ᠬᠦᠯᠦᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/8
      ᠨᠢᠭᠡ᠂ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠤᠯᠤᠰ᠂ ᠦᠪᠡᠷᠲᠡᠭᠡᠨ ᠵᠠᠰᠠᠬᠤ ᠤᠷᠤᠨ ᠤ ᠴᠢᠭᠯᠡᠯᠳᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠬᠦᠯᠵᠤ᠂ ᠬᠦᠯᠦᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠬᠠᠮᠢᠶ᠎ᠠ ᠪᠦᠬᠦᠢ ᠲᠤᠭᠳᠠᠭᠠᠯ᠂ ᠠᠷᠭ᠎ᠠ ᠬᠡᠮᠵᠢᠶ᠎ᠡ ᠶᠢ ᠰᠤᠳᠤᠯᠤᠨ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃       ᠬᠤᠶᠠᠷ᠂ ᠪᠦᠬᠦ ᠬᠤᠲᠠ ᠶᠢᠨ ᠪᠡᠶ᠎ᠡ ᠶᠢᠨ ᠲᠠᠮᠢᠷ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ ᠲᠤᠭᠤᠷᠪᠢᠵᠤ᠂ ᠪᠡᠶ᠎ᠡ ᠶᠢᠨ ᠲᠠᠮᠢᠷ ᠤᠨ ᠦᠢᠯᠡᠰ ᠤᠨ ᠳᠤᠮᠳᠠ ᠤᠷᠳᠤ ᠬᠤᠭᠤᠴᠠᠭᠠᠨ ᠤ ᠬᠦᠭᠵᠢᠯᠳᠡ ᠶᠢᠨ ᠲᠦᠯᠦᠪᠵᠢᠬᠦᠯᠭᠡ ᠪᠠ ᠤᠨ ᠤ ᠲᠦᠯᠦᠪᠯᠡᠭᠡ ᠶᠢ ᠵᠤᠬᠢᠶᠠᠬᠤ ᠶᠢᠨ ᠬᠠᠮᠳᠤ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ︔ ᠤᠯᠠᠨ ᠡᠰᠢᠳᠤ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠳᠠ ᠶᠢ ᠠᠬᠢᠭᠤᠯᠵᠦ᠂ ᠪᠡᠶ᠎ᠡ ᠶᠢᠨ ᠲᠠᠮᠢᠷ ᠤᠨ ᠨᠡᠶᠢᠳᠡ ᠶᠢᠨ ᠦᠢᠯᠡᠴᠢᠯᠡᠭᠡ ᠪᠠ ᠪᠡᠶ᠎ᠡ ᠶᠢᠨ ᠲᠠᠮᠢᠷ ᠤᠨ ᠪᠠᠶᠢᠭᠤᠯᠤᠯ ᠤᠨ ᠦᠭᠡᠷᠡᠴᠢᠯᠡᠯᠳᠡ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃       ᠭᠤᠷᠪᠠ᠂ ᠪᠦᠬᠦ ᠬᠤᠲᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ ᠶᠢ ᠬᠡᠷᠡᠭᠵᠢᠬᠦᠯᠵᠤ᠂ ᠪᠡᠶ᠎ᠡ ᠶᠢᠨ ᠲᠠᠮᠢᠷ ᠤᠨ ᠲᠠᠪᠳᠠᠨ ᠪᠤᠯᠪᠠᠰᠤᠷᠠᠭᠤᠯᠬᠤ ᠤᠯᠤᠰ ᠤᠨ ᠪᠠᠷᠢᠮᠵᠢᠶ᠎ᠡ ᠶᠢ ᠬᠢᠨᠠᠯᠳᠠ ᠲᠠᠯᠪᠢᠵᠤ ᠬᠡᠷᠡᠭᠵᠢᠬᠦᠯᠦᠨ᠎ᠡ︔ ᠠᠷᠠᠳ ᠢᠷᠭᠡᠳ ᠤᠨ ᠪᠡᠶ᠎ᠡ ᠮᠠᠬᠠᠪᠤᠳ ᠢ ᠬᠢᠨᠠᠨ ᠬᠡᠮᠵᠢᠬᠦ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠤᠭᠤᠳᠬᠤ ᠠᠵᠢᠯ ᠤᠨ ᠡᠩᠨᠡᠭᠡ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ︔ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠳᠠ ᠶᠢ ᠵᠢᠯᠤᠭᠤᠳᠴᠤ᠂ ᠤᠯᠠᠨ ᠨᠡᠶᠢᠳᠡ ᠶᠢᠨ ᠪᠡᠶ᠎ᠡ ᠶᠢᠨ ᠲᠠᠮᠢᠷ ᠤᠨ ᠪᠡᠯᠡᠳᠭᠡᠮᠵᠢ ᠳᠤ ᠬᠢᠨᠠᠯᠳᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃       ᠲᠦᠷᠪᠡ᠂ ᠪᠦᠬᠦ ᠬᠤᠲᠠ ᠶᠢᠨ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠵᠤ᠂ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠤᠨ ᠪᠠᠶᠢᠷᠢᠯᠠᠭᠤᠯᠤᠯᠳᠠ ᠪᠠ ᠪᠠᠶᠢᠷᠢᠰᠢᠯᠠᠭᠤᠯᠤᠯᠳᠠ ᠶᠢ ᠰᠤᠳᠤᠯᠤᠨ ᠲᠦᠯᠦᠪᠵᠢᠬᠦᠯᠦᠨ᠎ᠡ︔ ᠪᠡᠶ᠎ᠡ ᠶᠢᠨ ᠲᠠᠮᠢᠷ ᠤᠨ ᠪᠤᠯᠪᠠᠰᠤᠷᠠᠭᠤᠯᠤᠯ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠢᠯᠤᠭᠤᠳᠤᠨ ᠵᠤᠬᠢᠴᠠᠭᠤᠯᠵᠤ᠂ ᠲᠠᠮᠢᠷᠴᠢᠳ ᠤᠨ ᠡᠩᠨᠡᠭᠡᠨ ᠤ ᠪᠠᠶᠢᠭᠤᠯᠤᠯᠳᠠ ᠶᠢ ᠵᠢᠯᠤᠭᠤᠳᠴᠤ᠂ ᠬᠦᠭᠡᠷᠦᠯᠳᠡ ᠶᠢᠨ ᠡᠮ ᠢ ᠡᠰᠡᠷᠬᠦᠴᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠦᠨ᠎ᠡ᠃       ᠲᠠᠪᠤ᠂ ᠪᠦᠬᠦ ᠤᠯᠤᠰ᠂ ᠪᠦᠬᠦ ᠤᠷᠤᠨ ᠤ ᠴᠢᠬᠤᠯᠠ ᠶᠡᠭᠡ ᠤᠷᠤᠯᠳᠤᠭᠠᠨ ᠳᠤ ᠤᠷᠤᠯᠴᠠᠬᠤ ᠶᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠪᠦᠬᠦ ᠬᠤᠲᠠ ᠶᠢᠨ ᠶᠡᠷᠦᠩᠭᠡᠶᠢᠯᠡᠭᠰᠡᠨ ᠴᠢᠨᠠᠷᠳᠠᠢ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠡᠯ᠎ᠡ ᠲᠦᠷᠦᠯ ᠤᠨ ᠲᠤᠰᠬᠠᠢ ᠤᠷᠤᠯᠳᠤᠭᠠᠨ ᠢ ᠭᠤᠤᠯᠯᠠᠨ ᠡᠷᠬᠢᠯᠡᠨ᠎ᠡ︔ ᠪᠦᠬᠦ ᠬᠤᠲᠠ ᠶᠢᠨ ᠴᠢᠨᠠᠷᠳᠠᠢ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠰᠢᠰᠲ᠋ᠧᠮᠵᠢᠬᠦᠯᠦᠨ ᠬᠠᠮᠢᠶᠠᠷᠴᠤ᠂ ᠠᠵᠢᠯ ᠤᠨ ᠴᠢᠯᠦᠭᠡᠨ ᠤ ᠪᠤᠯᠪᠠᠰᠤᠷᠠᠯ ᠤᠨ ᠠᠵᠢᠯ ᠢ ᠵᠢᠯᠤᠭᠤᠳᠤᠨ᠎ᠠ︔ ᠭᠠᠳᠠᠭᠠᠳᠤ ᠴᠢᠭᠯᠡᠯ ᠲᠠᠢ ᠪᠡᠶ᠎ᠡ ᠶᠢᠨ ᠲᠠᠮᠢᠷ ᠤᠨ ᠬᠠᠮᠵᠢᠯᠴᠠᠭ᠎ᠠ ᠪᠠ ᠰᠤᠯᠢᠯᠴᠠᠭ᠎ᠠ ᠶᠢ ᠢᠳᠡᠪᠬᠢᠳᠡᠢ ᠦᠷᠨᠢᠬᠦᠯᠦᠨ᠎ᠡ᠃       ᠵᠢᠷᠭᠤᠭ᠎ᠠ᠂ ᠪᠦᠬᠦ ᠬᠤᠲᠠ ᠶᠢᠨ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠵᠤ᠂ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠤᠭᠤᠳᠬᠤ ᠪᠠ ᠲᠦᠯᠬᠢᠨ ᠠᠬᠢᠭᠤᠯᠤᠨ᠎ᠠ᠃       ᠲᠤᠯᠤᠭ᠎ᠠ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠬᠦᠯᠭᠡ᠂ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠪᠡᠶ᠎ᠡ ᠶᠢᠨ ᠲᠠᠮᠢᠷ ᠤᠨ ᠵᠠᠬ᠎ᠠ ᠲᠡᠯᠭᠡᠬᠦᠷ ᠢ ᠬᠦᠭᠵᠢᠭᠦᠯᠵᠦ᠂ ᠪᠡᠶ᠎ᠡ ᠶᠢᠨ ᠲᠠᠮᠢᠷ ᠤᠨ ᠡᠵᠡᠩᠨᠡᠯᠳᠡ ᠶᠢᠨ ᠠᠵᠢᠯᠯᠠᠭ᠎ᠠ ᠶᠢᠨ ᠠᠵᠢᠯ ᠦᠢᠯᠡᠰ ᠡᠷᠬᠢᠯᠡᠬᠦ ᠨᠦᠬᠦᠴᠡᠯ᠂ ᠬᠢᠨᠠᠨ ᠵᠦᠪᠰᠢᠶᠡᠷᠡᠬᠦ ᠲᠡᠰ ᠳᠠᠷᠠᠭᠠᠯᠠᠯ ᠪᠠ ᠠᠷᠭ᠎ᠠ ᠶᠢ ᠲᠤᠭᠲᠠᠭᠠᠨ᠎ᠠ︔ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠮᠢᠶᠠᠷᠤᠯᠳᠠ ᠶᠢ ᠵᠢᠷᠤᠮᠵᠢᠭᠤᠯᠤᠨ᠂ ᠪᠡᠶ᠎ᠡ ᠶᠢᠨ ᠲᠠᠮᠢᠷ ᠤᠨ ᠪᠠᠷᠢᠮᠵᠢᠶᠠᠵᠢᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ︔ ᠪᠦᠬᠦ ᠬᠤᠲᠠ ᠶᠢᠨ ᠪᠡᠶ᠎ᠡ ᠶᠢᠨ ᠲᠠᠮᠢᠷ ᠤᠨ ᠬᠤᠨᠵᠢᠪᠤᠷᠢᠳᠤ ᠰᠤᠭᠤᠯᠤᠭ᠎ᠠ ᠶᠢᠨ ᠪᠤᠷᠤᠯᠠᠭᠤᠯᠭ᠎ᠠ ᠶᠢᠨ ᠬᠠᠮᠢᠶᠠᠷᠤᠯᠳᠠ ᠶᠢ ᠬᠠᠷᠢᠭᠤᠴᠠᠨ᠎ᠠ᠃       ᠨᠠᠢᠮᠠ᠂ ᠪᠡᠶ᠎ᠡ ᠶᠢᠨ ᠲᠠᠮᠢᠷ ᠤᠨ ᠤᠬᠠᠭᠤᠯᠭ᠎ᠠ ᠬᠦᠮᠦᠵᠢᠯ᠂ ᠪᠡᠶ᠎ᠡ ᠶᠢᠨ ᠲᠠᠮᠢᠷ ᠤᠨ ᠡᠷᠳᠡᠮ ᠰᠢᠨᠵᠢᠯᠡᠬᠦ ᠤᠬᠠᠭᠠᠨ ᠤ ᠰᠤᠳᠤᠯᠤᠯ ᠪᠠ ᠪᠦᠬᠦ ᠬᠤᠲᠠ ᠶᠢᠨ ᠴᠢᠨᠠᠷᠳᠠᠢ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃       ᠶᠢᠰᠦ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠭᠦᠢᠴᠡᠳᠭᠡᠯᠭᠡᠬᠦ ᠪᠠᠷ ᠲᠤᠰᠢᠶᠠᠭᠰᠠᠨᠨ ᠪᠤᠰᠤᠳ ᠬᠡᠷᠡᠭ ᠶᠠᠪᠤᠳᠠᠯ ᠢ ᠳᠠᠭᠠᠭᠠᠨ ᠬᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ