ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/8
      ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠬᠡᠬᠡᠨ ᠤ ᠠᠵᠢᠯ ᠤᠨ ᠠᠯᠪᠠᠨ ᠬᠡᠷ ︵ᠬᠤᠲᠠ ᠶᠢᠨ ᠮᠥᠩᠭᠦᠨ ᠬᠦᠢᠯᠬᠡᠬᠡᠨ ᠤ ᠠᠵᠢᠯ ᠤᠨ ᠠᠯᠪᠠᠨ ᠬᠡᠷ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠭᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ         ︵ᠨᠢᠭᠡ︶ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠪᠠᠶᠢᠳᠠᠯ ᠪᠠ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠲᠦᠯᠦᠪᠵᠢᠬᠦᠯᠬᠡ ᠪᠠ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠰᠢᠭᠤ ᠬᠤᠲᠠ ᠲᠣᠭᠤᠷᠢᠭ ᠤᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃       ︵ᠬᠤᠶᠠᠷ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠤᠭᠲᠠᠯᠴᠠᠭ᠎ᠠ ᠶᠢ ᠨᠢᠭᠡᠳᠦᠯᠲᠡᠶ ᠲᠥᠯᠥᠪᠯᠡᠨ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠦᠢᠯᠡᠴᠢᠯᠡᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠬᠡᠶᠢᠷᠡᠬᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠮᠵᠢ ᠶᠢ ᠴᠢᠩᠭᠠᠳᠭᠠᠨ᠎ᠠ᠃ ᠮᠥᠩᠭᠦᠨ ᠭᠦᠢᠯᠭᠡᠭᠡᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃       ︵ᠭᠤᠷᠪᠠ︶ ᠪᠦᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠰᠢᠰᠲ᠋ᠧᠮ ᠤᠨ ᠪᠠᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ︽ᠵᠢᠵᠢᠭ ᠪᠢᠴᠢᠯ ᠠᠵᠤ ᠠᠬᠤᠶᠢᠯᠠᠯ︾ ᠤᠨ ᠮᠥᠩᠭᠦᠨ ᠭᠦᠢᠯᠬᠡᠬᠡᠨ ᠤ ᠦᠢᠯᠡᠴᠢᠯᠡᠬᠡᠨ ᠤ ᠲᠤᠭᠲᠠᠯᠴᠠᠭ᠎ᠠ ᠶᠢ ᠪᠤᠶᠢᠵᠢᠭᠤᠯᠤᠨ ᠬᠥᠭᠵᠢᠭᠦᠯᠦᠨ᠎ᠡ᠃       ︵ᠳᠥᠷᠪᠡ︶ ᠣᠯᠠᠨ ᠳᠡᠰ ᠳᠠᠪᠬᠤᠷᠭ᠎ᠠ ᠪᠦᠬᠦᠢ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠠᠵᠢᠯ ᠢ ᠵᠢᠯᠣᠭᠤᠳᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠪᠠᠷ ᠪᠡᠯᠡ ᠬᠤᠷᠠᠮᠳᠤᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ ᠳᠠᠬᠢᠨ ᠪᠡᠯᠡ ᠬᠤᠷᠠᠮᠳᠤᠭᠤᠯᠬᠤ ᠠᠵᠢᠯ ᠢ ᠵᠣᠬᠢᠴᠠᠭᠤᠯᠤᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠵᠢᠷᠤᠮᠵᠢᠭᠤᠨ ᠬᠥᠭᠵᠢᠯᠲᠡ ᠶᠢ ᠠᠬᠢᠭᠤᠯᠤᠨ᠎ᠠ᠃       ︵ᠲᠠᠪᠤ︶ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠳᠠᠨᠵᠢᠯᠠᠬᠤ ᠭᠠᠵᠠᠷ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠳᠠᠭᠠᠭᠠᠨ ᠪᠠᠲᠤᠯᠠᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠵᠡᠷᠭᠡ ᠳᠤ ᠨᠠᠶᠢᠳᠠᠯᠭ᠎ᠠ ᠪᠠᠷ ᠬᠢᠨᠠᠯᠲᠠ ᠲᠠᠯᠪᠢᠵᠤ ᠬᠠᠮᠢᠶᠠᠷᠤᠨ᠎ᠠ᠃       ︵ᠵᠢᠷᠭᠤᠭ᠎ᠠ︶ ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠨᠠᠶᠢᠳᠠᠯᠭ᠎ᠠ ᠪᠠᠷ ᠬᠢᠨᠠᠯᠲᠠ ᠬᠠᠮᠢᠶᠠᠷᠤᠯᠲᠠ ᠬᠢᠨ᠎ᠠ᠃ ᠨᠠᠶᠢᠳᠠᠯᠭ᠎ᠠ ᠪᠠᠷ ᠰᠦᠯᠵᠢᠶᠡᠨ ᠤ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ ᠳᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠬᠢᠨ᠎ᠠ᠃ ᠨᠠᠶᠢᠳᠠᠯᠭ᠎ᠠ ᠪᠠᠷ ᠪᠡᠯᠡ ᠣᠷᠣᠭᠤᠯᠤᠯᠲᠠ ᠶᠢᠨ ᠺᠣᠮᠫᠠᠨᠢ ᠶᠢ ᠴᠢᠩᠭᠠᠷᠠᠭᠤᠯᠵᠤ᠂ ᠢᠲᠡᠭᠡᠮᠵᠢ ᠪᠠᠷ ᠬᠠᠷᠢᠯᠴᠠᠨ ᠬᠠᠪᠰᠤᠷᠤᠯᠴᠠᠬᠤ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠨᠡᠶᠢᠭᠡᠮ ᠤᠨ ᠣᠯᠠᠨ ᠨᠡᠶᠢᠲᠡ ᠶᠢᠨ ᠪᠡᠯᠡ ᠬᠤᠷᠠᠮᠳᠤᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠦᠷᠨᠢᠬᠦᠯᠦᠨ᠎ᠡ᠃       ︵ᠲᠤᠯᠤᠭ᠎ᠠ︶ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠠᠷᠢᠭᠤᠴᠠᠵᠤ᠂ ᠮᠥᠩᠭᠦᠨ ᠭᠦᠢᠯᠭᠡᠭᠡᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃       ︵ᠨᠠᠢᠮᠠ︶ ᠣᠷᠣᠨ ᠨᠤᠲᠤᠭ ᠤᠨ ᠮᠥᠩᠭᠦᠨ ᠭᠦᠢᠯᠬᠡᠬᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠣᠷᠣᠨ ᠨᠤᠲᠤᠭ ᠤᠨ ᠮᠥᠩᠭᠦᠨ ᠭᠦᠢᠯᠬᠡᠬᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠣᠯᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠬᠠᠷᠢᠭᠤᠴᠠᠨ᠎ᠠ᠃       ︵ᠶᠢᠰᠦ︶ ᠬᠤᠲᠠ ᠳᠤ ᠰᠠᠭᠤᠭ᠎ᠠ ᠲᠥᠪ ᠤᠨ ᠮᠥᠩᠭᠦᠨ ᠭᠦᠢᠯᠬᠡᠬᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠲᠠ ᠶᠢᠨ ᠳᠣᠲᠣᠷᠠᠬᠢ ᠮᠥᠩᠭᠦᠨ ᠭᠦᠢᠯᠬᠡᠬᠡᠨ ᠤ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠪᠠ ᠬᠠᠮᠢᠶ᠎ᠠ ᠪᠥᠬᠦᠶ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠮᠥᠩᠭᠦᠨ ᠭᠦᠢᠯᠬᠡᠬᠡᠨ ᠤ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠵᠢᠷᠤᠮᠵᠢᠭᠤᠯᠤᠨ ᠬᠥᠭᠵᠢᠭᠦᠯᠦᠨ᠎ᠡ᠃       ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ