ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/8
      ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠳᠥᠭᠦᠮᠴᠢᠯᠡᠭᠡᠳ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠭᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ       ︵ᠨᠢᠭᠡ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠦᠷᠢᠮ ᠢ ᠲᠤᠭᠤᠷᠪᠢᠨ ᠲᠣᠭᠲᠠᠭᠠᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠨ᠂ ᠬᠤᠰᠢᠭᠤᠨ ︵ᠬᠤᠲᠠ᠂ ᠲᠣᠭᠤᠷᠢᠭ︶ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠵᠢᠯᠣᠭᠤᠳᠤᠨ ᠬᠢᠨᠠᠨ᠎ᠠ᠃       ︵ᠬᠤᠶᠠᠷ︶ ᠬᠤᠲᠠ ᠶᠢᠨ ᠲᠣᠰ ᠱᠠᠲᠤᠨ ᠤ ᠤᠯᠤᠰ ᠤᠨ ᠦᠮᠴᠢᠯᠡᠯᠳᠤ ᠡᠳ᠋ ᠬᠥᠷᠥᠩᠭᠡ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠤᠲᠠ ᠶᠢᠨ ᠲᠣᠰ ᠱᠠᠲᠤᠨ ᠤ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠦᠭᠡᠢ︶ ᠤᠨ ᠤᠯᠤᠰ ᠤᠨ ᠦᠮᠴᠢᠯᠡᠯᠳᠤ ᠡᠳ᠋ ᠬᠥᠷᠥᠩᠭᠡ ᠶᠢ ᠬᠢᠨᠠᠨ ᠬᠠᠮᠢᠶᠠᠷᠤᠨ᠎ᠠ᠃       ︵ᠭᠤᠷᠪᠠ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠭᠦᠢᠴᠡᠳᠬᠡᠬᠦ ᠲᠤᠭ᠎ᠠ ᠶᠢᠨ ᠲᠤᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠪᠦᠷᠢᠳᠬᠡᠬᠦ᠂ ᠲᠤᠯᠭᠠᠨ ᠪᠤᠳᠤᠬᠤ ᠪᠠᠷ ᠳᠠᠮᠵᠢᠭᠤᠯᠤᠨ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠵᠦ ᠪᠠᠶᠢᠭ᠎ᠠ ᠪᠠᠶᠢᠳᠠᠯ ᠢ ᠬᠢᠨᠠᠨ ᠬᠠᠮᠢᠶᠠᠷᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠳᠥᠷᠪᠡ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠪᠠ ᠳᠠᠬᠢᠨ ᠵᠣᠬᠢᠶᠠᠨ ᠪᠠᠶᠢᠭᠤᠯᠬᠤ ᠶᠢ ᠵᠢᠯᠣᠭᠤᠳᠤᠨ ᠠᠬᠢᠭᠤᠯᠵᠤ᠂ ᠰᠢᠨ᠎ᠡ ᠡᠨᠧᠷᠭᠢ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠢᠳᠡᠪᠬᠢᠲᠡᠶ ᠪᠤᠶᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠥᠷᠢᠰᠥᠯᠳᠦᠬᠦ ᠴᠢᠳᠠᠯ ᠲᠠᠢ ᠲᠣᠮᠣ ᠺᠣᠮᠫᠠᠨᠢ ᠲᠣᠮᠣ ᠠᠵᠤ ᠠᠬᠤᠶᠢᠯᠠᠯ ᠤᠨ ᠪᠦᠯᠦᠭᠯᠡᠯ ᠢ ᠬᠥᠭᠵᠢᠭᠦᠯᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠶᠢ ᠠᠬᠢᠭᠤᠯᠤᠨ᠂ ᠺᠣᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ᠃       ︵ᠲᠠᠪᠤ︶ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠳᠠᠮᠵᠢᠭᠤᠯᠤᠨ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ᠂ ᠰᠢᠯᠭᠠᠨ ᠬᠢᠨᠠᠬᠤ᠂ ᠬᠥᠮᠦᠨ ᠰᠣᠩᠭᠤᠨ ᠬᠡᠷᠡᠭᠯᠡᠬᠦ ᠲᠣᠭᠲᠠᠴᠠ ᠶᠢ ᠪᠦᠷᠢᠨᠰᠢᠭᠦᠯᠦᠨ᠂ ᠡᠵᠡᠩᠨᠡᠭᠴᠢ ᠶᠢ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠦᠨ᠎ᠡ᠃       ︵ᠵᠢᠷᠭᠤᠭ᠎ᠠ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠯᠭᠠᠨ᠎ᠠ᠃ ᠬᠤᠲᠠ ᠶᠢᠨ ᠲᠣᠰ ᠱᠠᠲᠤᠨ ᠤ ᠤᠯᠤᠰ ᠤᠨ ᠦᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠤᠭᠤᠷᠪᠢᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠦᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃       ︵ᠳᠣᠯᠤᠭ᠎ᠠ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠵᠢᠴᠢ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠤᠨ ᠰᠢᠢᠳᠪᠦᠷᠢᠯᠡᠬᠦ ᠵᠡᠷᠭᠡ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠬᠢᠨ᠎ᠡ᠃       ︵ᠨᠠᠢᠮᠠ︶ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠬᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠲᠥᠷᠥ ᠶᠢᠨ ᠪᠣᠳᠣᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠵᠡᠷᠭᠡ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃       ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃       ︵ᠠᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ       ︵1︶ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ ᠤᠯᠤᠰ ᠤᠨ ᠦᠮᠴᠢᠯᠡᠯᠳᠤ ᠬᠥᠷᠥᠩᠭᠡ ᠶᠢᠨ ᠠᠰᠢᠭ ᠣᠷᠣᠯᠭ᠎ᠠ ᠶᠢ ᠬᠠᠷᠢᠭᠤᠴᠠᠵᠤ᠂ ᠬᠤᠲᠠ ᠶᠢᠨ ᠲᠣᠰ ᠱᠠᠲᠤᠨ ᠤ ᠤᠯᠤᠰ ᠤᠨ ᠦᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠰᠤᠳᠤᠯᠤᠨ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃       ︵2︶ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠵᠠᠬᠢᠷᠭ᠎ᠠ ᠠᠵᠢᠯ ᠦᠢᠯᠡᠰ ᠤᠨ  ᠨᠢᠬᠡᠴᠢ ᠶᠢᠨ ᠤᠯᠤᠰ ᠤᠨ ᠦᠮᠴᠢᠯᠡᠯᠳᠤ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠦ ᠶᠢᠨ ᠪᠣᠳᠣᠯᠭ᠎ᠠ ᠳᠠᠬᠢ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠤᠲᠠ ᠶᠢᠨ ᠲᠣᠰ ᠱᠠᠲᠤᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠦᠬᠦ ᠬᠤᠲᠠ ᠶᠢᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠤᠲᠠ ᠶᠢᠨ ᠲᠣᠰ ᠱᠠᠲᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ ᠨᠠᠶᠢᠷᠠᠭᠤᠯᠤᠨ ᠮᠡᠳᠡᠭᠦᠯᠦᠨ᠎ᠡ᠃ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠢᠨᠠᠨ ᠲᠤᠰᠢᠶᠠᠯᠭᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ