ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ ᠤᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/11
      ᠨᠢᠭᠡ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠴᠢᠬᠤᠯᠠ ᠮᠠᠲ᠋ᠧᠷᠢᠶᠠᠯ ᠢ ᠲᠤᠭᠤᠷᠪᠢᠨ ᠪᠢᠴᠢᠬᠦ᠃ ᠬᠤᠳᠠ ᠶᠢᠨ ᠵᠠᠰᠠᠭ ᠤᠨ ᠤᠷᠳᠤᠨ᠂ ᠬᠤᠲᠠ ᠶᠢᠨ ᠵᠠᠰᠠᠭ ᠤᠨ ᠤᠷᠳᠤᠨ ᠤ ᠠᠯᠪᠠᠨ ᠭᠡᠷ ᠵᠢᠴᠢ ᠬᠤᠲᠠ ᠶᠢᠨ ᠵᠠᠰᠠᠭ ᠤᠨ ᠤᠷᠳᠤᠨ ᠤ ᠨᠠᠮ ᠤᠨ ᠳᠤᠭᠤᠶᠢᠯᠠᠩ᠂ ᠬᠤᠲᠠ ᠶᠢᠨ ᠵᠠᠰᠠᠭ ᠤᠨ ᠤᠷᠳᠤᠨ ᠤ ᠪᠠᠶᠢᠭᠤᠯᠭ᠎ᠠ ᠶᠢᠨ ᠨᠠᠮ ᠤᠨ ᠳᠤᠭᠤᠶᠢᠯᠠᠩ ᠤᠨ ᠨᠠᠷ᠎ᠡ ᠪᠠᠷ ᠨᠡᠶᠢᠳᠡᠯᠡᠬᠦ ᠠᠯᠪᠠᠨ ᠪᠢᠴᠢᠭ ᠢ ᠲᠤᠭᠤᠷᠪᠢᠨ ᠪᠢᠴᠢᠬᠦ ᠪᠠ ᠬᠢᠨᠠᠨ ᠬᠠᠷᠭᠤᠭᠤᠯᠵᠤ᠂ ︽ᠬᠥᠯᠤᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠤᠡᠭᠡᠯ︾᠂ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠶᠠᠷᠢᠶᠠᠨ ᠤ ᠨᠤᠤᠷᠠᠭ ᠵᠡᠷᠭᠡ ᠡᠬᠡ ᠪᠢᠴᠢᠭ ᠢ ᠲᠤᠭᠤᠷᠪᠢᠨ ᠪᠢᠴᠢᠬᠦ ᠠᠵᠢᠯ ᠢ ᠭᠦᠢᠴᠡᠳᠬᠡᠨ᠎ᠡ᠃                       ᠬᠤᠶᠠᠷ᠂ ᠵᠢᠭᠠᠪᠤᠷᠢ ᠠᠪᠤᠡᠡᠰᠡᠨ ᠬᠠᠮᠢᠶ᠎ᠠ ᠪᠥᠬᠦᠢ ᠵᠥᠢᠯᠡᠰ ᠲᠤ ᠲᠤᠭᠤᠷᠪᠢᠡᠡᠰᠡᠨ ᠰᠠᠨᠠᠯ ᠲᠤᠷᠠᠤᠬᠠᠥ ᠶᠢ ᠰᠤᠳᠤᠯᠬᠤ᠃ ᠬᠤᠰᠢᠭᠤ ︵ᠬᠤᠳᠠ᠂ ᠲᠤᠭᠤᠷᠢᠭ︶ ᠤᠨ ᠵᠠᠰᠠᠭ ᠤᠨ ᠤᠷᠳᠤᠨ ᠪᠠ ᠬᠤᠳᠠ ᠶᠢᠨ ᠵᠠᠰᠠᠭ ᠤᠨ  ᠤᠷᠳᠤᠨ ᠤ ᠡᠯ᠎ᠠ ᠰᠠᠯᠠᠭ᠎ᠠ ᠮᠥᠴᠢᠷ ᠤᠨ ᠬᠤᠳᠠ ᠶᠢᠨ ᠵᠠᠰᠠᠭ ᠤᠨ ᠤᠷᠳᠤᠨ ᠠᠴᠠ ᠵᠢᠭᠠᠪᠤᠷᠢ ᠠᠪᠤᠡᠡᠰᠡᠨ ᠬᠠᠮᠢᠶ᠎ᠠ ᠪᠥᠬᠦᠢ ᠵᠥᠢᠯᠡᠰ ᠲᠤ ᠲᠤᠭᠤᠷᠪᠢᠡᠡᠰᠡᠨ ᠰᠠᠨᠠᠯ ᠲᠤᠷᠠᠤᠬᠠᠥ ᠶᠢ ᠰᠤᠳᠤᠯᠵᠥ᠂ ᠵᠠᠰᠠᠭ ᠤᠨ ᠤᠷᠳᠤᠨ ᠤ ᠬᠤᠯᠪᠤᠡᠡᠳᠡᠯ  ᠪᠥᠬᠦᠢ ᠤᠳᠤᠷᠢᠳᠤᠯᠭ᠎ᠠ ᠪᠠᠷ ᠬᠢᠨᠠᠨ ᠵᠦᠪᠰᠢᠶᠡᠷᠡᠬᠦᠯᠦᠨ᠎ᠡ᠃                       ᠭᠤᠷᠪᠠ᠂ ᠴᠢᠬᠤᠯᠠ ᠠᠰᠠᠭᠤᠳᠠᠯ ᠢ ᠶᠡᠷᠦᠩᠭᠡᠶᠢᠯᠡᠨ ᠵᠤᠬᠢᠴᠠᠭᠤᠯᠬᠤ ᠶᠢ ᠬᠠᠷᠢᠭᠤᠴᠠᠬᠤ᠃ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠴᠤᠬᠤᠯᠠᠪᠤᠷᠢ ᠶᠢ ᠦᠨᠳᠦᠰᠦᠯᠡᠨ᠂ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠨᠢᠭᠡᠴᠢ ᠶᠢᠨ ᠬᠤᠭᠤᠷᠤᠨᠳᠤᠬᠢ ᠮᠠᠷᠭᠤᠭᠠᠨ ᠲᠠᠢ ᠴᠢᠬᠤᠯᠠ ᠠᠰᠠᠭᠤᠳᠠᠯ ᠢ ᠵᠤᠬᠢᠴᠠᠭᠤᠯᠵᠤ᠂ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠮᠡᠳᠡᠬᠦᠯᠵᠤ ᠰᠢᠢᠳᠪᠦᠷᠢ ᠲᠤᠭᠳᠠᠭᠠᠯᠭᠠᠨ᠎ᠠ᠃       ᠳᠦᠷᠪᠡ᠂ ᠴᠠᠬᠢᠯᠭᠠᠨ ᠮᠡᠳᠡᠭᠡ ᠶᠢ ᠬᠦᠢᠴᠡᠳᠬᠡᠬᠦ ᠪᠠ ᠠᠯᠪᠠᠨ ᠪᠢᠴᠢᠭ᠂ ᠮᠠᠲ᠋ᠧᠷᠢᠶᠠᠯ ᠤᠨ ᠬᠢᠨᠠᠨ ᠪᠠᠶᠢᠴᠠᠭᠠᠬᠤ ᠶᠢ ᠬᠠᠷᠢᠭᠤᠴᠠᠬᠤ᠃ ᠬᠤᠲᠠ ᠶᠢᠨ ᠵᠠᠰᠠᠭ ᠤᠨ ᠤᠷᠳᠤᠨ ᠪᠠ ᠬᠤᠲᠠ ᠶᠢᠨ ᠵᠠᠰᠠᠭ ᠤᠨ ᠤᠷᠳᠤᠨ ᠤ ᠠᠯᠪᠠᠨ ᠬᠡᠷ ᠤᠨ ᠴᠠᠬᠢᠯᠭᠠᠨ ᠮᠡᠳᠡᠭᠡ ᠶᠢ ᠬᠦᠢᠴᠡᠳᠬᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠪᠠ ᠬᠤᠲᠠ ᠶᠢᠨ ᠵᠠᠰᠠᠭ ᠤᠨ ᠤᠷᠳᠤᠨ ᠤ ᠠᠯᠪᠠᠨ ᠬᠡᠷ ᠤᠨ ᠲᠤᠭᠲᠠᠭᠠᠭᠰᠠᠨ ᠳᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠬᠠᠤᠯᠢ ᠶᠤᠰᠤᠨ ᠤ ᠬᠢᠨᠠᠨ ᠪᠠᠶᠢᠴᠠᠭᠠᠯᠳᠠ ᠶᠠᠪᠤᠭᠤᠯᠤᠨ᠎ᠠ᠃       ᠲᠠᠪᠤ᠂ ᠬᠤᠷᠠᠯ ᠤᠨ ᠪᠡᠯᠡᠳᠬᠡᠯ ᠪᠠ ᠬᠤᠷᠠᠯ ᠤᠨ ᠬᠢᠨᠠᠨ ᠵᠦᠪᠰᠢᠶᠡᠷᠡᠬᠦ ᠬᠠᠮᠢᠶᠠᠷᠤᠯᠳᠠ ᠶᠢ ᠬᠠᠷᠢᠭᠤᠴᠠᠬᠤ᠃ ᠬᠤᠲᠠ ᠶᠢᠨ ᠵᠠᠰᠠᠭ ᠤᠨ ᠤᠷᠳᠤᠨ᠂ ᠵᠠᠰᠠᠭ ᠤᠨ ᠤᠷᠳᠤᠨ ᠤ ᠨᠠᠮ ᠤᠨ ᠳᠤᠭᠤᠶᠢᠯᠠᠩ ᠤᠨ ᠬᠤᠷᠠᠯ ᠵᠢᠴᠢ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠨᠠᠷ ᠤᠨ ᠡᠳᠦᠷ ᠳᠤᠳᠤᠮ ᠤᠨ ᠬᠤᠷᠠᠯ ᠤᠨ ᠠᠵᠢᠯ ᠢ ᠬᠠᠷᠢᠭᠤᠴᠠᠵᠤ᠂ ᠬᠤᠷᠠᠯ ᠤᠨ ᠬᠢᠨᠠᠨ ᠵᠦᠪᠰᠢᠶᠡᠷᠡᠯ ᠪᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠂ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠶᠢ ᠬᠠᠮᠵᠢᠨ ᠬᠤᠷᠠᠯ ᠤᠨ ᠲᠤᠭᠳᠠᠭᠠᠯ ᠤᠨ ᠵᠦᠢᠯᠡᠰ ᠢ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃       ᠵᠢᠷᠭᠤᠭ᠎ᠠ᠂ ᠬᠤᠳᠠ ᠶᠢᠨ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠳᠦᠯᠦᠪᠯᠡᠭᠡ ᠶᠢ ᠲᠤᠭᠳᠠᠭᠠᠨ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠬᠤᠳᠠ ᠶᠢᠨ ᠵᠠᠰᠠᠭ ᠤᠨ ᠤᠷᠳᠤᠨ ᠤ ᠨᠡᠷ᠎ᠡ ᠪᠠᠷ ᠡᠷᠬᠢᠯᠡᠭᠰᠡᠨ ᠰᠤᠨᠢᠨ ᠮᠡᠳᠡᠭᠡ ᠨᠡᠶᠢᠳᠡᠯᠡᠬᠦ ᠠᠵᠢᠯᠯᠠᠭ᠎ᠠ ᠶᠢ ᠳᠠᠭᠠᠭᠠᠴᠢᠯᠠᠨ ᠭᠦᠢᠴᠡᠳᠬᠡᠨ᠎ᠡ᠃       ᠳᠤᠯᠤᠭ᠎ᠠ᠂ ᠴᠢᠬᠤᠯᠠ ᠠᠵᠢᠯ ᠤᠨ ᠱᠠᠭᠠᠷᠳᠠᠨ ᠪᠠᠶᠢᠴᠠᠭᠠᠯᠳᠠ ᠶᠢ ᠬᠠᠷᠢᠭᠤᠴᠠᠬᠤ᠃ ᠪᠦᠬᠦ ᠬᠤᠲᠠ ᠶᠢᠨ ᠵᠠᠰᠠᠭ ᠤᠨ ᠤᠷᠳᠤᠨ ᠤ ᠰᠢᠰᠲ᠋ᠧᠮ ᠠᠴᠠ ᠲᠦᠷᠦ  ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠠ ᠬᠤᠲᠠ ᠶᠢᠨ ᠵᠠᠰᠠᠭ ᠤᠨ ᠤᠷᠳᠤᠨ ᠤ ᠰᠢᠢᠳᠪᠦᠷᠢ ᠵᠢᠴᠢ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠠᠵᠢᠯᠳᠠᠳ ᠲᠤ ᠦᠭᠭᠦᠭᠰᠡᠨ ᠴᠤᠬᠤᠯᠠᠪᠤᠷᠢ ᠶᠢ ᠳᠤᠤᠱᠯᠠᠭᠤᠯᠤᠨ ᠬᠡᠷᠡᠭᠵᠢᠬᠦᠯᠦᠭᠰᠡᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠴᠠᠭ ᠲᠤᠬᠠᠢ ᠳᠤ ᠨᠢ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠨᠦᠬᠦᠳ ᠲᠤ ᠬᠠᠷᠢᠭᠤ ᠮᠡᠳᠡᠬᠦᠯᠦᠨ᠎ᠡ᠃ ᠬᠤᠳᠠ ᠶᠢᠨ ᠵᠠᠰᠠᠭ ᠤᠨ ᠤᠷᠳᠤᠨ ᠤ ᠡᠯ᠎ᠠ ᠰᠠᠯᠠᠭ᠎ᠠ ᠮᠥᠴᠢᠷ ᠲᠤ ᠬᠤᠯᠪᠤᠡᠡᠳ᠋ᠬᠠᠥ ᠠᠷᠠᠤᠨ ᠤᠨ ᠲᠥᠯᠤᠬᠡᠯᠩᠴᠢᠤᠨ ᠤᠨ ᠶᠡᠭᠡ ᠬᠤᠷᠠᠯ ᠤᠨ ᠵᠥᠪᠯᠡᠯᠭᠡ᠂ ᠤᠯᠤᠰ ᠲᠥᠷᠥ ᠶᠢᠨ ᠵᠥᠪᠯᠡᠯᠭᠡᠨ ᠤ ᠲᠤᠷᠠᠳᠤᠯᠭ᠎ᠠ ᠶᠢ ᠲᠤᠰᠢᠶᠠᠨ ᠬᠥᠢᠴᠡᠤᠡᠭᠡᠬᠦ᠂ ᠱᠠᠭᠠᠷᠳᠡᠨ ᠬᠥᠢᠴᠡᠤᠡᠭᠡᠬᠦ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ᠃       ᠨᠠᠢᠮᠠ᠂ ᠵᠠᠰᠠᠭ ᠤᠨ ᠶᠠᠪᠤᠳᠡᠯ ᠤᠨ ᠮᠡᠳᠡᠭᠡ ᠵᠠᠩᠬᠢ ᠪᠠ ᠪᠠᠶᠢᠴᠠᠭᠠᠨ ᠰᠤᠳᠤᠯᠤᠯᠳᠠ ᠶᠢ ᠬᠠᠷᠢᠭᠤᠴᠠᠬᠤ᠃ ᠵᠠᠰᠠᠭ ᠤᠨ ᠶᠠᠪᠤᠳᠡᠯ ᠤᠨ ᠮᠡᠳᠡᠭᠡ ᠵᠠᠩᠬᠢ ᠴᠤᠡᠡᠯᠠᠭᠤᠯᠬᠤ᠂ ᠨᠠᠶᠢᠷᠠᠭᠤᠯᠬᠤ᠂ ᠡᠮᠬᠢᠤᠡᠭᠡᠬᠦ᠂ ᠲᠠᠮᠵᠢᠭᠤᠯᠬᠤ ᠠᠵᠢᠯ ᠢ ᠬᠠᠷᠢᠭᠤᠴᠠᠵᠥ᠂ ᠬᠤᠳᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠰᠢᠢᠳᠪᠦᠷᠢᠲᠤ ᠪᠤᠳᠤᠯᠭ᠎ᠠ ᠲᠤᠡᠡᠳᠠᠭᠠᠬᠤ ᠳᠤ ᠯᠠᠪᠯᠠᠯᠳᠠ ᠬᠠᠩᠭᠠᠨ᠎ᠠ︔ ᠬᠤᠲᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠨᠦᠬᠦᠳ ᠤᠨ ᠪᠠᠶᠢᠴᠠᠭᠠᠨ ᠰᠤᠳᠤᠯᠤᠯᠳᠠ ᠶᠢᠨ ᠠᠵᠢᠯ ᠢ ᠵᠤᠬᠢᠶᠠᠨ ᠪᠠᠶᠢᠭᠤᠯᠵᠤ ᠲᠤᠬᠢᠷᠠᠭᠤᠯᠤᠨ᠎ᠠ᠃       ᠶᠢᠰᠦ᠂ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠤᠷᠴᠢᠭᠤᠯᠭ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠵᠠᠰᠠᠭ ᠤᠨ ᠤᠷᠳᠤᠨ᠂ ᠬᠤᠲᠠ ᠶᠢᠨ ᠵᠠᠰᠠᠭ ᠤᠨ ᠤᠷᠳᠤᠨ ᠤ ᠠᠯᠪᠠᠨ ᠬᠡᠷ ᠤᠨ ᠡᠯ᠎ᠠ ᠲᠥᠷᠤᠯ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠮᠠᠲ᠋ᠧᠷᠢᠶᠠᠯ ᠢ ᠮᠤᠩᠭᠤᠯ ᠢᠶᠠᠷ ᠤᠷᠴᠢᠭᠤᠯᠬᠤ ᠠᠵᠢᠯ ᠢ ᠬᠠᠷᠢᠭᠤᠴᠠᠨ᠎ᠠ︔ ᠬᠤᠳᠠ ᠶᠢᠨ  ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠬᠡᠯᠡᠨ ᠤ ᠤᠷᠴᠢᠭᠤᠯᠭ᠎ᠠ ᠶᠢᠨ ᠠᠵᠢᠯ ᠢ ᠵᠢᠯᠤᠭᠤᠳᠤᠨ᠎ᠠ᠃       ᠠᠷᠪᠠ᠂ ᠠᠵᠤ ᠠᠬᠤᠢ ᠠᠮᠢ ᠠᠬᠤᠢ ᠶᠢᠨ ᠬᠦᠷᠢᠶᠡᠨ ᠤ ᠦᠬᠡᠷᠡᠴᠢᠯᠡᠯᠳᠡ᠂ ᠪᠠᠶᠢᠴᠠᠭᠠᠨ ᠰᠤᠳᠤᠯᠤᠯᠳᠠ ᠶᠢ ᠬᠠᠷᠢᠭᠤᠴᠠᠨ᠎ᠠ᠃ ᠠᠵᠤ ᠠᠬᠤᠢ ᠠᠮᠢ ᠠᠬᠤᠢ  ᠶᠢᠨ ᠬᠦᠷᠢᠶᠡᠨ ᠤ ᠦᠬᠡᠷᠡᠴᠢᠯᠡᠯᠳᠡ ᠶᠢᠨ ᠴᠢᠬᠤᠯᠠ ᠶᠡᠭᠡ ᠠᠰᠠᠭᠤᠳᠠᠯ ᠳᠤ ᠲᠦᠷᠦ ᠶᠢᠨ ᠪᠤᠳᠤᠯᠭ᠎ᠠ ᠶᠢᠨ ᠰᠤᠳᠤᠯᠭ᠎ᠠ ᠦᠷᠨᠢᠬᠦᠯᠬᠦ ᠶᠢ ᠵᠤᠬᠢᠶᠠᠨ ᠪᠠᠶᠢᠭᠤᠯᠵᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃ ᠪᠦᠬᠦ ᠬᠤᠳᠠ ᠶᠢᠨ ᠠᠵᠤ ᠠᠬᠤᠢ ᠠᠮᠢ ᠠᠬᠤᠢ ᠶᠢᠨ ᠬᠦᠷᠢᠶᠡᠨ ᠤ ᠦᠬᠡᠷᠡᠴᠢᠯᠡᠯᠳᠡ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠵᠤ᠂ ᠦᠨᠡᠯᠡᠨ ᠵᠢᠱᠢᠬᠦ ᠪᠠ ᠱᠠᠭᠠᠷᠳᠠᠨ ᠪᠠᠶᠢᠴᠠᠭᠠᠨ᠎ᠠ᠃       ᠠᠷᠪᠠᠨ ᠨᠢᠭᠡ᠂ ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠠᠵᠢᠯ ᠤᠨ ᠬᠠᠮᠢᠶ᠎ᠠ ᠪᠦᠬᠦᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃       ᠠᠷᠪᠠᠨ ᠬᠤᠶᠠᠷ᠂ ᠬᠤᠳᠠ ᠶᠢᠨ ᠵᠠᠰᠠᠭ ᠤᠨ ᠤᠷᠳᠤᠨ ᠤ ᠵᠢᠵᠢᠭᠦᠷᠯᠡᠬᠦ ᠵᠢᠴᠢ ᠬᠡᠨᠡᠤᠡᠳᠠ ᠶᠢᠨ ᠤᠯᠠᠨ ᠨᠠᠶᠢᠳᠠ ᠶᠢᠨ ᠬᠡᠷᠡᠭ ᠢ ᠠᠷᠭᠠᠴᠬᠠᠥ ᠬᠠᠮᠢᠶ᠎ᠠ ᠪᠥᠬᠦᠢ ᠠᠵᠢᠯ ᠢ ᠬᠠᠷᠢᠭᠤᠴᠠᠵᠥ᠂ ᠬᠤᠳᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠳᠤ ᠴᠢᠬᠤᠯᠨ ᠪᠠᠶᠢᠳᠡᠯ ᠢ ᠮᠡᠳᠡᠬᠦᠯᠵᠤ᠂ ᠬᠠᠮᠢᠶ᠎ᠠ ᠪᠦᠬᠦᠢ ᠤᠴᠢᠷ ᠶᠠᠪᠤᠳᠠᠯ ᠢ ᠬᠠᠮᠵᠢᠯᠴᠠᠨ ᠰᠢᠢᠳᠪᠦᠷᠢᠯᠡᠨ᠎ᠡ᠃         ᠠᠷᠪᠠᠨ ᠭᠤᠷᠪᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠤᠯᠠᠨ ᠨᠡᠶᠢᠳᠡ ᠶᠢᠨ ᠪᠠᠶᠢᠭᠤᠯᠤᠮᠵᠢ ᠶᠢᠨ ᠡᠨᠧᠷᠬᠢ ᠠᠷᠪᠢᠯᠠᠬᠤ᠂ ᠠᠯᠪᠠᠨ ᠶᠠᠪᠤᠳᠠᠯ ᠳᠤ ᠬᠡᠷ ᠬᠡᠷᠡᠭᠯᠡᠬᠦ᠂ ᠠᠯᠪᠠᠨ ᠶᠠᠪᠤᠳᠠᠯ ᠳᠤ ᠳᠡᠷᠬᠡ ᠬᠡᠷᠡᠭᠯᠡᠬᠦ ᠳᠤ ᠬᠢᠨᠠᠯᠳᠠ ᠳᠠᠯᠪᠢᠬᠤ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ᠃         ᠠᠷᠪᠠᠨ ᠳᠦᠷᠪᠡ᠂  ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠳᠤ ᠱᠠᠳᠤᠨ ᠤ ᠳᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠲᠤᠰᠢᠶ᠋ᠬᠠᠰᠡᠨ ᠪᠤᠰᠤᠤᠨ ᠠᠵᠢᠯ ᠢ ᠬᠥᠢᠴᠡᠤᠡᠭᠡᠨ᠎ᠠ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ