ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/10
      ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︵ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠭᠡᠵᠦ ᠲᠣᠪᠴᠢᠯᠠᠨ᠎ᠠ ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠬᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠨᠢᠭᠡᠳᠦᠯᠲᠡᠶ ᠲᠥᠯᠥᠪᠯᠡᠬᠦ ᠣᠷᠣᠨ ᠤ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤ ᠬᠤᠲᠠ ᠲᠣᠭᠤᠷᠢᠭ ᠤᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃       ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠨᠢᠭᠡᠳᠦᠯᠲᠡᠶ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ᠂ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃       ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠪᠠ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠥᠳᠡᠯᠦᠩᠭᠦᠶ ᠲᠣᠬᠢᠷᠠᠭᠤᠯᠤᠯᠲᠠ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢᠨ ᠲᠡᠩᠴᠡᠭᠦᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠳᠣᠭᠢᠷᠠᠯᠴᠠᠭᠰᠠᠨ ᠣᠯᠭᠤᠮᠵᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃       ︵ᠳᠥᠷᠪᠡ︶ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡ ᠶᠢᠨ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡ ᠶᠢᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃       ︵ᠲᠠᠪᠤ︶ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡ ᠶᠢᠨ ᠦᠢᠯᠡᠴᠢᠯᠡᠬᠡᠨ ᠤ ᠲᠥᠷᠥᠯ ᠵᠦᠢᠯ᠂ ᠡᠮᠴᠢᠯᠡᠭᠡ ᠶᠢᠨ ᠦᠢᠯᠡᠴᠢᠯᠡᠬᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠡᠮ ᠡᠮᠨᠡᠯᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠢᠶᠠᠷ ᠭᠤᠤᠯ ᠤᠳᠤᠷᠢᠳᠤᠮᠵᠢ ᠪᠣᠯᠭᠠᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠬᠡᠨ ᠤ ᠦᠨ᠎ᠡ ᠬᠠᠩᠰᠢ ᠶᠢᠨ ᠪᠣᠶ ᠪᠣᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ᠎ᠠ᠃       ︵ᠵᠢᠷᠭᠤᠭ᠎ᠠ︶ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠯᠡᠬᠦ ᠣᠷᠣᠨ ᠤ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠣᠳᠣᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ ᠵᠦᠢᠯᠡᠰ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃       ︵ᠳᠣᠯᠤᠭ᠎ᠠ︶ ᠡᠮᠴᠢᠯᠡᠭᠡᠨ ᠤ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠥᠭᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠬᠦ ᠲᠤᠭᠲᠠᠯᠴᠠᠭ᠎ᠠ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃       ︵ᠨᠠᠢᠮᠠ︶ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠳᠠᠨ ᠬᠢᠬᠦ ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠭᠲᠠᠯᠴᠠᠭ᠎ᠠ᠂ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ ᠭᠠᠵᠠᠷ ᠡᠮᠨᠡᠭᠦᠯᠬᠦ ᠶᠢᠨ ᠬᠠᠮᠢᠶᠠᠷᠤᠯᠲᠠ ᠪᠣᠯᠤᠨ ᠵᠠᠷᠤᠳᠠᠯ ᠢ ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠡᠭᠦᠯᠳᠡᠷᠵᠢᠬᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃       ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ︵ᠠᠷᠪᠠ︶ ᠡᠭᠦᠷᠭᠡ ᠴᠢᠳᠠᠪᠤᠷᠢ ᠪᠠᠨ ᠬᠤᠪᠢᠷᠠᠭᠤᠯᠬᠤ       ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠪᠠ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠪᠥᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠭᠰᠡᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠳᠡᠶᠢᠯᠬᠦ ᠶᠢ ᠦᠨᠡᠨ ᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ︽ᠭᠤᠷᠪᠠ ᠶᠢ ᠬᠤᠯᠪᠣᠯᠳᠤᠭᠤᠯᠬᠤ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃       ︵ᠠᠷᠪᠠᠨ ᠨᠢᠭᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ         ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ       ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ