ᠬᠦᠯᠦᠨ ᠪᠤᠶᠢᠷ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/8
      ᠨᠢᠭᠡ᠂ ᠭᠠᠳᠠᠭᠠᠳᠤ ᠶᠠᠪᠤᠳᠠᠯ ᠤᠨ ᠠᠵᠢᠯ ᠤᠨ ᠲᠤᠬᠠᠢ ᠨᠠᠮ ᠪᠠ ᠤᠯᠤᠰ ᠤᠨ ᠴᠢᠭᠯᠡᠯᠲᠡ᠂ ᠲᠥᠷᠥ ᠶᠢᠨ ᠪᠣᠳᠤᠯᠭ᠎ᠠ ᠪᠠ ᠭᠠᠳᠠᠭᠠᠳᠤ ᠳᠤ ᠬᠤᠯᠪᠣᠭᠳᠠᠬᠤ ᠬᠠᠦᠯᠢ ᠴᠠᠭᠠᠵᠠ᠂ ᠬᠠᠦᠯᠢ ᠳᠦᠷᠢᠮ ᠵᠢᠴᠢ ᠭᠠᠳᠠᠭᠠᠳᠤ ᠶᠠᠪᠤᠳᠠᠯ ᠤᠨ ᠠᠵᠢᠯ ᠤᠨ ᠲᠣᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ᠂ ᠬᠦᠯᠦᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠢᠭᠠᠪᠤᠷᠢ ᠪᠠ ᠲᠣᠭᠲᠠᠭᠠᠯ ᠢ ᠲᠣᠣᠱᠯᠠᠭᠤᠯᠤᠨ ᠬᠡᠷᠡᠭᠵᠢᠭᠦᠯᠦᠨ᠎ᠡ︔ ᠬᠦᠯᠦᠨ ᠪᠤᠶᠢᠷ ᠬᠤᠲᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠳᠦᠷᠢᠮ ᠪᠠ ᠠᠵᠢᠯ ᠤᠨ ᠲᠥᠯᠥᠪᠵᠢᠭᠦᠯᠭᠡ ᠶᠢ ᠰᠣᠳᠤᠯᠤᠨ ᠲᠤᠭᠳᠠᠭᠠᠨ᠎ᠠ︔ ᠪᠥᠬᠦ ᠬᠤᠲᠠ ᠶᠢᠨ ᠭᠠᠳᠠᠭᠠᠳᠤ ᠶᠠᠪᠤᠳᠠᠯ ᠤᠨ ᠠᠵᠢᠯ ᠳᠤ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠲᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠎ᠠ᠃       ᠬᠤᠶᠠᠷ᠂ ᠪᠥᠬᠦ ᠬᠤᠲᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠤᠯᠭ᠎ᠠ ᠪᠠ ᠬᠠᠮᠢᠶ᠎ᠠ ᠪᠥᠬᠦᠢ ᠬᠠᠦᠯᠢ ᠴᠠᠭᠠᠵᠠ᠂ ᠬᠠᠦᠯᠢ ᠳᠦᠷᠢᠮ ᠢ ᠲᠣᠣᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠪᠠᠶᠢᠴᠠᠭᠠᠵᠣ᠂ ᠬᠡᠷᠡᠭᠵᠢᠭᠦᠯᠬᠦ ᠳᠤᠮᠳᠠ ᠢᠯᠡᠷᠡᠭᠰᠡᠨ ᠠᠰᠠᠭᠤᠳᠠᠯ ᠵᠢᠴᠢ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠠᠴᠠ ᠵᠦᠷᠢᠴᠡᠭᠰᠡᠨ ᠴᠢᠬᠤᠯᠠ ᠶᠡᠭᠡ ᠬᠡᠷᠡᠭ ᠶᠠᠪᠤᠳᠠᠯ ᠳᠤ ᠰᠢᠢᠳᠪᠦᠷᠢᠯᠡᠬᠦ ᠰᠠᠨᠠᠯ ᠳᠤᠷᠠᠳᠤᠨ᠎ᠠ︔ ᠪᠥᠬᠦ ᠬᠤᠲᠠ ᠶᠢᠨ ᠭᠠᠳᠠᠭᠠᠳᠤ ᠲᠠᠢ ᠬᠤᠯᠪᠤᠭᠳᠠᠭᠰᠠᠨ ᠴᠢᠬᠤᠯᠠ ᠶᠡᠭᠡ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠬᠦ ᠪᠣᠶᠤ ᠬᠠᠮᠵᠢᠨ ᠰᠢᠢᠳᠪᠦᠷᠢᠯᠡᠨ᠎ᠡ᠃       ᠭᠤᠷᠪᠠ᠂ ᠡᠯ᠎ᠡ ᠬᠤᠰᠢᠭᠤ ᠬᠤᠲᠠ ᠲᠤᠭᠤᠷᠢᠭ᠂ ᠡᠯ᠎ᠡ ᠰᠠᠯᠠᠭ᠎ᠠ ᠮᠦᠴᠢᠷ ᠪᠠ ᠨᠢᠭᠡᠴᠡ ᠠᠴᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠣᠨ ᠳᠤ ᠮᠡᠳᠡᠭᠦᠯᠦᠭᠰᠡᠨ ᠴᠢᠬᠤᠯᠠ ᠪᠥᠬᠦᠢ ᠭᠠᠳᠠᠭᠠᠳᠤ ᠶᠠᠪᠤᠳᠠᠯ ᠤᠨ ᠠᠰᠠᠭᠤᠳᠠᠯ ᠤᠨ ᠲᠣᠬᠠᠢ ᠵᠢᠭᠠᠪᠤᠷᠢ ᠠᠪᠬᠤ᠂ ᠮᠡᠳᠡᠭᠦᠯᠦᠯᠲᠡ ᠶᠢ ᠭᠠᠷᠳᠠᠨ ᠭᠦᠢᠴᠡᠳᠬᠡᠨ᠎ᠡ᠃       ᠳᠥᠷᠪᠡ᠂ ᠬᠤᠲᠠ ᠶᠢᠨ ᠴᠢᠬᠤᠯᠠ ᠶᠡᠭᠡ ᠭᠠᠳᠠᠭᠠᠳᠤ ᠶᠠᠪᠤᠳᠠᠯ ᠤᠨ ᠠᠵᠢᠯ ᠪᠠ ᠭᠠᠳᠠᠭᠠᠳᠤ ᠳᠤ ᠬᠤᠯᠪᠣᠭᠳᠠᠬᠤ ᠠᠵᠢᠯᠯᠠᠭ᠎ᠠ ᠶᠢ ᠵᠣᠬᠢᠴᠠᠭᠤᠯᠣᠨ᠎ᠠ︔ ᠮᠠᠨ ᠤ ᠬᠤᠲᠠ ᠳᠤ ᠠᠶᠢᠯᠴᠢᠯᠠᠬᠤ ᠪᠠᠷ ᠢᠷᠡᠭᠰᠡᠨ ᠴᠢᠬᠤᠯᠠ ᠭᠠᠳᠠᠭᠠᠳᠤ ᠶᠢᠨ ᠵᠣᠴᠢᠳ ᠢ ᠤᠭᠲᠤᠨ ᠵᠤᠴᠢᠯᠠᠬᠤ ᠶᠢ ᠵᠣᠬᠢᠶᠠᠨ ᠪᠠᠶᠢᠭᠤᠯᠤᠨ᠎ᠠ᠃ ᠪᠥᠬᠦ ᠬᠤᠲᠠ ᠶᠢᠨ ᠭᠠᠳᠠᠭᠠᠳᠤ ᠳᠤ ᠬᠤᠯᠪᠤᠭᠳᠠᠬᠤ ᠵᠣᠴᠢᠯᠠᠬᠤ ᠶᠣᠰᠣᠯᠠᠯ ᠤᠨ ᠠᠵᠢᠯ ᠢ ᠵᠢᠯᠤᠭᠤᠳᠤᠨ᠎ᠠ᠃       ᠲᠠᠪᠤ᠂ ᠪᠦᠬᠦ ᠬᠤᠲᠠ ᠶᠢᠨ ᠡᠯ᠎ᠡ ᠬᠤᠰᠢᠭᠤ ᠬᠤᠲᠠ ᠲᠤᠭᠤᠷᠢᠭ᠂ ᠡᠯ᠎ᠡ ᠰᠠᠯᠠᠭ᠎ᠠ ᠮᠦᠴᠢᠷ ᠤᠨ ᠠᠯᠪᠠᠨ ᠶᠠᠪᠤᠳᠠᠯ ᠢᠶᠠᠷ ᠭᠠᠳᠠᠭᠠᠳᠤ ᠳᠤ ᠲᠣᠮᠢᠯᠠᠨ ᠶᠠᠪᠤᠭᠤᠯᠬᠤ ᠪᠥᠯᠬᠦᠮ ︵ᠳᠣᠭᠤᠶᠢᠯᠠᠩ︶ ᠪᠠ ᠭᠠᠳᠠᠭᠠᠳᠤ ᠶᠢᠨ ᠬᠥᠮᠦᠨ ᠢ ᠮᠠᠨ ᠤ ᠬᠤᠲᠠ ᠳᠤ ᠠᠶᠢᠯᠴᠢᠯᠠᠭᠤᠯᠬᠤ ᠪᠠᠷ ᠤᠷᠢᠬᠤ ᠵᠡᠷᠭᠡ ᠬᠠᠮᠢᠶ᠎ᠠ ᠪᠥᠬᠦᠢ ᠶᠠᠪᠤᠳᠠᠯ ᠤᠳ ᠢ ᠬᠠᠮᠢᠶ᠎ᠠ ᠪᠦᠬᠦᠢ ᠳᠦᠷᠢᠮ ᠲᠤᠭᠲᠠᠭᠠᠯ ᠶᠤᠰᠤᠭᠠᠷ ᠬᠢᠨᠠᠨ ᠬᠠᠷᠭᠤᠭᠤᠯᠵᠤ᠂ ᠬᠢᠨᠠᠨ ᠵᠦᠪᠰᠢᠶᠡᠷᠡᠬᠦ ᠪᠠ ᠳᠡᠭᠡᠭᠰᠢ ᠮᠡᠳᠡᠭᠦᠯᠦᠨ᠎ᠡ︔ ᠠᠯᠪᠠᠨ ᠶᠠᠪᠤᠳᠠᠯ ᠤᠨ ᠫᠠᠰᠫᠥᠷᠲ ᠢ ᠤᠯᠭᠤᠬᠤ ᠪᠠ ᠬᠠᠮᠢᠶᠠᠷᠤᠨ᠎ᠠ᠃       ᠵᠢᠷᠭᠤᠭ᠎ᠠ᠂ ᠬᠠᠮᠢᠶ᠎ᠠ ᠪᠥᠬᠦᠢ ᠰᠠᠯᠠᠭ᠎ᠠ ᠮᠦᠴᠢᠷ ᠲᠠᠢ ᠬᠠᠮᠲᠣᠷᠠᠵᠤ ᠪᠠᠶᠢᠭᠠᠳ ᠪᠥᠬᠦ ᠬᠤᠲᠠ ᠶᠢᠨ ᠬᠢᠯᠢ ᠶᠢᠨ ᠶᠠᠪᠤᠳᠠᠯ᠂ ᠬᠢᠯᠢ ᠬᠢᠵᠠᠭᠠᠷ ᠣᠷᠣᠨ ᠪᠠ ᠪᠣᠭᠤᠮᠲᠠ ᠶᠢᠨ ᠭᠠᠳᠠᠭᠠᠳᠤ ᠲᠠᠢ ᠬᠤᠯᠪᠤᠭᠳᠠᠬᠤ ᠬᠡᠷᠡᠭ ᠶᠠᠪᠤᠳᠠᠯ ᠤᠳ ᠢ ᠬᠠᠮᠢᠶᠠᠷᠤᠨ᠎ᠠ︔ ᠬᠢᠯᠢ ᠶᠢᠨ ᠬᠠᠮᠠᠭᠠᠯᠠᠯᠲᠠ ᠶᠢᠨ ᠬᠡᠯᠡᠯᠴᠡᠭᠡᠷ᠂ ᠠᠭᠤᠯᠵᠠᠯᠲᠠ ᠶᠢᠨ ᠠᠵᠢᠯ ᠢ ᠵᠢᠯᠤᠭᠤᠳᠤᠨ ᠤᠷᠤᠯᠴᠠᠨ᠎ᠠ᠃       ᠳᠣᠯᠤᠭ᠎ᠠ᠂ ᠪᠦᠬᠦ ᠬᠤᠲᠠ ᠶᠢᠨ ᠭᠠᠳᠠᠭᠠᠳᠤ ᠲᠠᠢ ᠨᠥᠬᠦᠷᠰᠡᠭ ᠢᠶᠠᠷ ᠶᠠᠪᠤᠯᠴᠠᠬᠤ ᠨᠡᠶᠢᠭᠡᠮᠯᠢᠭ ᠤᠨ ᠠᠵᠢᠯ ᠢ ᠵᠢᠯᠤᠭᠤᠳᠤᠨ᠎ᠠ︔ ᠪᠦᠬᠦ ᠬᠤᠲᠠ ᠶᠢᠨ ᠭᠠᠳᠠᠭᠠᠳᠤ ᠯᠤᠭ᠎ᠠ ᠨᠥᠬᠦᠷᠰᠡᠭ ᠭᠠᠵᠠᠷ ᠣᠷᠣᠨ᠂ ᠨᠥᠬᠦᠷᠰᠡᠭ ᠦᠨᠳᠦᠰᠦᠨ ᠱᠠᠲᠤᠨ ᠤ ᠨᠢᠭᠡᠴᠡ ᠶᠢ ᠪᠠᠶᠢᠭᠤᠯᠬᠤ ᠪᠠ ᠥᠷᠨᠢᠭᠦᠯᠬᠦ ᠠᠵᠢᠯ ᠢ ᠵᠢᠯᠤᠭᠤᠳᠤᠨ ᠬᠠᠮᠢᠶᠠᠷᠤᠨ᠎ᠠ︔ ᠪᠥᠬᠦ ᠬᠤᠲᠠ ᠶᠢᠨ ᠢᠷᠭᠡᠳ ᠤᠨ ᠭᠠᠳᠠᠭᠠᠳᠣ ᠯᠤᠭ᠎ᠠ ᠨᠥᠬᠦᠷᠰᠡᠭ ᠢᠶᠠᠷ ᠶᠠᠪᠤᠯᠴᠠᠬᠤ ᠠᠵᠢᠯ ᠢ ᠵᠢᠯᠤᠭᠤᠳᠤᠨ᠎ᠠ᠃       ᠨᠠᠢᠮᠠ᠂ ᠬᠠᠮᠢᠶ᠎ᠠ ᠪᠥᠬᠦᠢ ᠰᠠᠯᠠᠭ᠎ᠠ ᠮᠦᠴᠢᠷ ᠲᠠᠢ ᠬᠠᠮᠲᠤᠷᠠᠵᠤ ᠪᠠᠶᠢᠭᠠᠳ ᠭᠠᠳᠠᠭᠠᠳᠤ ᠤᠬᠠᠭᠤᠯᠭ᠎ᠠ ᠪᠠ ᠣᠯᠠᠨ ᠲᠦᠮᠡᠨᠴᠢ ᠴᠢᠨᠠᠷᠲᠠᠢ ᠭᠠᠳᠠᠭᠠᠳᠤ ᠶᠠᠪᠤᠳᠠᠯ ᠤᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠬᠠᠮᠢᠶ᠎ᠠ ᠪᠥᠬᠦᠢ ᠰᠠᠯᠠᠭ᠎ᠠ ᠮᠦᠴᠢᠷ ᠲᠤ ᠴᠢᠬᠤᠯᠡ ᠶᠡᠭᠡ ᠳᠡᠯᠡᠬᠡᠢ ᠶᠢᠨ ᠠᠰᠠᠭᠤᠳᠠᠯ ᠤᠨ ᠤᠬᠠᠭᠤᠯᠬᠤ ᠮᠠᠲ᠋ᠧᠷᠢᠶᠠᠯ ᠪᠠ ᠭᠠᠳᠠᠭᠠᠳᠤ ᠳᠤ ᠢᠯᠡᠳᠬᠡᠬᠦ ᠬᠡᠯᠡ ᠶᠠᠷᠢᠶ᠎ᠠ ᠶᠢ ᠬᠠᠩᠭᠠᠨ᠎ᠠ︔ ᠮᠠᠨ ᠤ ᠬᠤᠲᠠ ᠶᠢᠨ ᠭᠠᠳᠠᠭᠠᠳᠤ ᠲᠠᠢ ᠬᠤᠯᠪᠤᠭᠳᠠᠬᠤ ᠴᠢᠬᠤᠯᠠ ᠪᠢᠴᠢᠭ ᠮᠠᠲ᠋ᠧᠷᠢᠶᠠᠯ ᠢ ᠬᠠᠮᠵᠢᠯᠴᠠᠨ ᠬᠢᠨᠠᠵᠤ᠂ ᠭᠠᠳᠠᠭᠠᠳᠤ ᠤᠯᠤᠰ ᠪᠠ ᠰᠢᠶᠠᠩᠭᠠᠩ ᠣᠣᠮᠧᠨ ᠤ ᠰᠣᠨᠢᠨ ᠮᠡᠳᠡᠭᠡᠨ ᠤ ᠪᠠᠶᠢᠭᠤᠯᠤᠮᠵᠢ ᠬᠢᠭᠡᠳ ᠰᠣᠷᠪᠣᠯᠵᠢᠯᠠᠭᠴᠢᠳ ᠮᠠᠨ ᠤ ᠬᠤᠲᠠ ᠳᠤ ᠢᠷᠡᠵᠦ ᠰᠣᠷᠪᠤᠯᠵᠢᠯᠠᠬᠤ ᠶᠠᠪᠤᠳᠠᠯ ᠤᠳ ᠲᠤ ᠬᠠᠮᠢᠶ᠎ᠠ ᠪᠦᠬᠦᠢ ᠳᠦᠷᠢᠮ ᠲᠤᠭᠲᠠᠭᠠᠯ ᠶᠤᠰᠤᠭᠠᠷ ᠬᠢᠨᠠᠯᠲᠠ ᠲᠠᠯᠪᠢᠨ᠎ᠠ᠃       ᠶᠢᠰᠤ᠂ ᠬᠠᠷᠢᠶᠠᠲᠤ ᠶᠢᠨ ᠶᠠᠪᠤᠳᠠᠯ ᠤᠨ ᠠᠵᠢᠯ ᠤᠨ ᠲᠣᠬᠠᠢ ᠣᠯᠣᠰ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠦᠯᠢ ᠴᠠᠭᠠᠵᠠ ᠬᠠᠦᠯᠢ ᠳᠦᠷᠢᠮ ᠪᠠ ᠴᠢᠭᠯᠡᠯᠲᠡ ᠲᠥᠷᠥ ᠶᠢᠨ ᠪᠣᠳᠤᠯᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠤᠨ᠎ᠠ︔ ᠪᠥᠬᠦ ᠬᠤᠲᠠ ᠶᠢᠨ ᠬᠠᠷᠢᠶᠠᠲᠤ ᠶᠢᠨ ᠶᠠᠪᠤᠳᠠᠯ ᠤᠨ ᠠᠵᠢᠯ ᠢ ᠬᠠᠮᠢᠶᠠᠷᠬᠤ ᠪᠠ ᠨᠢᠬᠡᠲᠦᠯᠲᠡᠢ ᠵᠣᠬᠢᠴᠠᠭᠤᠯᠤᠨ᠎ᠠ︔ ᠬᠠᠷᠢᠶᠠᠲᠤ ᠶᠢᠨ ᠶᠠᠪᠤᠳᠠᠯ ᠢ ᠤᠬᠠᠭᠤᠯᠬᠤ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ᠂ ᠬᠠᠷᠢᠶᠠᠲᠤ ᠶᠢᠨ ᠭᠡᠷ ᠪᠦᠯᠢ ᠪᠠ ᠳᠤᠮᠳᠠᠳᠤ ᠶᠢᠨ ᠬᠠᠷᠢᠶᠠᠲᠤ ᠶᠢᠨ ᠬᠠᠦᠯᠢ ᠶᠣᠰᠤᠨ ᠤ ᠡᠷᠬᠡ ᠠᠰᠢᠭ ᠢ ᠬᠠᠮᠠᠭᠠᠯᠠᠬᠤ ᠶᠢ ᠬᠠᠷᠢᠭᠤᠴᠠᠨ᠎ᠠ       ᠠᠷᠪᠠ᠂ ᠤᠯᠤᠰ ᠠᠴᠠ ᠰᠢᠶᠠᠩᠭᠠᠩ᠂ ᠣᠣᠮᠧᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠵᠢᠯ ᠳᠤ ᠠᠪᠴᠤ ᠪᠠᠶᠢᠭ᠎ᠠ ᠴᠢᠭᠯᠡᠯᠲᠡ᠂ ᠲᠥᠷᠥ ᠶᠢᠨ ᠪᠣᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠬᠠᠮᠢᠶ᠎ᠠ ᠪᠥᠬᠦᠢ ᠰᠠᠯᠠᠭ᠎ᠠ ᠮᠦᠴᠢᠷ ᠪᠠ ᠣᠷᠣᠨ ᠨᠣᠲᠤᠭ ᠤᠨ ᠰᠢᠶᠠᠩᠭᠠᠩ᠂ ᠣᠣᠮᠧᠨ ᠯᠤᠭ᠎ᠠ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠡᠷᠭᠡ ᠬᠦᠷᠢᠶᠡᠨ ᠤ ᠰᠣᠯᠢᠯᠴᠠᠭ᠎ᠠ ᠬᠢᠭᠡᠳ ᠬᠠᠮᠵᠢᠯᠴᠠᠭ᠎ᠠ ᠬᠢᠬᠦ ᠶᠢ ᠲᠦᠯᠬᠢᠨ ᠠᠬᠢᠭᠤᠯᠤᠨ᠎ᠠ᠃       ᠠᠷᠪᠠᠨ ᠨᠢᠭᠡ᠂ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠳᠡᠭᠡᠳᠦ ᠱᠠᠲᠤᠨ ᠤ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠭᠦᠢᠴᠡᠳᠭᠡᠯᠭᠡᠬᠦ ᠪᠠᠷ ᠲᠣᠰᠢᠶᠠᠭᠰᠠᠨ ᠪᠤᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ