ᠳᠤᠭᠠᠷᠰᠦ᠋ᠷᠦᠩ
ᠨᠡᠶᠢᠲᠡᠯᠡᠭᠰᠡᠨ ᠴᠠᠭ᠄
2022/11/30

      ᠳᠤᠭᠠᠷᠰᠦ᠋ᠷᠦᠩ ᠤᠨ ᠳᠤᠪᠴᠢ ᠨᠠᠮᠳᠠᠷ᠄

      ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩᠪᠤᠯᠠᠭ ᠰᠤᠮᠤᠨ ᠳᠤ 1948 ᠤᠨ ᠤ 4 ᠰᠠᠷ᠎ᠠ ᠶᠢᠨ 5 ᠤ ᠡᠳᠦᠷ

ᠬᠦᠢᠴᠡᠯᠢᠭ ᠤᠪᠤᠭ ᠤᠨ ᠡᠩ ᠤᠨ ᠨᠢᠬᠡ ᠮᠠᠯᠴᠢᠨ ᠤ ᠭᠡᠷ ᠲᠤ ᠳᠦᠷᠦᠪᠡ᠃ 1964 ᠤᠨ ᠳᠤ ᠠᠪᠤ ᠡᠵᠢ ᠨᠢ ᠨᠠᠰᠤᠵᠢᠭᠰᠠᠨ ᠤ ᠬᠠᠷᠠᠭ᠎ᠠ ᠠᠴᠠ ᠪᠠᠭ᠎ᠠ

ᠰᠤᠷᠭᠠᠭᠤᠯᠢ ᠪᠠᠨ ᠳᠦᠩᠭᠡᠵᠦ ᠳᠡᠬᠦᠰᠦᠭᠡᠳ ︽5·1︾ ᠮᠠᠯᠵᠢᠯ ᠤᠨ ᠳᠠᠯᠠᠪᠠᠢ ᠳᠤ ᠮᠠᠯᠴᠢᠨ ᠪᠤᠯᠵᠤ᠂ ᠳᠠᠬᠢᠨ 1966 ᠤᠨ ᠳᠤ ᠤᠯᠤᠰ ᠤᠨ ᠠᠵᠢᠯᠳᠠᠨ ᠪᠤᠯᠵᠤ᠂

1973 ᠤᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠰᠢᠨᠡᠪᠤᠯᠠᠭ ᠰᠤᠮᠤ ᠶᠢᠨ ᠵᠠᠰᠠᠭ ᠤᠨ ᠤᠷᠳᠤᠨ ᠳᠤ ᠠᠵᠢᠯᠯᠠᠪᠠ᠃ 1975 ᠤᠨ ᠳᠤ ᠬᠠᠶᠢᠯᠠᠷ ᠤᠨ

ᠮᠤᠩᠭᠤᠯ ᠦᠨᠳᠦᠰᠦᠳᠡᠨ ᠤ ᠪᠠᠭᠰᠢ ᠶᠢᠨ ᠰᠤᠷᠭᠠᠭᠤᠯᠢ ᠳᠤ ᠨᠢᠭᠡ ᠵᠢᠯ ᠰᠤᠷᠤᠯᠴᠠᠵᠤ᠂ 1976 — 1986 ᠤᠨ ᠬᠦᠷᠳᠡᠯ᠎ᠡ ᠦᠪᠦᠷᠪᠤᠯᠠᠭ ᠰᠤᠮᠤ᠂

ᠪᠠᠶᠠᠨᠪᠦ᠋ᠷᠢᠲᠦ ᠰᠤᠮᠤ᠂ ᠰᠢᠨᠡᠪᠤᠯᠠᠭ ᠰᠤᠮᠤᠨ ᠳᠤ ᠠᠷᠪᠠᠨ ᠵᠢᠯ ᠪᠠᠭᠰᠢᠯᠠᠪᠠ᠃ 1986 — 1994 ᠤᠨ ᠳᠤ ᠰᠢᠨᠡᠪᠤᠯᠠᠭ ᠰᠤᠮᠤ ᠶᠢᠨ ᠠᠷᠠᠳ ᠤᠨ ᠵᠠᠰᠠᠭ ᠤᠨ

ᠤᠷᠳᠤᠨ ᠳᠤ ᠨᠠᠷᠢᠨ ᠪᠢᠴᠢᠭᠡᠴᠢ᠂ ᠠᠯᠪᠠᠨ ᠭᠡᠷ ᠤᠨ ᠡᠷᠭᠢᠯᠡᠭᠴᠢ ᠪᠠᠷ ᠠᠵᠢᠯᠯᠠᠨ᠂ 1994 — 1998 ᠤᠨ ᠳᠤ ᠰᠢᠨ᠎ᠡ ᠪᠠᠷᠭᠤ ᠵᠡᠭᠦᠨ ᠬᠤᠰᠢᠭᠤᠨ ᠤ ᠳᠡᠤᠭᠡ

ᠨᠠᠶᠢᠷᠠᠭᠤᠯᠬᠤ ᠠᠯᠪᠠᠨ ᠭᠡᠷ ᠲᠤ ᠨᠠᠶᠢᠷᠠᠭᠤᠯᠤᠭᠴᠢ ᠪᠠᠷ ᠠᠵᠢᠯᠯᠠᠭᠠᠳ ᠠᠵᠢᠯ ᠠᠴᠠ ᠪᠠᠨ ᠠᠮᠠᠷᠠᠪᠠ᠃

      ᠳᠤᠭᠠᠷᠰᠦ᠋ᠷᠦᠩ ᠭᠤᠸᠠᠢ 1981 ᠤᠨ ᠠᠴᠠ ᠡᠭᠢᠯᠡᠨ ᠠᠵᠢᠯ ᠤᠨ ᠴᠢᠯᠦᠭᠡ ᠪᠠᠨ ᠠᠰᠢᠬᠯᠠᠨ ᠤᠷᠳᠤ ᠶᠢᠨ ᠳᠠᠭᠤᠤ ᠡᠮᠬᠢᠳᠬᠡᠨ ᠴᠤᠭᠯᠠᠭᠤᠯᠬᠤ

ᠠᠵᠢᠯ ᠢᠶᠠᠨ ᠡᠬᠢᠯᠡᠬᠦᠯᠪᠡ᠃ 2011 ᠤᠨ ᠳᠤ ᠳᠦᠷᠪᠡᠨ ᠪᠦᠯᠦᠭᠳᠦ ᠲᠧᠯᠸᠢᠰ ᠵᠦᠴᠦᠭᠡ ᠪᠤᠯᠬᠤ ︽ᠽᠠᠨᠳᠠᠨ ᠱᠠᠳᠤ︾ ᠶᠢᠨ ᠭᠤᠤᠯ ᠳᠦᠷᠢ ᠶᠢ ᠲᠤᠭᠯᠠᠨ

ᠪᠦᠳᠦᠭᠡᠪᠡ᠃ ᠮᠦᠨ ᠲᠤᠰ ᠵᠢᠯ ᠠᠴᠠ ᠡᠬᠢᠯᠡᠨ ᠰᠢᠨ᠎ᠡ ᠪᠠᠷᠭᠤ ᠵᠡᠭᠦᠨ ᠬᠤᠰᠢᠭᠤᠨ ᠤ ᠤᠷᠳᠤ ᠶᠢᠨ ᠳᠠᠭᠤᠤ ᠶᠢᠨ ᠨᠡᠶᠢᠭᠡᠮᠯᠢᠭ ᠤᠨ ᠳᠡᠷᠢᠬᠦᠯᠡᠭᠴᠢ ᠶᠢᠨ ᠳᠤᠰᠢᠶᠠᠯ ᠢ

ᠡᠭᠦᠷᠭᠡᠯᠡᠪᠡ᠃

      2013 ᠤᠨ ᠳᠤ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭ᠎ᠠ ᠶᠢ ᠬᠦᠯᠢᠶᠡᠨ ᠳᠤᠭᠠᠷᠰᠥ᠋ᠷᠦᠩ ᠭᠤᠸᠠᠢ ᠪᠠᠷᠭᠤ ᠤᠷᠳᠤ ᠶᠢᠨ

ᠳᠠᠭᠤᠤ ᠪᠠᠨ ᠳᠠᠭᠤᠯᠠᠵᠤ ᠡᠷᠬᠦᠬᠦ ᠶᠢᠨ ᠬᠠᠮᠳᠤ ᠤᠷᠳᠤ ᠶᠢᠨ ᠳᠠᠭᠤᠤ ᠶᠢᠨ ᠳᠤᠮᠤᠭ ᠢ ᠶᠠᠷᠢᠬᠤ ᠪᠠᠷ ᠳᠠᠮᠵᠢᠭᠤᠯᠤᠨ ᠳᠡᠯᠡᠬᠡᠢ ᠶᠢᠨ ᠳᠠᠪᠢ ᠭᠠᠷᠤᠢ ᠤᠯᠤᠰ ᠤᠷᠤᠨ ᠤ

ᠮᠤᠩᠭᠤᠯ ᠰᠤᠨᠤᠰᠤᠭᠴᠢᠳ ᠤᠨ ᠰᠤᠨᠤᠷ ᠲᠤ ᠪᠠᠷᠭᠤ ᠤᠷᠳᠤ ᠶᠢᠨ ᠳᠠᠭᠤᠤ ᠪᠠᠨ ᠬᠦᠷᠬᠡᠵᠤ ᠴᠢᠳᠠᠭᠰᠠᠨ ᠪᠠᠶᠢᠨ᠎ᠠ᠃

      2014 ᠤᠨ ᠤ 10 ᠰᠠᠷ᠎ᠠ ᠶᠢᠨ 19 ᠤ ᠡᠳᠦᠷ ᠦᠪᠦᠷ ᠮᠤᠩᠭᠤᠯ ᠤᠨ ᠷᠠᠳᠢᠣ᠋ ᠬᠤᠷᠢᠶ᠎ᠠ ᠶᠢᠨ ︽ᠳᠠᠯ᠎ᠠ ᠶᠢᠨ ᠴᠤᠤᠷᠢᠶ᠎ᠠ︾ ᠨᠡᠪᠳᠡᠷᠡᠬᠦᠯᠬᠡ ᠳᠤ ᠤᠷᠤᠵᠤ᠂

ᠪᠠᠷᠭᠤ ᠠᠷᠠᠳ ᠤᠨ ᠤᠷᠳᠤ ᠶᠢᠨ ᠳᠠᠭᠤᠤ ︽ᠱᠠᠩᠳᠠ ᠶᠢᠨ ᠭᠤᠤᠯ ᠤᠨ ᠳᠡᠨᠵᠢᠨ ᠳᠡᠭᠡᠷ᠎ᠡ︾ ᠬᠡᠳᠡᠭ ᠳᠠᠭᠤᠤ ᠶᠢᠨ ᠳᠤᠬᠠᠢ ᠳᠤᠰᠬᠠᠢ ᠰᠡᠳᠦᠪ ᠢᠶᠠᠷ ᠶᠠᠷᠢᠶ᠎ᠠ ᠬᠢᠪᠡ᠃

      2015 ᠤᠨ ᠤ 6 ᠰᠠᠷ᠎ᠠ ᠶᠢᠨ 21 ᠤ ᠡᠳᠦᠷ ᠤᠨ ᠦᠪᠦᠷ ᠮᠤᠩᠭᠤᠯ ᠤᠨ ᠷᠠᠳᠢᠣ᠋ ᠬᠤᠷᠢᠶ᠎ᠠ ᠶᠢᠨ ︽ᠰᠤᠶᠤᠯ ᠤᠨ ᠳᠦᠷᠦᠬᠡ︾ ᠨᠡᠪᠳᠡᠷᠡᠬᠦᠯᠬᠡ ᠶᠢᠨ ᠵᠠᠭᠤᠨ

ᠬᠤᠷᠢᠨ ᠮᠢᠨᠥ᠋ᠲ ᠤᠨ ᠰᠤᠷᠪᠤᠯᠵᠢᠯᠠᠭ᠎ᠠ ᠶᠢ ᠬᠦᠯᠢᠶᠡᠪᠡ᠃ 2015 ᠤᠨ ᠤ 7 ᠰᠠᠷ᠎ᠠ ᠶᠢᠨ 29 ᠤ ᠡᠳᠦᠷ ᠪᠦᠬᠦ ᠤᠷᠤᠨ ᠤ ᠤᠷᠳᠤ ᠶᠢᠨ ᠳᠠᠭᠤᠤ ᠶᠢᠨ ᠰᠤᠳᠤᠯᠤᠨ

ᠶᠠᠷᠢᠯᠴᠠᠬᠤ ᠬᠤᠷᠠᠯ ᠳᠡᠭᠡᠷ᠎ᠡ ᠤᠷᠳᠤ ᠶᠢᠨ ᠳᠠᠭᠤᠤ ᠶᠢᠨ ᠰᠤᠳᠤᠯᠭᠠᠨ ᠤ ᠵᠢᠷᠠ ᠭᠠᠷᠤᠢ ᠳᠦᠷᠦᠯ ᠤᠨ ᠦᠬᠦᠯᠡᠯ ᠤᠨ ᠰᠢᠯᠭᠠᠷᠠᠭᠤᠯᠤᠯᠳᠠ ᠳᠤ ᠳᠤᠭᠠᠷᠰᠥ᠋ᠷᠦᠩ ᠤᠨ

ᠳᠡᠪᠰᠢᠬᠦᠯᠦᠭᠰᠡᠨ ︽ᠬᠦᠯᠦᠨ ᠪᠤᠶᠢᠷ ᠪᠠᠷᠭᠤ ᠠᠷᠠᠳ ᠤᠨ ᠤᠷᠳᠤ ᠶᠢᠨ ᠳᠠᠭᠤᠤ ᠶᠢᠨ ᠳᠤᠬᠠᠢ ᠦᠬᠦᠯᠡᠬᠦ ᠨᠢ︾ ᠬᠡᠬᠦ ᠦᠬᠦᠯᠡᠯ ᠨᠢ ᠪᠦᠬᠦ ᠤᠷᠤᠨ ᠤ ᠨᠢᠬᠡᠳᠦᠬᠡᠷ

ᠳᠡᠰ ᠤᠨ ᠱᠠᠩᠨᠠᠯ ᠢ ᠬᠦᠷᠳᠡᠪᠡ᠃

      2017 ᠤᠨ ᠤ 7 ᠰᠠᠷ᠎ᠠ ᠳᠤ ︽ᠳᠠᠭᠤᠴᠢᠳ ᠤᠨ ᠤᠪᠤᠭ᠎ᠠ︾ ᠳᠠᠭᠢᠬᠤ ᠠᠵᠢᠯ ᠢ ᠵᠤᠭᠢᠶᠡᠨ ᠪᠠᠶᠢᠭᠤᠯᠤᠨ ᠭᠢᠵᠤ ᠤᠤᠯ ᠤᠨ ᠪᠦᠭᠡ ᠪᠡ ᠯᠠᠮᠠ ᠳᠠᠭᠢᠳᠠᠭ

ᠵᠤᠷᠰᠢᠯ ᠢ ᠡᠪᠳᠡᠵᠤ ᠤᠪᠤᠭ᠎ᠠ ᠳᠡᠭᠢᠬᠤ ᠦᠶ᠎ᠡ ᠳᠤ ᠤᠷᠳᠤ ᠶᠢᠨ ᠳᠠᠭᠤᠤ ᠪᠠᠷ ᠳᠠᠭᠢᠬᠤ ᠶᠢᠨ ᠬᠠᠮᠳᠤ ᠭᠡᠥᠭᠡᠳ ᠤᠨ ᠤᠷᠳᠤ ᠶᠢᠨ ᠳᠠᠭᠤᠤ ᠶᠢᠨ ᠤᠷᠤᠯᠳᠤᠭᠠᠨ

ᠦᠷᠨᠢᠬᠦᠯᠵᠦ ᠪᠠᠰᠠ ᠨᠢᠭᠡᠨ ᠤᠨᠴᠠᠯᠢᠭ ᠢᠶᠠᠷ ᠰᠢᠨ᠎ᠡ ᠶᠢ ᠡᠭᠦᠳᠴᠦ ᠤᠪᠤᠭ᠎ᠠ ᠪᠠᠨ ᠳᠠᠬᠢᠯ᠎ᠠ᠃ ᠮᠦᠨ ᠲᠤᠰ ᠵᠢᠯ ᠳᠤ᠂ ᠬᠤᠰᠢᠭᠤᠨ ᠤ ᠪᠠᠨ ︽ᠮᠤᠩᠭᠤᠯ ᠤᠷᠳᠤ ᠶᠢᠨ

ᠳᠠᠭᠤᠤ ᠶᠢᠨ ᠦᠯᠦᠬᠡᠢ︾ ᠭᠡᠬᠦ ᠢᠷᠠᠭᠤ ᠠᠯᠳᠠᠷ ᠢᠶᠠᠨ ᠬᠠᠮᠠᠭᠠᠯᠠᠬᠤ ᠶᠢᠨ ᠡᠭᠦᠳᠡᠨ ᠠᠴᠠ ︽ᠭᠠᠯᠪᠠᠷ ᠰᠤᠮᠤ︾᠂ ︽ᠦᠪᠦᠷᠪᠤᠯᠠᠭ ᠰᠤᠮᠤ︾ ᠳᠤ ᠤᠷᠳᠤ ᠶᠢᠨ ᠳᠠᠭᠤᠤ ᠶᠢᠨ

ᠬᠤᠪᠢᠶᠠᠷᠢ ᠨᠡᠶᠢᠭᠡᠮᠯᠢᠭ ᠢ ᠡᠭᠦᠳᠦᠨ ᠪᠠᠶᠢᠭᠤᠯᠪᠠ᠃

      2018 ᠤᠨ ᠤ 1 ᠰᠠᠷ᠎ᠠ ᠳᠤ ᠤᠷᠤᠨ ᠤ ᠳᠦᠪ ᠬᠦᠭᠡᠬᠤᠳᠠ ᠳᠤ ᠤᠴᠢᠵᠤ ᠪᠠᠷᠭᠤ ᠤᠷᠳᠤ ᠶᠢᠨ ᠳᠠᠭᠤᠤ ᠪᠠᠷ ᠭᠤᠤᠯᠯᠠᠭᠰᠠᠨ ᠵᠠᠭᠤᠨ ᠢᠵᠢ᠂ ᠳᠦᠷᠪᠡᠨ

ᠵᠠᠭᠤᠭᠠᠳ ᠪᠠᠳᠠᠭ ᠳᠠᠭᠤᠤ ᠶᠢ ᠳᠠᠭᠤᠯᠠᠨ ᠰᠢᠩᠭᠡᠭᠡᠵᠤ᠂ 6 ᠰᠠᠷ᠎ᠠ ᠳᠤ ᠦᠪᠦᠷ ᠮᠤᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠬᠦᠯᠦᠨ ᠪᠤᠶᠢᠷ ᠪᠠᠷᠭᠤ

ᠤᠷᠳᠤ ᠶᠢᠨ ᠳᠠᠭᠤᠤ ᠶᠢᠨ ᠪᠠᠭᠰᠢ ᠪᠠᠷ ᠤᠷᠢᠭᠳᠠᠨ ᠠᠵᠢᠯᠯᠠᠨ᠂ ᠪᠠᠰᠠ ᠳᠠᠬᠢᠨ ᠳᠠᠯᠠᠨ ᠳᠠᠪᠤᠨ ᠳᠠᠭᠤᠤ ᠨᠡᠮᠡᠵᠦ ᠰᠢᠩᠭᠡᠭᠡᠵᠡᠢ᠃ 11 ᠰᠠᠷ᠎ᠠ ᠳᠤᠨᠢ ᠦᠪᠦᠷ

ᠮᠤᠩᠭᠤᠯ ᠤᠨ ᠤᠳᠤᠨ ᠲᠧᠯᠸᠢᠰ ᠤᠨ ︽ᠤᠳᠤᠳ ᠳᠦᠬᠡᠬᠦ ᠴᠠᠭ︾ ᠨᠡᠪᠳᠡᠷᠡᠬᠦᠯᠬᠡ ᠳᠤ ᠤᠷᠤᠯᠴᠠᠵᠦ ᠤᠳᠤ ᠪᠤᠯᠳᠠᠯᠠᠬᠢ ᠬᠤᠰᠢᠭᠤᠨ ᠠᠴᠠ ᠪᠠᠨ ᠲᠤᠰ

ᠨᠡᠪᠲᠡᠷᠡᠭᠦᠯᠭᠡ ᠳᠤ ᠤᠷᠤᠯᠴᠠᠭᠰᠠᠨ ᠴᠤᠷ ᠤᠨ ᠭᠠᠭᠴᠠ ᠵᠤᠴᠢᠨ ᠪᠤᠯᠤᠭᠰᠠᠨ ᠪᠢᠯᠡ᠃  

      ᠲᠡᠷᠡ ᠪᠠᠷ ᠪᠠᠰᠠ 2014 ᠤᠨ ᠤ 8 ᠰᠠᠷ᠎ᠠ ᠳᠤ ᠦᠪᠡᠷᠳᠡᠭᠡᠨ ᠵᠠᠰᠠᠬᠤ ᠤᠷᠤᠨ ᠤ ︽ᠪᠤᠳᠠᠰ ᠤᠨ ᠪᠤᠰᠤ ᠰᠤᠶᠤᠯ ᠤᠨ ᠮᠤᠩᠭᠤᠯ ᠤᠷᠳᠤ ᠶᠢᠨ ᠳᠠᠭᠤᠤ᠂

ᠪᠠᠷᠭᠤ ᠤᠷᠳᠤ ᠶᠢᠨ ᠳᠠᠭᠤᠤ ᠶᠢᠨ ᠳᠦᠯᠦᠭᠡᠯᠡᠭᠴᠢ ᠦᠪᠯᠡᠨ ᠤᠯᠠᠮᠵᠢᠯᠠᠭᠴᠢ︾ ᠶᠢᠨ ᠢᠷᠠᠭᠤ ᠠᠯᠳᠠᠷ ᠢ ᠬᠦᠷᠳᠡᠵᠤ ᠪᠠᠶᠢᠭᠰᠠᠨ ᠪᠤᠯ 2018 ᠤᠨ ᠤ 5 ᠰᠠᠷ᠎ᠠ ᠳᠤ

ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠭᠴᠢ ᠴᠢᠨᠠᠷᠲᠠᠢ ᠲᠦᠷᠦᠯ ᠵᠦᠢᠯ ᠤᠨ ᠮᠤᠩᠭᠤᠯ ᠤᠷᠲᠦ ᠶᠢᠨ ᠳᠠᠭᠤᠤ ︵ᠪᠠᠷᠭᠤ

ᠤᠷᠲᠦ ᠶᠢᠨ ᠳᠠᠭᠤᠤ︶ ᠶᠢᠨ ᠲᠦᠯᠦᠭᠡᠯᠡᠭᠴᠢ ᠴᠢᠨᠠᠷᠳᠠᠢ ᠤᠯᠠᠮᠵᠢᠯᠠᠭᠴᠢ ᠶᠢᠨ ᠢᠷᠡᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠠᠢ᠃

ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ