ᠬᠦᠯᠦᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠶᠢᠭᠤᠯᠤᠮᠵᠢ ᠶᠢᠨ ᠲᠣᠬᠢᠷᠠᠭᠤᠯᠤᠯᠲᠠ
ᠨᠡᠶᠢᠲᠡᠯᠡᠭᠰᠡᠨ ᠴᠠᠭ᠄
2022/11/10
      ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠳᠥᠭᠦᠮᠴᠢᠯᠡᠭᠡᠳ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠭᠡᠳᠡᠭ︶ 2019 ᠣᠨ ᠤ 3 ᠰᠠᠷ᠎ᠠ ᠶᠢᠨ 24 ᠤ ᠡᠳᠦᠷ  ᠪᠠᠶᠢᠭᠤᠯᠤᠭᠳᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠬᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠠᠶᠢᠵᠤ᠂ ᠬᠥᠯᠥᠨ ᠪᠤᠶᠢᠷ ᠬᠤᠲᠠ ᠶᠢᠨ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ ᠤᠨ ᠫᠠᠶᠢᠰᠠ ᠶᠢ ᠨᠡᠮᠡᠵᠦ ᠡᠯᠬᠦᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ         ︵ᠨᠢᠭᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ᠂ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ ᠃ ᠪᠦᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠪᠠᠢᠭᠤᠯᠤᠯᠲᠠ ᠶᠢ ᠠᠬᠢᠭᠤᠯᠤᠨ᠎ᠠ᠃ ᠬᠤᠰᠢᠭᠤ ᠬᠤᠲᠠ ᠲᠣᠭᠤᠷᠢᠭ ᠤᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃       ︵ᠬᠤᠶᠠᠷ︶ ᠠᠨᠠᠭᠠᠬᠤ ᠤᠬᠠᠭᠠᠨ ᠤ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠤᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠬᠡᠷᠡᠭᠲᠡᠶ᠃ ᠱᠠᠲᠤ ᠬᠤᠪᠢᠶᠠᠨ ᠣᠨᠣᠰᠢᠯᠠᠨ ᠡᠮᠨᠡᠬᠦ ᠶᠢ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ  ᠦᠢᠯᠡᠴᠢᠯᠡᠬᠡᠨ ᠢ ᠲᠦᠯᠬᠢᠨ ᠠᠬᠢᠭᠤᠯᠬᠤ ᠭᠤᠤᠯ ᠴᠣᠭᠴᠠ ᠶᠢᠨ ᠣᠯᠠᠨ ᠡᠰᠢᠵᠢᠭᠰᠡᠨ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡ ᠶᠢᠨ ᠦᠢᠯᠡᠴᠢᠯᠡᠬᠡᠨ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃       ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠨ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠣᠯᠠᠨ ᠨᠡᠶᠢᠲᠡ ᠶᠢᠨ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ︽ᠨᠠᠪᠴᠢᠨ ᠲᠠᠮᠠᠬᠢ ᠶᠢ ᠬᠢᠵᠠᠭᠠᠷᠯᠠᠬᠤ ᠪᠦᠳᠦᠭᠦᠪᠴᠢ ᠲᠦᠰᠦᠪ ᠤᠨ ᠨᠡᠶᠢᠲᠡ ᠶᠢᠨ ᠭᠡᠷ᠎ᠡ︾ ᠶᠢ ᠬᠡᠷᠡᠭᠵᠢᠭᠦᠯᠬᠦ ᠠᠵᠢᠯ ᠢ ᠲᠦᠷᠦᠭᠦᠯᠡᠨ ᠬᠢᠨ᠎ᠠ᠃       ︵ᠳᠥᠷᠪᠡ︶ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠬᠡᠨ ᠤ ᠠᠵᠢᠯ ᠲᠥᠷᠥᠯ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠬᠠᠷᠢᠭᠤᠴᠠᠵᠤ᠂ ᠡᠮᠴᠢᠯᠡᠭᠡᠨ ᠤ ᠦᠢᠯᠡᠴᠢᠯᠡᠭᠡ ᠶᠢ ᠦᠨᠡᠯᠡᠬᠦ ᠪᠠ ᠬᠢᠨᠠᠨ ᠬᠠᠮᠢᠶᠠᠷᠬᠤ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠬᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠲᠠᠪᠤ︶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ ᠢ ᠬᠠᠷᠢᠭᠤᠴᠠᠨ᠂ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠣᠬᠤᠷ ᠬᠤᠭᠤᠴᠠᠭᠠᠨ ᠤ ᠡᠮ ᠤᠨ ᠵᠦᠢᠯ ᠤᠨ ᠰᠡᠷᠡᠮᠵᠢᠯᠡᠭᠦᠯᠦᠯ ᠢ ᠥᠷᠨᠢᠭᠦᠯᠦᠨ᠎ᠡ᠃       ︵ᠵᠢᠷᠭᠤᠭ᠎ᠠ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠡᠷᠡᠭᠦᠯ ᠬᠠᠮᠠᠭᠠᠯᠠᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ  ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃       ︵ᠳᠣᠯᠤᠭ᠎ᠠ︶ ᠪᠦᠬᠦ ᠬᠤᠲᠠ ᠶᠢᠨ ᠨᠠᠰᠤᠲᠠᠶᠢᠴᠤᠳ ᠤᠨ  ᠠᠰᠠᠷᠠᠮᠵᠢ ᠶᠢᠨ ᠭᠠᠵᠠᠷ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ ᠠᠬᠢᠭᠤᠯᠤᠨ᠎ᠠ᠃ ᠬᠥᠮᠦᠨ ᠠᠮᠠ ᠶᠢᠨ ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ ᠪᠠᠶᠢᠭᠤᠯᠤᠯᠲᠠ ᠪᠣᠯᠤᠨ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃       ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠥᠷᠨᠢᠭᠦᠯᠦᠨ᠂ ᠲᠥᠯᠥᠪᠯᠡᠭᠡᠲᠦ ᠦᠷᠡᠵᠢᠯ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠶᠢᠨ ᠬᠠᠮᠲᠤ ᠬᠠᠮᠢᠶ᠎ᠠ ᠪᠦᠬᠦᠢ ᠰᠠᠨᠠᠭᠤᠯᠭ᠎ᠠ ᠳᠤᠷᠠᠳᠤᠨ᠎ᠠ᠃       ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠡᠩᠬᠡ ᠶᠢᠨ ᠦᠢᠯᠡᠴᠢᠯᠡᠬᠡᠨ ᠤ ᠲᠤᠭᠲᠠᠯᠴᠠᠭ᠎ᠠ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃       ︵ᠠᠷᠪᠠ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠲᠥᠷᠥᠯ ᠤᠨ ᠬᠥᠭᠵᠢᠯᠲᠡ ᠶᠢᠨ ᠠᠵᠢᠯ ᠢ ᠠᠬᠢᠭᠤᠯᠤᠨ᠎ᠠ᠃ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠡᠷᠳᠡᠮ ᠰᠢᠨᠵᠢᠯᠡᠭᠡᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃       ︵ᠠᠷᠪᠠᠨ ᠨᠢᠭᠡ︶ ᠬᠥᠯᠥᠨ ᠪᠤᠶᠢᠷ ᠲᠤ ᠠᠮᠢᠳᠤᠷᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠡᠲᠡᠭᠡᠳ᠂ ᠪᠦᠬᠦ ᠬᠤᠲᠠ ᠶᠢᠨ ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃       ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠬᠡᠬᠦ ᠪᠤᠰᠤᠳ ᠠᠵᠢᠯ ᠢ ᠪᠡᠶᠡᠯᠡᠭᠦᠯᠦᠨ᠎ᠡ᠃       ︵ᠠᠷᠪᠠᠨ ᠭᠤᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠶᠡᠭᠡ ᠡᠷᠡᠭᠦᠯ ᠬᠠᠮᠠᠭᠠᠯᠠᠯ ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠡᠷᠡᠭᠦᠯ ᠡᠩᠬᠡ ᠬᠥᠯᠥᠨ ᠪᠤᠶᠢᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠥᠭᠡᠳ ᠪᠥᠬᠦ ᠦᠶᠡᠯᠡᠯ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠦ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠶᠠᠷ ᠲᠤ᠂ ᠠᠵᠢᠯ ᠤᠨ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ᠂ ᠮᠠᠯᠵᠢᠬᠤ ᠲᠠᠷᠢᠶᠠᠯᠠᠬᠤ ᠣᠷᠣᠨ ᠲᠡᠰᠢ ᠪᠦᠷᠬᠦᠭᠦᠯᠬᠦ᠂ ᠬᠢᠯᠢ ᠬᠢᠵᠠᠭᠠᠷ ᠣᠷᠣᠨ ᠪᠠ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠳᠠᠰᠢ ᠬᠡᠯᠪᠠᠶᠢᠯᠭᠡᠬᠦ ᠶᠢ ᠠᠬᠢᠭᠤᠯᠤᠨ᠎ᠠ᠃ ᠭᠤᠷᠪᠠ ᠳᠤ  ᠦᠢᠯᠡᠴᠢᠯᠡᠬᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠳᠥᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠤᠯ ᠴᠣᠭᠴᠠ ᠶᠢᠨ ᠣᠯᠠᠨ ᠡᠰᠢᠵᠢᠬᠦ᠂ ᠬᠠᠩᠭᠠᠬᠤ ᠠᠷᠭ᠎ᠠ ᠬᠡᠯᠪᠡᠷᠢ ᠶᠢᠨ ᠣᠯᠠᠨ ᠶᠠᠩᠵᠤᠵᠢᠬᠤ ᠶᠢ ᠠᠬᠢᠭᠤᠯᠤᠨ᠎ᠠ᠃       ︵ᠠᠷᠪᠠᠨ ᠳᠥᠷᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ       1. ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ       ︵1︶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ ᠥᠷᠨᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠦᠷᠡᠵᠢᠯ ᠤᠨ ᠬᠠᠮᠢᠶ᠎ᠠ ᠪᠥᠬᠦᠶ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠨᠡᠶᠢᠲᠡᠯᠡᠬᠦ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠲᠥᠬᠦᠷᠵᠢᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠪᠥᠬᠦ ᠬᠤᠲᠠ ᠶᠢᠨ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠠᠮᠢᠶ᠎ᠠ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ᠎ᠠ᠃       ︵2︶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠦᠨ ᠠᠮᠠ ᠶᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠳᠦᠷᠢᠮ ᠢ ᠪᠠᠶᠢᠭᠤᠯᠤᠨ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠬᠥᠮᠦᠨ ᠠᠮᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ᠂ ᠡᠬᠢ ᠪᠠᠶᠠᠯᠢᠭ᠂ ᠣᠷᠴᠢᠨ ᠲᠣᠭᠤᠷᠢᠨ ᠵᠣᠬᠢᠴᠠᠩᠭᠤᠶ ᠦᠷᠭᠦᠯᠵᠢᠯᠡᠨ ᠬᠥᠭᠵᠢᠬᠦ ᠵᠢᠴᠢ ᠬᠥᠮᠦᠨ ᠠᠮᠠ ᠶᠢᠨ ᠤᠷᠲᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃       2. ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ         ︵1︶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠬᠤ ᠶᠢ ᠬᠠᠷᠢᠭᠤᠴᠠᠵᠤ᠂ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠣᠭᠤᠳᠴᠤ᠂ ᠨᠠᠰᠤᠵᠢᠯ ᠤᠨ ᠦᠢᠯᠡᠰ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠢ ᠡᠮᠨᠡᠨ ᠬᠠᠷᠠᠭᠠᠯᠵᠠᠵᠤ ᠰᠤᠪᠢᠯᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠢᠯᠡᠴᠢᠯᠡᠬᠦ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃       ︵2︶ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠵᠢᠯ ᠤᠨ ᠦᠢᠯᠡᠴᠢᠯᠡᠬᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ ᠪᠠ ᠬᠢᠨᠠᠨ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠬᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠ ᠬᠦᠴᠢᠷᠳᠡᠯᠲᠡᠶ ᠨᠠᠰᠤᠲᠠᠶᠢᠴᠤᠳ ᠤᠨ ᠲᠤᠰᠠᠯᠠᠮᠵᠢ ᠭᠤᠶᠤᠴᠢᠯᠠᠬᠤ ᠠᠵᠢᠯ ᠢ ᠡᠭᠦᠷᠭᠡᠯᠡᠨ᠎ᠡ᠃       3. ᠬᠥᠯᠥᠨ ᠪᠤᠶᠢᠷ ᠬᠤᠲᠠ ᠶᠢᠨ ᠬᠢᠯᠢ ᠳᠣᠲᠣᠷᠠᠬᠢ ᠮᠠᠨᠵᠤᠤᠷ ᠪᠣᠭᠤᠮᠲᠠ ᠶᠢᠨ ᠡᠯ᠎ᠡ ᠬᠠᠷᠢᠶ᠎ᠠ ᠪᠣᠭᠤᠮᠲᠠ ᠶᠢᠨ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ       ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠯᠳᠠᠪᠤᠷᠢᠲᠤ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠬᠥᠯᠥᠨ ᠪᠤᠶᠢᠷ ᠬᠤᠲᠠ ᠶᠢᠨ ᠬᠢᠯᠢ ᠳᠣᠲᠣᠷᠠᠬᠢ ᠮᠠᠨᠵᠤᠤᠷ ᠪᠣᠭᠤᠮᠲᠠ ᠶᠢᠨ ᠡᠯ᠎ᠡ ᠬᠠᠷᠢᠶᠠᠯᠠᠭᠳᠠᠬᠤ ᠬᠠᠷᠢᠴᠠᠭ᠎ᠠ ᠯᠤᠭ᠎ᠠ ᠪᠣᠭᠤᠮᠲᠠ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠠᠷᠭᠠᠴᠠᠬᠤ ᠬᠠᠮᠲᠤᠷᠠᠯᠴᠠᠭᠠᠨ ᠤ ᠲᠣᠭᠲᠠᠴᠠ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠨᠡᠪᠲᠡᠷᠡᠭᠦᠯᠦᠨ ᠰᠣᠯᠢᠯᠴᠠᠬᠤ ᠲᠣᠭᠲᠠᠴᠠ᠂ ᠪᠣᠭᠤᠮᠲᠠ ᠪᠠᠷ ᠣᠷᠣᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠢ ᠮᠡᠳᠡᠭᠡᠯᠡᠬᠦ ᠪᠠ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃       4. ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ       ︵1︶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠤᠶᠤ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠬᠤ ᠪᠠᠷ ᠳᠠᠮᠵᠢᠨ ᠢᠳᠡᠭᠡᠨ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠳᠠᠷᠦ᠋ᠢᠬᠠᠨ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠠᠮᠲᠤ ᠴᠠᠭ ᠲᠤᠬᠠᠶ ᠳᠤᠨᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠮᠡᠳᠡᠭᠳᠡᠵᠦ᠂ ᠠᠮᠤᠷ ᠲᠦᠪᠰᠢᠨ ᠤ ᠪᠤᠰᠤ ᠳ᠋ᠦᠩᠨᠡᠯᠲᠡ ᠭᠠᠷᠭᠠᠭᠰᠠᠨ ᠢᠳᠡᠭᠡᠨ ᠳᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠨᠠᠭᠤᠯᠭ᠎ᠠ ᠳᠤᠷᠠᠳᠬᠤ ᠬᠡᠷᠡᠭᠲᠡᠶ᠃       ︵2︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠡᠮ ᠤᠨ ᠮᠠᠭᠤ ᠤᠷᠪᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ ᠬᠠᠷᠢᠯᠴᠠᠨ ᠮᠡᠳᠡᠭᠳᠡᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃       5. ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ       ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ