠮᠠᠭᠠᠯᠠᠯᠲᠠ ᠶᠢᠨ ᠬᠠᠮᠢᠶᠠᠷᠤᠯᠳᠠ ᠶᠢᠨ ᠠᠵᠢᠯ ᠢ ᠬᠢᠨᠠᠨ ᠪᠠᠶᠢᠴᠠᠭᠠᠵᠤ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠ ᠨᠢᠭᠡᠴᠢ ᠶᠢ ᠵᠢᠯᠣᠭᠤᠳᠴᠤ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠠᠶᠢᠯᠠᠷ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠬᠠᠷᠢᠭᠤᠴᠠᠨ᠎ᠠ᠃       ︵ᠠᠷᠪᠠᠨ ᠲᠠᠪᠤ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠳᠠᠶᠢᠨ ᠤ ᠪᠡᠯᠡᠳᠬᠡᠯ ᠤᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠪᠣᠯᠤᠨ ᠠᠭᠠᠷ ᠤᠨ ᠰᠡᠷᠭᠡᠶᠢᠯᠡᠯᠲᠡ ᠶᠢᠨ ᠨᠦᠬᠡᠨ ᠭᠡᠷ ᠤᠨ ᠡᠩ ᠤᠨ ᠦᠶ᠎ᠡ ᠪᠠ ᠳᠠᠶᠢᠨ ᠤ ᠦᠶ᠎ᠡ ᠳᠤ ᠰᠣᠯᠢᠬᠤ ᠠᠵᠢᠯ ᠢ ᠵᠢᠯᠣᠭᠤᠳᠤᠨ᠎ᠠ᠃ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠠᠭᠠᠯᠠᠬᠤ ᠪᠠ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ ᠮᠡᠷᠭᠡᠵᠢᠯ ᠤᠨ ᠵᠢᠯᠣᠭᠤᠳᠤᠯᠭ᠎ᠠ ᠪᠣᠯᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠬᠦᠭᠵᠢᠬᠦᠯᠵᠦ ᠠᠰᠢᠭᠯᠠᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠤᠨ ᠬᠤᠷᠠᠮᠳᠤᠭᠤᠯᠭ᠎ᠠ ᠪᠠ  ᠬᠠᠮᠢᠶᠠᠷᠤᠯᠳᠠ ᠶᠢ ᠬᠠᠷᠢᠭᠤᠴᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃       ︵ᠠᠷᠪᠠᠨ ᠵᠢᠷᠭᠤᠭ᠎ᠠ︶ ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠣᠯᠤᠨ ᠬᠠᠮᠢᠶᠠᠷᠤᠯᠲᠠ ᠶᠢ ᠵᠢᠯᠣᠭᠤᠳᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠮᠰᠢᠭ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠭᠦᠷᠭᠡ ᠶᠢ ᠭᠦᠢᠴᠡᠳᠬᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠯᠪᠠᠰᠤᠷᠠᠯ ᠤᠨ ᠰᠣᠷᠢᠯᠲᠠ ᠶᠢ ᠵᠣᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠲᠥᠯᠥᠪᠵᠢᠭᠦᠯᠭᠡ ᠲᠣᠭᠲᠠᠭᠠᠬᠤ ᠶᠢᠨ ᠬᠠᠮᠲᠤ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠪᠠ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ᠂ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠡᠯᠡᠳᠬᠡᠮᠵᠢ ᠶᠢ ᠠᠰᠢᠭᠯᠠᠨ ᠡᠩ ᠤᠨ ᠦᠶ᠎ᠡ ᠶᠢᠨ ᠠᠶᠤᠯ ᠭᠠᠮᠰᠢᠭ ᠠᠴᠠ ᠠᠪᠤᠷᠠᠬᠤ ᠳᠤ ᠦᠢᠯᠡᠴᠢᠯᠡᠭᠦᠯᠬᠦ ᠬᠡᠷᠡᠭᠲᠡᠶ᠃ ᠳᠠᠶᠢᠨ ᠤ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃       ︵ᠠᠷᠪᠠᠨ ᠳᠣᠯᠤᠭ᠎ᠠ︶ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠴᠤ᠂ ᠭᠠᠳᠠᠭᠠᠳᠤ ᠰᠣᠯᠢᠯᠴᠠᠭ᠎ᠠ ᠪᠣᠯᠤᠨ ᠬᠤᠷᠰᠢᠯᠴᠠᠭ᠎ᠠ ᠶᠢ ᠥᠷᠨᠢᠭᠦᠯᠦᠨ᠎ᠡ᠃       ︵ᠠᠷᠪᠠᠨ ᠨᠠᠢᠮᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠥᠯᠥᠨ ᠪᠤᠶᠢᠷ ᠤᠨ ᠴᠡᠷᠢᠭ ᠤᠨ ᠬᠤᠪᠢᠶᠠᠷᠢ ᠲᠣᠭᠤᠷᠢᠭ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠬᠡᠬᠦ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ