ᠬᠦᠯᠦᠨ ᠪᠤᠶᠢᠷ ᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/8
      ᠨᠢᠭᠡ᠂ ᠤᠢ ᠰᠢᠭᠤᠢ ᠶᠢᠨ ᠠᠮᠢ ᠠᠬᠤᠢ ᠶᠢᠨ ᠪᠥᠲᠦᠭᠡᠨ ᠪᠠᠶᠢᠭᠤᠯᠦᠯᠲᠠ᠂ ᠡᠯᠡᠰᠦ ᠰᠡᠷᠭᠡᠶᠢᠯᠡᠨ ᠵᠠᠰᠠᠬᠤ᠂ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠤᠯᠤᠰ ᠤᠨ ᠨᠤᠲᠤᠭ ᠳᠡᠪᠢᠰᠭᠡᠷ ᠤᠨ ᠨᠤᠭᠤᠭᠠᠷᠠᠭᠤᠯᠤᠯᠲᠠ ᠶᠢᠨ ᠲᠤᠬᠠᠢ ᠤᠯᠤᠰ᠂ ᠦᠪᠡᠷᠲᠡᠭᠡᠨ ᠵᠠᠰᠠᠬᠤ ᠤᠷᠤᠨ ᠤ ᠴᠢᠭᠯᠡᠯᠲᠡ᠂ ᠲᠥᠷᠦ ᠶᠢᠨ ᠪᠤᠳᠦᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠤᠢ ᠰᠢᠭᠤᠢ ᠶᠢᠨ ᠬᠥᠭᠵᠢᠯᠲᠡ ᠶᠢᠨ ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ᠂ ᠠᠷᠭ᠎ᠠ ᠬᠡᠮᠵᠢᠶ᠎ᠡ ᠶᠢ ᠰᠤᠳᠤᠯᠤᠨ ᠲᠣᠭᠤᠷᠪᠢᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       ᠬᠤᠶᠠᠷ᠂ ᠪᠦᠬᠦ ᠬᠤᠲᠠ ᠶᠢᠨ ᠤᠢ ᠰᠢᠭᠤᠢ ᠶᠢᠨ ᠬᠦᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠲᠦᠯᠦᠪᠵᠢᠭᠦᠯᠭᠡ᠂ ᠤᠨ ᠤ ᠲᠦᠯᠦᠪᠯᠡᠭᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠤᠢ ᠰᠢᠭᠤᠢ ᠶᠢᠨ ᠡᠯ᠎ᠡ ᠲᠦᠷᠦᠯ ᠤᠨ ᠪᠡᠯᠡ ᠮᠦᠩᠭᠦ ᠶᠢ ᠬᠠᠮᠢᠶᠠᠷᠬᠤ ᠶᠢᠨ ᠬᠠᠮᠲᠤ ᠲᠡᠭᠦᠨ ᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ︔ ᠰᠠᠯᠠᠭ᠎ᠠ ᠮᠦᠴᠢᠷ ᠤᠨ ᠲᠦᠰᠦᠪ ᠢ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠢ ᠰᠢᠭᠤᠢ ᠶᠢᠨ ᠭᠤᠤᠯᠳᠠᠯᠭᠠᠲᠤ ᠦᠨᠳᠦᠰᠦᠨ ᠪᠦᠲᠦᠭᠡᠨ ᠪᠠᠶᠢᠭᠤᠯᠤᠯᠲᠠ ᠪᠠ ᠮᠡᠷᠭᠡᠵᠢᠯ ᠤᠨ ᠦᠭᠡᠷᠡᠴᠢᠯᠡᠯᠲᠡ ᠶᠢᠨ ᠲᠦᠷᠦᠯ ᠵᠦᠢᠯ ᠤᠨ ᠲᠦᠰᠦᠯ ᠲᠤᠭᠲᠠᠭᠠᠬᠤ ᠬᠢᠨᠠᠨ ᠵᠦᠪᠰᠢᠶᠡᠷᠡᠬᠦ ᠶᠢ ᠲᠤᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠬᠠᠷᠢᠭᠤᠴᠠᠨ᠎ᠠ︔ ᠤᠢ ᠰᠢᠭᠤᠢ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠬᠢᠨᠠᠨ ᠬᠠᠮᠢᠶᠠᠷᠤᠨ᠎ᠠ᠃       ᠭᠤᠷᠪᠠ᠂ ᠪᠥᠬᠦ ᠬᠤᠲᠠ ᠶᠢᠨ ᠣᠶᠢᠵᠢᠭᠤᠯᠤᠨ ᠨᠣᠭᠤᠭᠠᠷᠠᠭᠤᠯᠬᠤ ᠪᠠ ᠠᠭᠤᠯᠠ ︵ᠡᠯᠡᠰᠦ︶ ᠶᠢ ᠪᠢᠲᠡᠭᠦᠮᠵᠢᠯᠡᠨ ᠣᠶᠢᠵᠢᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ︔ ᠮᠤᠳᠤ ᠵᠠᠶᠢᠯᠠᠵᠤ ᠡᠪᠡᠰᠦ ᠲᠠᠷᠢᠬᠤ ᠵᠡᠷᠭᠡ ᠠᠮᠢᠳᠤ ᠪᠤᠳᠠᠰ ᠤᠨ ᠠᠷᠭ᠎ᠠ ᠬᠡᠮᠵᠢᠶ᠎ᠡ ᠪᠠᠷ ᠤᠰᠤ ᠰᠢᠷᠤᠢ ᠶᠢᠨ ᠤᠷᠤᠰᠤᠭᠳᠠᠯ ᠢ ᠰᠡᠷᠭᠡᠶᠢᠯᠡᠨ ᠵᠠᠰᠠᠬᠤ ᠪᠠ ᠡᠯᠡᠰᠦ ᠰᠡᠷᠭᠡᠶᠢᠯᠡᠨ ᠵᠠᠰᠠᠬᠤ ᠠᠵᠢᠯ ᠢ ᠦᠷᠨᠢᠭᠦᠯᠦᠨ᠎ᠡ︔ ᠡᠯ᠎ᠡ ᠲᠦᠷᠦᠯ ᠤᠨ ᠤᠢ ᠰᠢᠭᠤᠢ ᠶᠢᠨ ᠪᠤᠶᠢᠵᠢᠭᠤᠯᠤᠯᠲᠠ᠂ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ︵ᠴᠢᠬᠢ ᠮᠤᠳᠤᠨ ᠤ ᠬᠦᠷᠢᠶᠡᠯᠡᠩ︶᠂ ᠤᠢ ᠶᠢᠨ ᠴᠡᠴᠡᠷᠯᠢᠭ ᠵᠢᠴᠢ ᠦᠨᠳᠦᠰᠦᠨ ᠱᠠᠲᠤᠨ ᠤ ᠤᠢ ᠰᠢᠭᠤᠢ ᠶᠢᠨ ᠠᠵᠢᠯ ᠤᠨ ᠪᠠᠶᠢᠭᠤᠯᠤᠮᠵᠢ ᠶᠢᠨ ᠪᠥᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ︔ ᠤᠢ ᠰᠢᠭᠤᠢ ᠶᠢᠨ ᠭᠤᠤᠯᠳᠠᠯᠭᠠᠲᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ︔ ᠤᠢ ᠰᠢᠭᠤᠢ ᠶᠢᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠤᠯᠪᠤᠭᠳᠠᠯ ᠪᠦᠬᠦᠢ ᠠᠵᠢᠯ ᠢ ᠡᠭᠦᠷᠭᠡᠯᠡᠨ᠎ᠡ︔ ᠬᠦᠯᠦᠨ ᠪᠤᠶᠢᠷ ᠬᠤᠲᠠ ᠶᠢᠨ ᠨᠣᠭᠤᠭᠠᠷᠠᠭᠤᠯᠬᠤ ᠵᠦᠪᠯᠡᠯ ᠵᠢᠴᠢ ᠡᠯᠡᠰᠦᠷᠬᠡᠭ ᠤᠷᠤᠨ ᠤ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃       ᠳᠦᠷᠪᠡ᠂ ᠪᠥᠬᠦ ᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ᠂ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠠᠵᠢᠯ ᠢ ᠵᠤᠬᠢᠶᠠᠨ ᠪᠠᠶᠢᠭᠤᠯᠵᠤ᠂ ᠵᠣᠬᠢᠴᠠᠭᠤᠯᠵᠣ᠂ ᠵᠢᠯᠣᠭᠤᠳᠬᠤ ᠪᠠ ᠬᠢᠨᠠᠯᠲᠠ ᠲᠠᠯᠪᠢᠨ᠎ᠠ᠃       ᠲᠠᠪᠤ᠂ ᠤᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠤᠯᠤᠰ ᠪᠠ ᠦᠪᠡᠷᠲᠡᠭᠡᠨ ᠵᠠᠰᠠᠬᠤ ᠤᠷᠤᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠣᠨ ᠬᠡᠷᠡᠭᠵᠢᠭᠦᠯᠵᠦ᠂ ᠪᠦᠬᠦ ᠬᠤᠲᠠ ᠶᠢᠨ ᠤᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠵᠤᠬᠢᠶᠠᠨ ᠪᠠᠶᠢᠭᠤᠯᠬᠤ᠂ ᠤᠬᠠᠭᠤᠯᠬᠤ᠂ ᠵᠢᠯᠤᠭᠤᠳᠬᠤ᠂ ᠬᠢᠨᠠᠯᠲᠠ ᠲᠠᠯᠪᠢᠬᠤ ᠪᠠ ᠵᠤᠬᠢᠴᠠᠭᠤᠯᠬᠤ ᠶᠢ ᠬᠠᠷᠢᠭᠤᠴᠠᠨ᠎ᠠ︔ ᠬᠤᠲᠠ ᠶᠢᠨ ᠤᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠬᠠᠮᠢᠶ᠎ᠠ ᠪᠦᠬᠦᠢ ᠳᠦᠷᠢᠮ ᠲᠤᠭᠲᠠᠭᠠᠯ ᠪᠠ ᠭᠠᠯ ᠰᠡᠷᠭᠡᠶᠢᠯᠡᠨ ᠤᠨᠲᠠᠷᠠᠭᠠᠬᠤ ᠲᠦᠰᠦᠪ ᠲᠤᠭᠲᠠᠭᠠᠬᠤ ᠶᠢ ᠬᠠᠷᠢᠭᠤᠴᠠᠨ᠎ᠠ︔ ᠤᠢ ᠰᠢᠭᠤᠢ ᠲᠠᠯ᠎ᠠ ᠨᠤᠲᠤᠭ ᠤᠨ ᠭᠠᠯ ᠤᠨ ᠠᠶᠤᠯ ᠢ ᠤᠷᠢᠳᠴᠢᠯᠠᠨ ᠰᠡᠷᠭᠡᠶᠢᠯᠡᠬᠦ ᠪᠠ ᠤᠨᠲᠠᠷᠠᠭᠠᠬᠤ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠵᠤ᠂ ᠬᠦᠯᠦᠨ ᠪᠤᠶᠢᠷ ᠬᠤᠲᠠ ᠶᠢᠨ ᠤᠢ ᠰᠢᠭᠤᠢ ᠲᠠᠯ᠎ᠠ ᠨᠤᠲᠤᠭ ᠤᠨ ᠭᠠᠯ ᠰᠡᠷᠭᠡᠶᠢᠯᠡᠬᠦ ᠵᠢᠯᠤᠭᠤᠳᠬᠤ ᠭᠠᠵᠠᠷ ᠤᠨ ᠪᠤᠳᠠᠲᠠᠢ ᠠᠵᠢᠯ ᠢ ᠬᠠᠷᠢᠭᠤᠴᠠᠨ᠎ᠠ᠃       ᠵᠢᠷᠭᠤᠭ᠎ᠠ᠂ ᠪᠥᠬᠦ ᠬᠤᠲᠠ ᠶᠢᠨ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠠᠵᠢᠯ ᠢ ᠬᠠᠷᠢᠭᠤᠴᠠᠵᠤ᠂ ᠣᠢ ᠰᠢᠭᠤᠢ ᠶᠢᠨ ᠲᠣᠲᠣᠭᠠᠳᠣ ᠶᠢ ᠬᠠᠮᠠᠭᠠᠯᠠᠬᠤ ᠡᠩᠨᠡᠭᠡ ᠶᠢ ᠬᠢᠨᠠᠨ ᠬᠠᠮᠢᠶᠠᠷᠤᠨ᠎ᠠ︔ ᠪᠥᠬᠦ ᠬᠤᠲᠠ ᠶᠢᠨ ᠣᠢ ᠰᠢᠭᠤᠢ ᠳᠤ ᠬᠤᠯᠪᠤᠭᠳᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠣᠢ ᠰᠢᠭᠤᠢ ᠳᠤ ᠬᠤᠯᠪᠤᠭᠳᠠᠭᠰᠠᠨ ᠬᠦᠨᠳᠦ ᠶᠡᠭᠡ ᠨᠦᠯᠦᠭᠡ ᠪᠦᠬᠦᠢ ᠬᠡᠷᠡᠭ ᠢ ᠰᠢᠭᠤᠳ ᠪᠠᠶᠢᠴᠠᠭᠠᠨ ᠰᠢᠢᠳᠪᠦᠷᠢᠯᠡᠨ᠎ᠡ᠃       ᠲᠤᠯᠤᠭ᠎ᠠ᠂ ᠪᠦᠬᠦ ᠬᠤᠲᠠ ᠶᠢᠨ ᠤᠢ ᠰᠢᠭᠤᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠵᠠᠷᠭᠤ ᠬᠢᠬᠦ ᠪᠠ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢ ᠬᠠᠷᠢᠭᠤᠴᠠᠨ᠎ᠠ︔ ᠪᠦᠬᠦ ᠬᠤᠲᠠ ᠶᠢᠨ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠬᠠᠷᠢᠭᠤᠴᠠᠨ᠎ᠠ︔ ᠪᠦᠬᠦ ᠬᠤᠲᠠ ᠶᠢᠨ ᠤᠢ ᠶᠢᠨ ᠡᠷᠬᠡ᠂ ᠤᠶᠢᠲᠤ ᠭᠠᠵᠠᠷ᠂ ᠮᠤᠳᠤᠨ ᠮᠠᠲ᠋ᠧᠷᠢᠶᠠᠯ ᠤᠨ ᠤᠭᠲᠤᠯᠬᠤ ᠪᠠ ᠲᠡᠭᠡᠭᠡᠪᠦᠷᠢᠯᠡᠬᠦ᠂ ᠤᠢ ᠰᠢᠭᠤᠢ ᠶᠢᠨ ᠡᠬᠢ ᠪᠠᠶᠠᠯᠢᠭ ᠤᠨ ᠦᠨ᠎ᠡ ᠲᠦᠯᠦᠪᠦᠷᠢᠲᠦ ᠬᠡᠷᠡᠭᠯᠡᠭᠡᠨ ᠵᠡᠷᠭᠡ ᠳᠤ ᠬᠢᠨᠠᠯᠲᠠ ᠲᠠᠯᠪᠢᠬᠤ ᠪᠠ ᠬᠠᠮᠢᠶᠠᠷᠤᠯᠲᠠ ᠶᠠᠪᠤᠭᠳᠠᠭᠤᠯᠤᠨ᠎ᠠ᠃       ᠨᠠᠢᠮᠠ᠂ ᠪᠦᠬᠦ ᠬᠤᠲᠠ ᠶᠢᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠪᠠ ᠵᠦᠢ ᠵᠤᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠤᠢ ᠰᠢᠭᠤᠢ ᠶᠢᠨ ᠡᠬᠢ ᠪᠠᠶᠠᠯᠢᠭ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ᠂ ᠨᠤᠭᠤ ᠭᠠᠵᠠᠷ ᠤᠨ ᠪᠠᠶᠢᠴᠠᠭᠠᠯᠲᠠ ᠦᠨᠡᠯᠡᠯᠲᠡ ᠪᠠ ᠬᠦᠳᠡᠯᠦᠩᠭᠦᠢ ᠬᠢᠨᠠᠨ ᠬᠡᠮᠵᠢᠯᠲᠡ ᠶᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ︔ ᠡᠬᠡ ᠬᠠᠭᠤᠷᠠᠢ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠬᠠᠮᠠᠭᠠᠯᠠᠵᠤ ᠪᠤᠶᠢᠵᠢᠭᠤᠯᠬᠤ᠂ ᠤᠷᠤᠰᠢᠨ ᠠᠮᠢᠳᠤᠷᠠᠬᠤ ᠭᠠᠵᠠᠷ ᠢ ᠨᠢ ᠰᠡᠷᠭᠦᠭᠡᠨ ᠬᠦᠭᠵᠢᠭᠦᠯᠬᠦ᠂ ᠬᠢᠵᠢᠭ ᠤᠨ ᠡᠭᠦᠰᠦᠯ ᠬᠢᠵᠢᠭ ᠤᠨ ᠡᠪᠡᠳᠴᠢᠨ ᠢ ᠬᠢᠨᠡᠨ ᠬᠡᠮᠵᠢᠬᠦ ᠶᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠪᠦᠬᠦ ᠬᠤᠲᠠ ᠶᠢᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠨ ᠪᠠᠷᠢᠬᠤ ︵ᠲᠡᠭᠦᠨ ᠴᠤᠭᠯᠠᠭᠤᠯᠬᠤ︶᠂ ᠲᠡᠵᠢᠭᠡᠨ ᠦᠷᠡᠵᠢᠭᠦᠯᠬᠦ ︵ᠵᠠᠶᠢᠯᠠᠵᠤ ᠪᠤᠶᠢᠵᠢᠭᠤᠯᠬᠤ︶᠂ ᠡᠵᠡᠩᠨᠡᠨ ᠠᠰᠢᠭᠯᠠᠬᠤ ᠳᠤ ᠬᠢᠨᠠᠯᠲᠠ ᠲᠠᠯᠪᠢᠨ ᠬᠠᠮᠢᠶᠠᠷᠤᠨ᠎ᠠ︔ ᠤᠢ ᠰᠢᠭᠤᠢ ᠶᠢᠨ ᠨᠤᠭᠤ ᠭᠠᠵᠠᠷ ᠪᠠ ᠤᠷᠤᠨ ᠨᠤᠲᠤᠭ ᠤᠨ ᠤᠢ ᠰᠢᠭᠤᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ︔ ᠪᠦᠬᠦ ᠬᠤᠲᠠ ᠶᠢᠨ ᠤᠢ ᠰᠢᠭᠤᠢ ᠶᠢᠨ ᠬᠦᠨᠦᠭᠡᠯᠲᠦ ᠠᠮᠢᠳᠤ ᠪᠤᠳᠠᠰ ᠤᠨ ᠰᠡᠷᠭᠡᠶᠢᠯᠡᠨ ᠵᠠᠰᠠᠬᠤ᠂ ᠬᠢᠵᠢᠭ ᠤᠨ ᠪᠠᠶᠢᠴᠠᠭᠠᠯᠲᠠ ᠬᠢᠬᠦ ᠠᠵᠢᠯ ᠢ ᠵᠢᠯᠤᠭᠤᠳᠤᠨ᠎ᠠ᠃       ᠶᠢᠰᠦ᠂ ᠪᠥᠬᠦ ᠬᠤᠲᠠ ᠶᠢᠨ ᠤᠢ ᠰᠢᠭᠤᠢ ᠶᠢᠨ ᠥᠭᠡᠷᠡᠴᠢᠯᠡᠯᠲᠡ ᠶᠢ ᠠᠬᠢᠭᠤᠯᠵᠤ᠂ ᠤᠢ ᠰᠢᠭᠤᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠮᠲᠤ ᠨᠡᠶᠢᠲᠡ ᠪᠠ ᠤᠯᠤᠰ ᠤᠨ ᠥᠮᠴᠢᠯᠡᠯᠲᠦ ᠴᠢᠬᠤᠯᠡ ᠶᠡᠭᠡ ᠤᠢ ᠰᠢᠭᠤᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠦᠯᠲᠡ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠬᠠᠮᠲᠤ ᠨᠡᠶᠢᠲᠡ ᠶᠢᠨ ᠤᠢ ᠮᠤᠳᠤᠨ ᠤ ᠡᠷᠬᠡ ᠶᠢᠨ ᠳᠥᠷᠢᠮ᠂ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠤᠶᠢᠲᠤ ᠤᠷᠤᠨ᠂ ᠤᠯᠤᠰ ᠤᠨ ᠥᠮᠴᠢᠯᠡᠯᠲᠦ ᠤᠢ ᠰᠢᠭᠤᠢ ᠶᠢᠨ ᠲᠠᠯᠠᠪᠠᠢ ᠵᠡᠷᠭᠡ ᠶᠢᠨ ᠴᠢᠬᠤᠯᠡ ᠶᠡᠭᠡ ᠤᠢ ᠰᠢᠭᠤᠢ ᠶᠢᠨ ᠥᠭᠡᠷᠡᠴᠢᠯᠡᠯᠲᠡ ᠶᠢᠨ ᠰᠠᠨᠠᠯ ᠢ ᠲᠣᠭᠤᠷᠪᠢᠨ ᠲᠣᠭᠲᠠᠭᠠᠬᠤ ᠶᠢᠨ ᠬᠠᠮᠲᠤ ᠵᠢᠭᠠᠨ ᠵᠢᠯᠤᠭᠤᠳᠴᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠲᠠᠷᠢᠶᠠᠯᠠᠬᠤ ᠮᠠᠯᠵᠢᠬᠤ ᠤᠷᠤᠨ ᠤ ᠤᠢ ᠰᠢᠭᠤᠢ ᠶᠢ ᠬᠥᠭᠵᠢᠭᠦᠯᠬᠦ᠂ ᠮᠠᠯᠴᠢᠨ ᠲᠠᠷᠢᠶᠠᠴᠢᠨ ᠤ ᠤᠢ ᠰᠢᠭᠤᠢ ᠡᠵᠡᠩᠨᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ︔ ᠲᠠᠷᠢᠶᠠᠯᠠᠬᠤ ᠮᠠᠯᠵᠢᠬᠤ ᠤᠷᠤᠨ ᠤ ᠣᠶᠢᠲᠤ ᠭᠠᠵᠠᠷ ᠢ ᠳᠠᠭᠠᠭᠠᠴᠢᠯᠠᠨ ᠡᠵᠡᠩᠨᠡᠬᠦ ᠪᠠ ᠤᠢ ᠶᠢᠨ ᠡᠷᠬᠡ ᠶᠢᠨ ᠡᠷᠭᠢᠯᠲᠡ ᠶᠢ ᠵᠢᠭᠠᠨ ᠵᠢᠯᠤᠭᠤᠳᠤᠨ ᠬᠢᠨᠠᠯᠲᠠ ᠲᠠᠯᠪᠢᠨ᠎ᠠ︔ ᠤᠢ ᠶᠢᠨ ᠡᠷᠬᠡ ᠶᠢᠨ ᠵᠢᠭᠤᠷᠠᠯᠳᠤᠭᠠᠨ ᠢ ᠪᠠᠶᠢᠴᠠᠭᠠᠨ ᠰᠢᠢᠳᠪᠤᠷᠢᠯᠡᠬᠦ ᠪᠠ ᠣᠶᠢᠲᠤ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ ᠶᠢᠨ ᠵᠢᠭᠤᠷᠠᠯᠳᠤᠭᠠᠨ ᠢ ᠬᠦᠨᠳᠡᠯᠡᠨ ᠠᠴᠠ ᠲᠠᠰᠤᠯᠬᠤ ᠶᠢ ᠵᠢᠭᠠᠨ ᠵᠢᠯᠤᠭᠤᠳᠤᠨ᠎ᠠ︔ ᠲᠠᠷᠢᠶᠠᠯᠠᠬᠤ ᠶᠢ ᠵᠤᠭᠰᠤᠭᠠᠵᠦ ᠣᠢ ᠮᠤᠳᠤ ᠶᠢ ᠰᠡᠷᠭᠦᠭᠡᠬᠦ ᠠᠵᠢᠯ ᠢ ᠬᠠᠷᠢᠭᠤᠴᠠᠨ᠎ᠠ᠃       ᠠᠷᠪᠠ᠂ ᠤᠢ ᠰᠢᠭᠤᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ︔ ᠤᠢ ᠶᠢᠨ ᠭᠠᠷᠤᠯᠲᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠲᠠᠸᠠᠷ ᠤᠨ ᠤᠢ ᠶᠢᠨ ᠬᠦᠭᠵᠢᠯᠲᠡ ᠪᠠ ᠠᠰᠢᠭᠯᠠᠯᠲᠠ ᠶᠢ ᠵᠢᠯᠤᠭᠤᠳᠤᠨ᠎ᠠ︔ ᠠᠭᠤᠯᠠᠷᠬᠠᠭ ︵ᠡᠯᠡᠰᠦᠷᠬᠡᠭ︶ ᠣᠷᠣᠨ ᠢ ᠶᠡᠷᠦᠩᠬᠡᠶᠢᠯᠡᠨ ᠨᠡᠬᠡᠬᠡᠨ ᠬᠦᠭᠵᠢᠬᠦᠯᠬᠦ ᠶᠢ ᠵᠢᠯᠤᠭᠤᠳᠤᠨ᠎ᠠ︔ ᠤᠢ ᠰᠢᠭᠤᠢ ᠶᠢᠨ ᠠᠮᠢᠳᠤ ᠪᠤᠳᠠᠰ ᠤᠨ ᠦᠷ᠎ᠡ ᠶᠢᠨ ᠡᠬᠢ ᠪᠠᠶᠠᠯᠢᠭ᠂ ᠭᠧᠨ ᠬᠤᠪᠢᠷᠠᠭᠤᠯᠤᠭᠰᠠᠨ ᠠᠮᠢᠳᠤ ᠪᠤᠳᠠᠰ ᠤᠨ ᠠᠮᠤᠷ ᠲᠥᠪᠰᠢᠨ᠂ ᠤᠷᠭᠤᠮᠠᠯ ᠤᠨ ᠰᠢᠨ᠎ᠡ ᠲᠥᠷᠥᠯ ᠵᠦᠢᠯ ᠤᠨ ᠬᠠᠮᠠᠭᠠᠯᠠᠯᠲᠠ ᠶᠢ ᠬᠢᠨᠠᠨ ᠬᠠᠮᠢᠶᠠᠷᠤᠨ᠎ᠠ︔ ᠠᠮᠢᠳᠤ ᠪᠤᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃       ᠠᠷᠪᠠᠨ ᠨᠢᠭᠡ᠂ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠮᠡᠷᠭᠡᠵᠢᠯ ᠤᠨ ᠳᠡᠯᠭᠡᠷᠡᠭᠦᠯᠦᠨ ᠬᠦᠭᠵᠢᠭᠦᠯᠬᠦ ᠲᠦᠯᠦᠪᠵᠢᠭᠦᠯᠭᠡ ᠶᠢ ᠲᠤᠭᠲᠠᠭᠠᠵᠤ᠂ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠤᠭᠤᠮᠲᠠ ᠰᠢᠪᠲᠤᠯᠬᠤ᠂ ᠦᠷ᠎ᠡ ᠪᠦᠲᠦᠮᠵᠢ ᠶᠢᠨ ᠬᠢᠨᠠᠨ ᠲᠤᠭᠲᠠᠭᠠᠬᠤ᠂ ᠮᠡᠷᠭᠡᠵᠢᠯ ᠤᠨ ᠳᠡᠯᠭᠡᠷᠡᠭᠦᠯᠦᠯᠲᠡ ᠶᠢ ᠵᠤᠬᠢᠶᠠᠨ ᠪᠠᠶᠢᠭᠤᠯᠤᠨ᠎ᠠ︔ ᠤᠢ ᠰᠢᠭᠤᠢ ᠶᠢᠨ ᠠᠵᠢᠯᠲᠠᠳ ᠤᠨ ᠳᠠᠪᠲᠠᠨ ᠪᠤᠯᠪᠠᠰᠤᠷᠠᠭᠤᠯᠤᠯᠲᠠ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠠᠵᠢᠯ ᠢ ᠵᠢᠯᠤᠭᠤᠳᠤᠨ᠎ᠠ᠃       ᠠᠷᠪᠠᠨ ᠬᠤᠶᠠᠷ᠂ ᠬᠤᠲᠠ ᠶᠢᠨ ᠬᠠᠷᠢᠶ᠎ᠠ ᠶᠢᠨ ᠵᠢᠷᠭᠤᠭᠠᠨ ᠤᠢ ᠰᠢᠭᠤᠢ ᠶᠢᠨ ᠲᠤᠪᠴᠢᠶᠠᠨ ᠤ ᠬᠠᠮᠢᠶᠠᠷᠤᠯᠲᠠ ᠶᠢ ᠬᠠᠷᠢᠭᠤᠴᠠᠨ᠎ᠠ᠃       ᠠᠷᠪᠠᠨ ᠭᠤᠷᠪᠡ᠂ ᠬᠤᠲᠠ ᠶᠢᠨ ᠵᠠᠰᠠᠭ ᠤᠨ ᠣᠷᠳᠣᠨ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠤᠳ ᠬᠡᠷᠡᠭ ᠶᠠᠪᠤᠳᠠᠯ ᠢ ᠳᠠᠭᠠᠭᠠᠨ ᠭᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ