ᠬᠦᠯᠦᠨ ᠪᠤᠶᠢᠷ ᠬᠤᠲᠠ ᠶᠢᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠶᠢᠨ ᠭᠤᠤᠯ ᠡᠭᠦᠷᠬᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/8
      ᠨᠢᠭᠡ᠂ ᠰᠣᠶᠣᠯ ᠣᠷᠠᠯᠢᠭ ᠤᠨ ᠠᠵᠢᠯ᠂ ᠰᠤᠨᠢᠨ ᠮᠡᠳᠡᠭᠡ ᠬᠡᠪᠯᠡᠯ᠂ ᠵᠤᠬᠢᠶᠠᠨ ᠪᠦᠲᠦᠭᠡᠬᠦ ᠡᠷᠬᠡ ᠶᠢᠨ ᠬᠠᠮᠢᠶᠡᠷᠤᠯᠲᠠ ᠶᠢᠨ ᠲᠤᠬᠠᠢ ᠨᠠᠮ ᠪᠠ ᠤᠯᠤᠰ ᠤᠨ ᠴᠢᠭᠯᠡᠯᠳᠡ᠂ ᠲᠦᠷᠦ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠤ᠂ ᠪᠦᠬᠦ ᠬᠤᠲᠠ ᠶᠢᠨ ᠰᠣᠶᠣᠯ ᠤᠨ ᠪᠠᠶᠢᠭᠤᠯᠤᠯᠳᠠ ᠶᠢᠨ ᠣᠷᠣᠨ ᠨᠤᠲᠤᠭ ᠤᠨ ᠴᠢᠨᠠᠷᠲᠠᠢ ᠲᠦᠷᠦ ᠶᠢᠨ ᠪᠣᠳᠣᠯᠭ᠎ᠠ ᠶᠢ ᠲᠤᠭᠲᠠᠭᠠᠨ᠎ᠠ︔ ᠪᠦᠬᠦ ᠬᠤᠲᠠ ᠶᠢᠨ ᠰᠣᠶᠣᠯ ᠣᠷᠠᠯᠢᠭ ᠤᠨ ᠦᠢᠯᠡᠰ᠂ ᠰᠣᠶᠣᠯ ᠤᠨ ᠠᠵᠣ ᠦᠢᠯᠡᠰ᠂ ᠰᠤᠨᠢᠨ ᠮᠡᠳᠡᠭᠡ ᠬᠡᠪᠯᠡᠯ ᠤᠨ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠪᠠ ᠣᠨ ᠤ ᠲᠦᠯᠦᠪᠯᠡᠭᠡ ᠶᠢ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠰᠣᠶᠣᠯ ᠤᠨ ᠰᠢᠰᠲ᠋ᠧᠮ ᠤᠨ ᠪᠠᠶᠢᠭᠤᠯᠤᠯ ᠲᠣᠭᠲᠠᠴᠠ ᠶᠢᠨ ᠦᠭᠡᠷᠡᠴᠢᠯᠡᠯᠳᠡ ᠶᠢᠨ ᠠᠵᠢᠯ ᠢ ᠵᠢᠯᠣᠭᠤᠳᠤᠨ᠎ᠠ᠃       ᠬᠤᠶᠠᠷ᠂ ᠣᠳᠬ᠎ᠠ ᠵᠤᠬᠢᠶᠠᠯ ᠣᠷᠠᠯᠢᠭ ᠤᠨ ᠦᠢᠯᠡᠰ ᠢ ᠵᠢᠯᠣᠭᠤᠳᠣᠨ ᠬᠠᠮᠢᠶᠠᠷᠴᠣ᠂ ᠣᠳᠬ᠎ᠠ ᠵᠣᠬᠢᠶᠠᠯ ᠣᠷᠠᠯᠢᠭ ᠤᠨ ᠵᠣᠬᠢᠶᠠᠨ ᠪᠦᠳᠦᠭᠡᠬᠦ ᠪᠠ ᠦᠢᠯᠡᠳᠬᠦ ᠶᠢ ᠵᠢᠯᠤᠭᠤᠳᠴᠤ᠂ ᠲᠦᠯᠦᠭᠡᠯᠡᠬᠦ ᠴᠢᠨᠠᠷ᠂ ᠵᠢᠱᠢᠶ᠎ᠠ ᠦᠵᠡᠭᠦᠯᠬᠦ ᠴᠢᠨᠠᠷ᠂ ᠲᠤᠷᠰᠢᠯᠳᠠ ᠶᠢᠨ ᠴᠢᠨᠠᠷ ᠲᠠᠢ ᠰᠣᠶᠣᠯ ᠣᠷᠠᠯᠢᠭ ᠤᠨ ᠲᠦᠷᠦᠯ ᠵᠦᠢᠯ ᠢ ᠲᠡᠳᠭᠦᠨ᠂ ᠡᠯ᠎ᠡ ᠲᠦᠷᠦᠯ ᠵᠦᠢᠯ ᠤᠨ ᠣᠳᠬ᠎ᠠ ᠵᠣᠬᠢᠶᠠᠯ ᠣᠷᠠᠯᠢᠭ ᠤᠨ ᠬᠦᠭᠵᠢᠯᠳᠡ ᠶᠢ ᠲᠦᠯᠬᠢᠨ ᠣᠷᠣᠭᠰᠢᠯᠠᠭᠤᠯᠵᠤ᠂ ᠪᠦᠬᠦ ᠬᠤᠲᠠ ᠶᠢᠨ ᠴᠢᠬᠤᠯᠠ ᠶᠡᠭᠡ ᠰᠣᠶᠣᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ ᠬᠠᠮᠢᠶᠠᠷᠤᠨ᠎ᠠ︔ ᠪᠦᠬᠦ ᠬᠤᠲᠠ ᠶᠢᠨ ᠰᠣᠶᠣᠯ ᠣᠷᠠᠯᠢᠭ ᠤᠨ ᠴᠢᠳᠠᠪᠦᠷᠢᠳᠠᠨ ᠪᠣᠯᠪᠠᠰᠤᠷᠠᠭᠤᠯᠬᠤ ᠠᠵᠢᠯ ᠢ ᠵᠢᠯᠣᠭᠤᠳᠣᠨ᠂ ᠰᠤᠶᠤᠯ ᠤᠨ ᠰᠢᠨᠵᠢᠯᠡᠬᠦ ᠤᠬᠠᠭᠠᠨ ᠤ ᠰᠣᠳᠣᠯᠤᠯ ᠤᠨ ᠠᠵᠢᠯ ᠪᠤᠯᠤᠨ ᠰᠣᠶᠣᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠶᠢᠨ ᠪᠠᠶᠢᠭᠤᠯᠤᠯᠳᠠ ᠶᠢ ᠵᠢᠯᠤᠭᠤᠳᠤᠨ᠎ᠠ᠃       ᠭᠤᠷᠪᠠ᠂ ᠪᠦᠬᠦ ᠬᠤᠲᠠ ᠶᠢᠨ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠰᠣᠶᠣᠯ ᠤᠨ ᠪᠥᠲᠦᠬᠡᠭᠳᠡᠭᠦᠨ ᠦᠢᠯᠡᠳᠬᠦ ᠶᠢ ᠲᠥᠯᠥᠪᠵᠢᠭᠦᠯᠬᠦ ᠪᠠ ᠬᠥᠲᠥᠯᠥᠨ ᠵᠢᠯᠣᠭᠤᠳᠴᠣ᠂ ᠪᠦᠬᠦ ᠬᠤᠲᠠ ᠶᠢᠨ ᠭᠤᠣᠯᠳᠠᠯᠭ᠎ᠠ ᠲᠠᠢ ᠰᠣᠶᠣᠯ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠪᠠ ᠦᠨᠳᠦᠰᠦᠨ ᠱᠠᠳᠣᠨ ᠤ ᠰᠣᠶᠣᠯ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠶᠢ ᠵᠢᠯᠣᠭᠤᠳᠤᠨ᠎ᠠ᠃       ᠲᠦᠷᠪᠡ᠂ ᠪᠦᠬᠦ ᠬᠤᠲᠠ ᠶᠢᠨ ᠨᠡᠶᠢᠭᠡᠮ ᠤᠨ ᠰᠣᠶᠣᠯ ᠤᠨ ᠦᠢᠯᠡᠰ ᠢ ᠵᠢᠯᠤᠭᠤᠳᠤᠨ ᠬᠠᠮᠢᠶᠠᠷᠴᠣ᠂ ᠪᠦᠬᠦ ᠬᠤᠲᠠ ᠶᠢᠨ ᠨᠣᠮ ᠤᠨ ᠰᠠᠩ᠂ ᠣᠯᠠᠨ ᠲᠦᠮᠡᠨᠴᠢ ᠣᠷᠠᠯᠢᠭ ᠤᠨ ᠣᠷᠳᠣᠨ᠂ ᠰᠣᠶᠣᠯ ᠤᠨ ᠣᠷᠳᠣᠨ ︵ᠦᠷᠳᠡᠭᠡ︶ ᠤ ᠠᠵᠢᠯ ᠦᠢᠯᠡᠰ ᠪᠠ ᠦᠨᠳᠣᠰᠦᠨ ᠱᠠᠳᠣᠨ ᠤ ᠰᠣᠶᠣᠯ ᠤᠨ ᠪᠠᠶᠢᠭᠤᠯᠤᠯᠳᠠ ᠶᠢ ᠵᠢᠯᠤᠭᠤᠳᠤᠨ᠎ᠠ᠃       ᠲᠠᠪᠤ᠂ ᠪᠦᠬᠦ ᠬᠤᠲᠠ ᠶᠢᠨ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠬᠢᠨᠠᠯᠳᠠ ᠲᠠᠯᠪᠢᠨ ᠬᠡᠷᠡᠭᠵᠢᠭᠦᠯᠵᠣ᠂ ᠪᠦᠬᠦ ᠬᠤᠲᠠ ᠶᠢᠨ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠠᠵᠢᠯ ᠪᠠ ᠦᠨᠳᠦᠰᠦᠳᠡᠨ ᠤ ᠰᠢᠯᠢᠳᠡᠭ ᠰᠣᠶᠣᠯ ᠢ ᠣᠯᠠᠮᠵᠢᠯᠠᠨ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ᠃       ᠵᠢᠷᠭᠤᠭ᠎ᠠ᠂ ᠪᠦᠬᠦ ᠬᠤᠲᠠ ᠶᠢᠨ ᠰᠣᠶᠣᠯ ᠤᠨ ᠵᠠᠬ᠎ᠠ ᠲᠡᠯᠭᠡᠭᠦᠷ ᠤᠨ ᠬᠦᠭᠵᠢᠯᠳᠡ ᠶᠢᠨ ᠲᠦᠯᠦᠪᠵᠢᠭᠦᠯᠭᠡ ᠪᠠ ᠬᠡᠪᠯᠡᠬᠦ᠂ ᠳᠠᠷᠤᠮᠠᠯᠯᠠᠬᠤ᠂ ᠬᠠᠭᠤᠯᠤᠨ ᠪᠠᠭᠤᠯᠭᠠᠬᠤ᠂ ᠲᠠᠷᠬᠠᠭᠠᠬᠤ ᠨᠢᠭᠡᠴᠡ ᠶᠢᠨ ᠶᠡᠷᠦᠩᠬᠡᠢ ᠬᠡᠮᠵᠢᠶ᠎ᠡ᠂ ᠪᠦᠲᠦᠴᠡ᠂ ᠪᠠᠶᠢᠷᠢᠯᠠᠭᠤᠯᠤᠯᠲᠠ ᠶᠢᠨ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠬᠢᠨᠠᠯᠳᠠ ᠲᠠᠯᠪᠢᠨ ᠬᠡᠷᠡᠭᠵᠢᠭᠦᠯᠵᠣ᠂ ᠰᠣᠶᠣᠯ ᠤᠨ ᠵᠠᠬ᠎ᠠ ᠲᠡᠯᠭᠡᠭᠦᠷ ᠢ ᠪᠤᠶᠢᠵᠢᠭᠤᠯᠬᠤ ᠪᠠ ᠲᠡᠭᠦᠯᠳᠡᠷᠵᠢᠭᠦᠯᠦᠨ᠎ᠡ︔ ᠪᠦᠬᠦ ᠬᠤᠲᠠ ᠶᠢᠨ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠨ ᠬᠠᠣᠯᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠬᠢᠨᠠᠯᠳᠠ ᠲᠠᠯᠪᠢᠨ ᠬᠠᠮᠢᠶᠠᠷᠴᠣ᠂ ᠪᠦᠬᠦ ᠬᠤᠲᠠ ᠶᠢᠨ ᠰᠣᠶᠣᠯ ᠣᠷᠠᠯᠢᠭ ᠡᠵᠡᠩᠨᠡᠬᠦ ᠠᠵᠢᠯᠯᠠᠭ᠎ᠠ ᠳᠤ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠂ ᠲᠣᠭᠯᠠᠯᠲᠠ ᠶᠢᠨ ᠣᠷᠠᠯᠢᠭ ᠤᠨ ᠠᠵᠢᠯᠯᠠᠭ᠎ᠠ ᠡᠷᠬᠢᠯᠡᠵᠣ ᠪᠠᠶᠢᠭ᠎ᠠ ᠠᠷᠠᠳ ᠠᠴᠠ ᠡᠷᠬᠢᠯᠡᠭᠰᠡᠨ ᠪᠠᠶᠢᠭᠤᠯᠤᠮᠵᠢ ᠶᠢ ᠬᠢᠨᠠᠨ ᠬᠠᠮᠢᠶᠠᠷᠬᠤ ᠠᠵᠢᠯ ᠢ ᠵᠢᠯᠤᠭᠤᠳᠤᠨ᠎ᠠ᠃       ᠲᠤᠯᠤᠭ᠎ᠠ᠂ ᠪᠦᠬᠦ ᠬᠤᠲᠠ ᠶᠢᠨ ᠤᠳᠬ᠎ᠠ ᠣᠷᠠᠯᠢᠭ ᠤᠨ ᠲᠥᠷᠥᠯ ᠤᠨ ᠪᠥᠲᠦᠬᠡᠭᠳᠡᠭᠦᠨ ᠢ ᠰᠦᠯᠵᠢᠶ᠎ᠡ ᠪᠠᠷ ᠨᠡᠪᠲᠡᠷᠡᠭᠦᠯᠬᠦ ᠶᠢᠨ ᠤᠷᠢᠳᠠᠴᠢ ᠬᠢᠨᠠᠨ ᠬᠠᠷᠭᠤᠭᠤᠯᠬᠤ ᠵᠢᠴᠢ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠬᠠᠷᠢᠭᠤᠴᠠᠨ᠂ ᠰᠦᠯᠵᠢᠶ᠎ᠡ ᠶᠢᠨ ᠪᠠᠭᠠᠷ ᠵᠡᠷᠭᠡ ᠰᠦᠯᠵᠢᠶ᠎ᠡ ᠳᠤ ᠭᠠᠷᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠲᠤ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠯ ᠢᠶᠠᠷ ᠬᠠᠮᠢᠶᠠᠷᠬᠤ ᠶᠢ ᠬᠠᠷᠢᠭᠤᠴᠠᠵᠣ᠂ ᠰᠦᠯᠵᠢᠶᠡᠨ ᠲᠤᠭᠯᠠᠭᠠᠮ ᠤᠨ ᠦᠢᠯᠡᠴᠢᠯᠡᠭᠡ ᠶᠢ ᠬᠢᠨᠠᠨ ᠬᠠᠮᠢᠶᠠᠷᠣᠨ᠎ᠠ ︵ᠰᠦᠯᠵᠢᠶᠡᠨ ᠲᠤᠭᠯᠠᠭᠠᠮ ᠤᠨ ᠰᠦᠯᠵᠢᠶ᠎ᠡ ᠳᠡᠭᠡᠷ᠎ᠡ ᠭᠠᠷᠭᠠᠬᠤ ᠶᠢᠨ ᠤᠷᠢᠳᠠᠴᠢ ᠬᠢᠨᠠᠨ ᠵᠦᠪᠰᠢᠶᠡᠷᠡᠬᠦ ᠶᠢ ᠪᠠᠭᠳᠠᠭᠠᠬᠤ ᠦᠭᠡᠢ︶᠃       ᠨᠠᠢᠮᠠ᠂ ᠪᠦᠬᠦ ᠬᠤᠲᠠ ᠶᠢᠨ ᠺᠠᠷᠲ᠋ᠣᠨ᠂ ᠲᠤᠭᠯᠠᠭᠠᠮ ᠤᠨ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠺᠠᠷᠲ᠋ᠣᠨ᠂ ᠲᠣᠭᠯᠠᠭᠠᠮ ᠤᠨ ᠠᠵᠤ ᠦᠢᠯᠡᠰ ᠤᠨ ᠬᠦᠭᠵᠢᠯᠳᠡ ᠶᠢ ᠵᠢᠯᠤᠭᠤᠳᠣᠨ ᠬᠡᠷᠡᠭᠵᠢᠭᠦᠯᠦᠨ᠎ᠡ᠃       ᠶᠢᠰᠦ᠂ ᠪᠦᠬᠦ ᠬᠤᠲᠠ ᠶᠢᠨ ᠬᠡᠪᠯᠡᠭᠳᠡᠭᠦᠨ ᠤ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠡᠵᠡᠮᠳᠡᠯ ᠤᠨ ᠠᠷᠭ᠎ᠠ ᠬᠡᠮᠵᠢᠶ᠎ᠡ ᠪᠠ ︽ᠰᠢᠷ᠎ᠠ ᠶᠢ ᠱᠦᠭᠦᠷᠳᠡᠨ ᠬᠠᠤᠯᠢ ᠪᠤᠰᠤ ᠨᠤᠮ ᠬᠡᠪᠯᠡᠯ ᠢ ᠴᠡᠪᠡᠷᠯᠡᠨ ᠠᠷᠢᠯᠭᠠᠬᠤ︾ ᠲᠦᠯᠦᠪᠯᠡᠭᠡ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠠᠤᠯᠢ ᠪᠤᠰᠤ ᠬᠡᠪᠯᠡᠭᠳᠡᠬᠦᠨ ᠪᠠ ᠬᠠᠤᠯᠢ ᠪᠤᠰᠤ ᠬᠡᠪᠯᠡᠯ ᠤᠨ ᠠᠵᠢᠯᠯᠠᠭ᠎ᠠ ᠶᠢᠨ ᠶᠡᠭᠡ ᠬᠡᠷᠡᠭ ᠴᠢᠬᠤᠯᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠵᠤ ᠂ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠢᠯᠯᠠᠭᠠᠨ ᠳᠠᠬᠢ ᠬᠢᠨᠡᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃       ᠠᠷᠪᠠ᠂ ᠪᠦᠬᠦ ᠬᠤᠲᠠ ᠶᠢᠨ ᠰᠤᠨᠢᠨ ᠮᠡᠳᠡᠭᠡ ᠬᠡᠪᠯᠡᠯ ᠤᠨ ᠠᠵᠢᠯᠯᠠᠭ᠎ᠠ ᠪᠠ ᠬᠡᠪᠯᠡᠯ ᠤᠨ ᠡᠷᠬᠡ ᠶᠢᠨ ᠠᠵᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ ᠬᠠᠮᠢᠶᠠᠷᠴᠤ᠂ ᠳᠦᠷᠢᠮ ᠠᠴᠠ ᠵᠦᠷᠢᠴᠡᠭᠰᠡᠨ ᠬᠡᠪᠯᠡᠭᠳᠡᠬᠦᠨ ᠪᠠ ᠬᠠᠤᠯᠢ ᠳᠦᠷᠢᠮ ᠠᠴᠠ ᠵᠦᠷᠢᠴᠡᠭᠰᠡᠨ ᠬᠡᠪᠯᠡᠯ ᠤᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ᠎ᠠ︔ ᠬᠡᠪᠯᠡᠯ ᠤᠨ ᠠᠵᠢᠯᠯᠠᠭ᠎ᠠ ᠡᠷᠬᠢᠯᠡᠵᠣ ᠪᠠᠶᠢᠭ᠎ᠠ ᠠᠷᠠᠳ ᠠᠴᠠ ᠡᠷᠬᠢᠯᠡᠭᠰᠡᠨ ᠪᠠᠶᠢᠭᠤᠯᠤᠮᠵᠢ᠂ ᠳᠠᠷᠤᠮᠠᠯᠯᠠᠬᠤ ᠦᠢᠯᠡᠰ᠂ ᠲᠠᠷᠬᠠᠭᠠᠬᠤ ᠦᠢᠯᠡᠰ ᠂ ᠨᠧᠲ ᠰᠦᠯᠵᠢᠶᠡᠨ ᠤ ᠬᠡᠪᠯᠡᠯ ᠤᠨ ᠠᠵᠢᠯᠯᠠᠭ᠎ᠠ ᠪᠠ ᠭᠠᠷ ᠤᠲᠠᠰᠤᠨ ᠤ ᠨᠤᠮ ᠰᠡᠳᠭᠦᠯ᠂ ᠭᠠᠷ ᠤᠲᠠᠰᠤᠨ ᠤ ᠤᠳᠬ᠎ᠠ ᠵᠤᠬᠢᠶᠠᠯ ᠤᠨ ᠠᠵᠢᠯ ᠲᠦᠷᠦᠯ ᠳᠠᠬᠢ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠰᠤᠨᠢᠨ ᠰᠡᠳᠭᠦᠯ ᠤᠨ ᠬᠤᠷᠢᠶ᠎ᠠ᠂ ᠰᠤᠷᠪᠤᠯᠵᠢᠯᠠᠭᠴᠢ ᠶᠢᠨ ᠦᠷᠲᠡᠭᠡ ᠶᠢᠨ ᠬᠢᠨᠠᠨ ᠬᠠᠮᠢᠶᠠᠷᠤᠯᠲᠠ ᠶᠢ ᠬᠠᠷᠢᠭᠤᠴᠠᠵᠤ᠂ ᠬᠠᠤᠯᠢ ᠠᠴᠠ ᠵᠦᠷᠢᠴᠡᠭᠰᠡᠨ ᠰᠤᠨᠢᠨ ᠮᠡᠳᠡᠭᠡᠨ ᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ᠎ᠠ︔ ᠵᠤᠬᠢᠶᠠᠨ ᠪᠦᠲᠦᠭᠡᠬᠦ ᠡᠷᠬᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠵᠤᠬᠢᠶᠠᠨ ᠪᠦᠲᠦᠭᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠬᠠᠤᠯᠢ ᠶᠤᠰᠤᠭᠠᠷ ᠶᠠᠪᠤᠭᠳᠠᠭᠤᠯᠵᠤ᠂ ᠵᠤᠬᠢᠶᠠᠨ ᠪᠦᠲᠦᠭᠡᠬᠦ ᠡᠷᠬᠡ ᠳᠤ ᠬᠠᠯᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠤᠬᠢᠶᠠᠨ ᠪᠠᠶᠢᠭᠤᠯᠤᠨ᠎ᠠ᠃       ᠠᠷᠪᠠᠨ ᠨᠢᠭᠡ᠂ ᠪᠦᠬᠦ ᠬᠤᠲᠠ ᠶᠢᠨ ᠲᠡᠣᠬᠡ ᠶᠢᠨ ᠲᠣᠷᠠᠰᠬᠠᠯᠲᠦ ᠵᠦᠢᠯᠡᠰ ᠤᠨ ᠬᠠᠭᠤᠴᠢ ᠰᠣᠳᠣᠯᠣᠯ᠂ ᠮᠦᠽᠸᠢ ᠶᠢᠨ ᠦᠢᠯᠡᠰ ᠢ ᠵᠢᠯᠤᠭᠤᠳᠬᠤ ᠪᠠ ᠬᠠᠮᠢᠶᠠᠷᠴᠣ᠂ ᠲᠡᠣᠬᠡ ᠶᠢᠨ ᠲᠣᠷᠠᠰᠬᠠᠯᠲᠦ ᠵᠦᠢᠯᠡᠰ ᠢ ᠠᠪᠣᠷᠠᠬᠤ᠂ ᠬᠠᠮᠠᠭᠠᠯᠠᠬᠤ ᠪᠠ ᠠᠰᠢᠭᠯᠠᠬᠤ ᠠᠵᠢᠯ ᠳᠤ ᠬᠢᠨᠠᠯᠲᠠ ᠲᠠᠯᠪᠢᠵᠦ ᠵᠢᠯᠣᠭᠤᠳᠣᠨ᠎ᠠ︔ ᠪᠦᠬᠦ ᠬᠤᠲᠠ ᠶᠢᠨ ᠲᠡᠣᠬᠡ ᠶᠢᠨ ᠲᠣᠷᠠᠰᠬᠠᠯᠲᠦ ᠵᠦᠢᠯᠡᠰ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠳᠤ ᠬᠢᠨᠠᠯᠳᠠ ᠲᠠᠯᠪᠢᠵᠤ᠂ ᠪᠠᠶᠢᠴᠠᠭᠠᠨ ᠵᠢᠯᠤᠭᠤᠳᠤᠨ᠎ᠠ︔ ᠪᠦᠬᠦ ᠬᠤᠲᠠ ᠶᠢᠨ ᠪᠤᠳᠠᠰ ᠤᠨ ᠰᠣᠶᠣᠯ ᠤᠨ ᠦᠪ ᠢ ᠬᠠᠮᠠᠭᠠᠯᠠᠬᠤ ᠪᠠ ᠲᠦᠷᠦᠯ ᠵᠦᠢᠯ ᠤᠨ ᠮᠡᠳᠡᠭᠦᠯᠬᠦ ᠵᠢᠴᠢ ᠰᠣᠶᠣᠯ ᠤᠨ ᠦᠪ ᠤᠨ ᠭᠠᠵᠠᠷ ᠢ ᠬᠠᠮᠢᠶᠠᠷᠬᠤ ᠠᠵᠢᠯ ᠢ ᠵᠢᠯᠤᠭᠤᠳᠴᠦ ᠵᠣᠬᠢᠴᠠᠭᠤᠯᠣᠨ᠎ᠠ᠃       ᠠᠷᠪᠠᠨ ᠬᠤᠶᠠᠷ᠂ ᠪᠦᠬᠦ ᠬᠤᠲᠠ ᠶᠢᠨ ᠭᠠᠳᠠᠭᠠᠲᠦ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠ ᠭᠠᠳᠠᠭᠠᠲᠦ ᠯᠤᠭ᠎ᠠ ᠶᠢᠨ ᠰᠣᠶᠣᠯ ᠤᠨ ᠣᠬᠠᠭᠤᠯᠭ᠎ᠠ ᠶᠢᠨ ᠠᠵᠢᠯ ᠢ ᠵᠢᠯᠤᠭᠤᠳᠣᠨ ᠬᠠᠮᠢᠶᠠᠷᠴᠣ᠂ ᠭᠠᠳᠠᠭᠠᠲᠦ ᠯᠤᠭ᠎ᠠ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠲᠦᠯᠦᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠥᠨ᠎ᠡ︔ ᠭᠠᠳᠠᠭᠠᠲᠦ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃       ᠠᠷᠪᠠᠨ ᠭᠤᠷᠪᠠ᠂ ᠬᠤᠲᠠ ᠶᠢᠨ ᠵᠠᠰᠠᠭ ᠤᠨ ᠣᠷᠳᠣᠨ ᠠᠴᠠ ᠲᠣᠰᠢᠶᠠᠵᠣ ᠭᠦᠢᠴᠡᠳᠭᠡᠯᠭᠡᠬᠦ ᠪᠣᠰᠣᠳ ᠵᠦᠢᠯᠡᠰ ᠢ ᠳᠠᠭᠠᠭᠠᠨ ᠬᠢᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ