ᠬᠦᠯᠦᠨ ᠪᠤᠶᠢᠷ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/8
      ᠨᠢᠭᠡ᠂ ᠠᠶᠤᠯ ᠦᠭᠡᠢ ᠦᠢᠯᠡᠳᠪᠦᠷᠢᠯᠡᠯ ᠤᠨ ᠲᠤᠬᠠᠢ ᠤᠯᠤᠰ᠂ ᠦᠪᠡᠷᠳᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠤᠭᠳᠠᠭᠠᠯ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠤᠭᠲᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠪᠠ ᠲᠦᠰᠦᠪᠯᠡᠵᠦ᠂ ᠠᠶᠤᠯ ᠦᠭᠡᠢ ᠦᠢᠯᠡᠳᠪᠦᠷᠢᠯᠡᠯ ᠤᠨ ᠲᠤᠮᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃       ᠬᠤᠶᠠᠷ᠂ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠭᠡᠶᠢᠯᠡᠭᠰᠡᠨ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠡᠬᠦᠷᠭᠡᠯᠡᠵᠤ᠂ ᠶᠡᠷᠦᠩᠬᠡᠶᠢᠯᠡᠨ ᠬᠢᠨᠠᠵᠦ ᠬᠠᠮᠢᠶᠠᠷᠬᠤ ᠡᠷᠭᠡ ᠮᠡᠳᠡᠯ ᠢ ᠬᠠᠤᠯᠢ ᠶᠤᠰᠤᠭᠠᠷ ᠬᠡᠷᠡᠭᠵᠢᠬᠦᠯᠦᠨ᠎ᠡ︔ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠤᠰᠢᠭᠤ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠢᠨᠠᠬᠤ᠂ ᠪᠠᠶᠢᠴᠠᠭᠠᠬᠤ ᠪᠠ ᠵᠢᠯᠤᠭᠤᠳᠤᠨ ᠵᠤᠬᠢᠴᠠᠭᠤᠯᠤᠨ᠎ᠠ︔ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠡᠵᠡᠮᠳᠡᠬᠦ ᠬᠢᠨᠠᠨ ᠰᠢᠯᠭᠠᠬᠤ ᠬᠠᠷᠠᠯᠳᠠ ᠶᠢ ᠲᠤᠭᠳᠠᠭᠠᠬᠤ ᠪᠠ ᠵᠠᠳᠠᠯᠤᠨ ᠨᠠᠶᠢᠳᠠᠪᠤᠷᠢᠵᠢᠭᠤᠯᠬᠤ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠬᠦᠯᠦᠨ᠎ᠡ᠃       ᠭᠤᠷᠪᠠ᠂ ᠠᠶᠤᠯ ᠦᠭᠡᠢ ᠦᠢᠯᠡᠳᠪᠤᠷᠢᠯᠡᠯ ᠤᠨ ᠮᠡᠳᠡᠭᠡ ᠵᠠᠩᠬᠢ ᠨᠡᠶᠢᠳᠡᠯᠡᠬᠦ ᠶᠢ ᠬᠠᠷᠢᠭᠤᠴᠠᠵᠤ᠂ ᠦᠢᠯᠡᠳᠪᠦᠷᠢᠯᠡᠯ ᠤᠨ ᠠᠳᠡᠯ ᠢ ᠲᠤᠬᠢᠷᠠᠭᠤᠯᠬᠤ ᠪᠦᠷᠢᠳᠭᠡᠬᠦ ᠪᠠ ᠠᠶᠤᠯ ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠠᠵᠢᠯ ᠢ ᠶᠡᠷᠦᠩᠭᠡᠶᠢᠯᠡᠨ ᠬᠠᠮᠢᠶᠠᠷᠤᠨ᠎ᠠ︔ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠤᠯᠭᠤᠭᠰᠠᠨ ᠡᠷᠭᠡ ᠶᠢ ᠦᠨᠳᠦᠰᠦᠯᠡᠨ᠂ ᠬᠦᠨᠳᠤ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠡᠷᠡᠭ ᠢ ᠰᠢᠢᠳᠪᠦᠷᠢᠯᠡᠨ ᠲᠠᠭᠤᠰᠬᠠᠬᠤ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ᠎ᠠ︔ ᠠᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠭᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠵᠤ᠂ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠵᠢᠯ ᠢ ᠵᠢᠯᠤᠭᠤᠳᠤᠨ᠎ᠠ︔ ᠬᠦᠨᠳᠤ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠵᠢᠯ ᠢ ᠵᠤᠬᠢᠴᠠᠭᠤᠯᠤᠨ᠎ᠠ᠃       ᠲᠦᠷᠪᠡ᠂ ᠨᠡᠬᠦᠷᠡᠰᠦᠨ ᠠᠭᠤᠷᠬᠠᠢ ᠶᠢᠨ ᠪᠤᠰᠤ ᠠᠭᠤᠷᠬᠠᠢ ᠪᠠ ᠠᠶᠤᠯᠳᠠᠢ ᠬᠢᠮᠢ ᠶᠢᠨ ᠪᠤᠳᠠᠰ᠂ ᠬᠤᠸᠠᠷ ᠫᠤᠤᠵᠢᠩ ᠦᠢᠯᠡᠳᠪᠦᠷᠢᠯᠡᠬᠦ᠂ ᠡᠵᠡᠩᠨᠡᠯᠲᠡ ᠶᠢᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠢ ᠨᠢ ᠵᠦᠪᠰᠢᠶᠡᠷᠡᠬᠦ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠡᠬᠦᠷᠭᠡᠯᠡᠨ᠎ᠡ︔ ᠠᠶᠤᠯᠳᠠᠢ ᠬᠢᠮᠢ ᠶᠢᠨ ᠪᠤᠳᠠᠰ᠂ ᠬᠤᠸᠠᠷ ᠫᠤᠤᠵᠢᠩ ᠪᠠ ᠨᠡᠬᠦᠷᠡᠰᠦᠨ ᠠᠭᠤᠷᠬᠠᠢ ᠪᠤᠰᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠢ ᠶᠡᠷᠦᠩᠭᠡᠶᠢᠯᠡᠨ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃       ᠲᠠᠪᠤ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠦᠮᠤᠵᠢᠯ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠬᠦᠮᠤᠰ ᠲᠤ ᠠᠶᠤᠯ ᠦᠭᠡᠢ ᠶᠢᠨ ᠪᠤᠯᠪᠠᠰᠤᠷᠠᠭᠤᠯᠤᠯ ᠬᠢᠬᠦ᠂ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ︔ ᠤᠨᠴᠠᠭᠠᠢ ᠠᠵᠢᠯ ᠲᠦᠷᠦᠯ ᠤᠨ ᠬᠦᠮᠤᠰ ︵ᠨᠡᠬᠦᠷᠡᠰᠦᠨ ᠠᠭᠤᠷᠬᠠᠢ ᠶᠢᠨ ᠤᠨᠴᠠᠭᠠᠢ ᠠᠵᠢᠯ ᠲᠦᠷᠦᠯ ᠤᠨ ᠬᠦᠮᠤᠰ᠂ ᠤᠨᠴᠠᠭᠠᠢ ᠠᠵᠢᠯ ᠲᠦᠷᠦᠯ ᠤᠨ ᠲᠤᠨᠤᠭ ᠲᠦᠬᠦᠭᠡᠷᠦᠮᠵᠢ ᠶᠢᠨ ᠬᠦᠮᠤᠰ ᠠᠴᠠ ᠭᠠᠳᠠᠨᠠᠬᠢ︶ ᠢ ᠬᠢᠨᠠᠨ ᠰᠢᠯᠭᠠᠬᠤ ᠠᠵᠢᠯ ᠪᠠ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢᠨ ᠭᠤᠤᠯ ᠡᠵᠡᠩᠨᠡᠨ ᠬᠠᠮᠢᠶᠠᠷᠤᠭᠴᠢ᠂ ᠠᠶᠤᠯ ᠦᠭᠡᠢ ᠦᠢᠯᠡᠳᠪᠦᠷᠢᠯᠡᠯ ᠢ ᠬᠠᠮᠢᠶᠠᠷᠬᠤ ᠬᠦᠮᠤᠰ ᠤᠨ ᠠᠶᠤᠯ ᠦᠭᠡᠢ ᠶᠢᠨ ᠬᠢᠷᠢ ᠬᠡᠮ ︵ᠨᠡᠬᠦᠷᠡᠰᠦᠨ ᠠᠭᠤᠷᠬᠠᠢ ᠶᠢᠨ ᠲᠠᠷᠤᠭ᠎ᠠ ᠶᠢᠨ ᠠᠶᠤᠯ ᠦᠭᠡᠢ ᠶᠢᠨ ᠬᠢᠷᠢ ᠬᠡᠮ ᠠᠴᠠ ᠭᠠᠳᠠᠨᠠᠬᠢ︶ ᠢ ᠬᠢᠨᠠᠨ ᠰᠢᠯᠭᠠᠬᠤ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠤᠨ ᠵᠢᠯᠤᠭᠤᠳᠬᠤ ᠶᠢᠨ ᠬᠠᠮᠳᠤ ᠬᠢᠨᠠᠯᠳᠠ ᠲᠠᠯᠪᠢᠨ᠎ᠠ᠃       ᠵᠢᠷᠭᠤᠭ᠎ᠠ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠶᠢᠯᠡᠨ ᠬᠢᠨᠠᠯᠳᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠱᠠᠳᠤ ᠬᠤᠪᠢᠶᠠᠷᠢᠯᠠᠬᠤ᠂ ᠬᠠᠷᠢᠶ᠎ᠠ ᠭᠠᠵᠠᠷ ᠤᠨ ᠵᠠᠷᠴᠢᠮ ᠶᠤᠰᠤᠭᠠᠷ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠤᠭᠳᠠᠭᠠᠯ ᠢ ᠲᠤᠤᠱᠯᠠᠭᠤᠯᠤᠨ ᠬᠡᠷᠡᠭᠵᠢᠬᠦᠯᠦᠭᠰᠡᠨ ᠪᠠᠶᠢᠳᠠᠯ ᠵᠢᠴᠢ ᠠᠶᠤᠯ ᠦᠭᠡᠢ ᠦᠢᠯᠡᠳᠪᠦᠷᠢᠯᠡᠬᠦ ᠨᠦᠬᠦᠴᠡᠯ ᠪᠠ ᠬᠠᠮᠢᠶ᠎ᠠ ᠪᠦᠬᠦᠢ ᠲᠦᠬᠦᠭᠡᠷᠦᠮᠵᠢ ︵ᠤᠨᠴᠠᠭᠠᠢ ᠲᠦᠷᠦᠯ ᠤᠨ ᠲᠤᠨᠤᠭ ᠲᠦᠬᠦᠭᠡᠷᠦᠮᠵᠢ ᠠᠴᠠ ᠭᠠᠳᠠᠨᠠᠬᠢ︶᠂ ᠮᠠᠲ᠋ᠧᠷᠢᠶᠠᠯ᠂ ᠬᠦᠳᠡᠯᠮᠦᠷᠢ ᠶᠢᠨ ᠬᠠᠮᠠᠭᠠᠯᠠᠯᠳᠠ ᠶᠢᠨ ᠡᠳ᠋ ᠬᠡᠷᠡᠭᠰᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠳᠠ ᠶᠢᠨ ᠠᠵᠢᠯ ᠳᠤ ᠬᠠᠤᠯᠢ ᠶᠤᠰᠤᠭᠠᠷ ᠬᠢᠨᠠᠯᠳᠠ ᠲᠠᠯᠪᠢᠨ᠎ᠠ᠃       ᠲᠤᠯᠤᠭ᠎ᠠ᠂ ᠰᠢᠨ᠎ᠡ ᠪᠠᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ᠂ ᠦᠷᠭᠡᠳᠭᠡᠨ ᠪᠠᠶᠢᠭᠤᠯᠤᠭᠰᠠᠨ ᠪᠠᠷᠢᠯᠭ᠎ᠠ ᠶᠢᠨ ᠲᠦᠷᠦᠯ ᠵᠦᠢᠯ ᠤᠨ ᠠᠶᠤᠯ ᠦᠬᠡᠢ ᠶᠢᠨ ᠪᠡᠯᠡᠳᠬᠡᠮᠵᠢ ᠶᠢ ᠭᠤᠤᠯ ᠴᠤᠭᠴᠠᠳᠤ ᠪᠠᠷᠢᠯᠭ᠎ᠠ ᠲᠠᠢ ᠴᠤᠭ ᠲᠤᠨᠢ ᠲᠦᠯᠦᠪᠯᠡᠵᠤ᠂ ᠴᠤᠭ ᠲᠤᠨᠢ ᠪᠠᠷᠢᠵᠤ᠂ ᠴᠤᠭ ᠲᠤᠨᠢ ᠠᠰᠢᠭᠯᠠᠯᠳᠠ ᠳᠤ ᠤᠷᠤᠭᠤᠯᠵᠤ ᠬᠡᠷᠡᠭᠯᠡᠭᠰᠡᠨ ᠪᠠᠶᠢᠳᠠᠯ ᠳᠤ ᠬᠠᠤᠯᠢ ᠶᠤᠰᠤᠭᠠᠷ ᠬᠢᠨᠠᠯᠳᠠ ᠲᠠᠯᠪᠢᠨ ᠪᠠᠶᠢᠴᠠᠭᠠᠨ᠎ᠠ︔ ᠴᠢᠬᠤᠯᠠ ᠶᠡᠭᠡ ᠠᠶᠤᠯ ᠤᠨ ᠰᠤᠷᠪᠤᠯᠵᠢ ᠶᠢ ᠬᠢᠨᠠᠨ ᠡᠵᠡᠮᠳᠡᠵᠤ᠂ ᠴᠢᠬᠤᠯᠠ ᠶᠡᠭᠡ ᠠᠳᠡᠯ ᠤᠨ ᠲᠠᠯᠳᠠ ᠭᠡᠮ ᠢ ᠴᠡᠭᠴᠡᠯᠡᠨ ᠦᠭᠡᠷᠡᠴᠢᠯᠡᠬᠦ ᠠᠵᠢᠯ ᠢ ᠬᠢᠨᠠᠨ ᠪᠠᠶᠢᠴᠠᠭᠠᠨ᠎ᠠ᠃       ᠨᠠᠢᠮᠠ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠤ ᠲᠠᠯᠠᠪᠤᠷ ︵ᠨᠡᠬᠦᠷᠡᠰᠦᠨ ᠠᠭᠤᠷᠬᠠᠢ ᠶᠢᠨ ᠠᠵᠢᠯᠯᠠᠭᠠᠨ ᠤ ᠲᠠᠯᠠᠪᠤᠷ ᠠᠴᠠ ᠭᠠᠳᠠᠨᠠᠬᠢ︶ ᠤᠨ ᠠᠵᠢᠯ ᠮᠡᠷᠭᠡᠵᠢᠯ ᠤᠨ ᠡᠷᠡᠬᠦᠯ ᠬᠠᠮᠠᠭᠠᠯᠠᠯ ᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠡᠬᠦᠷᠭᠡᠯᠡᠵᠤ᠂ ᠠᠵᠢᠯ ᠮᠡᠷᠭᠡᠵᠢᠯ ᠤᠨ ᠡᠷᠡᠬᠦᠯ ᠬᠠᠮᠠᠭᠠᠯᠠᠯ ᠤᠨ ᠠᠶᠤᠯ ᠦᠭᠡᠢ ᠵᠦᠪᠰᠢᠶᠡᠷᠡᠯ ᠤᠨ ᠦᠨᠡᠮᠯᠡᠯ ᠢ ᠲᠠᠷᠬᠠᠭᠠᠨ ᠬᠠᠮᠢᠶᠠᠷᠬᠤ ᠠᠵᠢᠯ ᠢ ᠬᠠᠷᠢᠭᠤᠴᠠᠵᠤ᠂ ᠠᠵᠢᠯ ᠮᠡᠷᠭᠡᠵᠢᠯ ᠤᠨ ᠬᠤᠤᠷ ᠬᠦᠨᠦᠭᠡᠯᠳᠤ ᠠᠳᠡᠯ ᠪᠠ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ︔ ᠠᠶᠤᠯ ᠦᠭᠡᠢ ᠦᠢᠯᠡᠳᠪᠦᠷᠢᠯᠡᠯ ᠤᠨ ᠨᠦᠬᠦᠴᠡᠯ ᠢ ᠪᠦᠷᠢᠳᠦᠬᠦᠯᠦᠭᠰᠡᠨ ᠦᠭᠡᠢ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠳᠡ ᠶᠢᠨ ᠨᠢᠭᠡᠴᠡ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃       ᠶᠢᠰᠦ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠵᠢᠬᠦᠯᠭᠡ ᠶᠢ ᠵᠤᠬᠢᠶᠠᠨ ᠪᠠᠶᠢᠭᠤᠯᠤᠨ ᠲᠤᠭᠤᠷᠪᠢᠨ ᠲᠤᠭᠳᠠᠭᠠᠵᠦ ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠨᠢᠭᠡᠴᠡ ᠶᠢ ᠵᠤᠬᠢᠶᠠᠨ ᠪᠠᠶᠢᠭᠤᠯᠬᠤ᠂ ᠵᠢᠯᠤᠭᠤᠳᠬᠤ ᠪᠠ ᠵᠤᠬᠢᠴᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠪᠠ ᠮᠡᠷᠭᠡᠵᠢᠯ ᠤᠨ ᠵᠢᠱᠢᠶ᠎ᠡ ᠦᠵᠡᠬᠦᠯᠬᠦ ᠠᠵᠢᠯ ᠢ ᠦᠷᠨᠢᠬᠦᠯᠦᠨ᠎ᠡ᠃       ᠠᠷᠪᠠ᠂ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠨ ᠬᠡᠮᠵᠢᠵᠦ ᠪᠠᠶᠢᠴᠠᠭᠠᠨ ᠰᠢᠯᠭᠠᠬᠤ ᠠᠵᠢᠯ ᠢ ᠵᠢᠯᠤᠭᠤᠳᠤᠨ ᠵᠤᠬᠢᠴᠠᠭᠤᠯᠵᠤ᠂ ᠨᠡᠶᠢᠭᠡᠮ ᠤᠨ ᠠᠶᠤᠯ ᠦᠭᠡᠢ ᠦᠢᠯᠡᠳᠪᠦᠷᠢᠯᠡᠯ ᠤᠨ ᠵᠠᠭᠤᠴᠢ ᠪᠠᠶᠢᠭᠤᠯᠤᠮᠵᠢ ᠪᠠ ᠠᠮᠤᠷ ᠲᠦᠪᠰᠢᠨ ᠤ ᠦᠨᠡᠯᠡᠯᠳᠡ ᠶᠢᠨ ᠠᠵᠢᠯ ᠢ ᠬᠢᠨᠠᠨ ᠬᠠᠮᠢᠶᠠᠷᠤᠨ᠎ᠠ︔ ᠳᠠᠩᠰᠠᠭᠤᠯᠤᠭᠰᠠᠨ ᠠᠮᠤᠷ ᠲᠦᠪᠰᠢᠨ ᠤ ᠢᠨᠵᠧᠨᠧᠷ ᠤᠨ ᠠᠵᠢᠯ ᠡᠷᠬᠢᠯᠡᠬᠦ ᠬᠢᠷᠢ ᠭᠡᠮ ᠤᠨ ᠰᠢᠯᠭᠠᠯᠳᠠ ᠪᠠ ᠲᠠᠩᠰᠠᠯᠠᠬᠤ ᠠᠵᠢᠯ ᠳᠤ ᠬᠢᠨᠠᠯᠳᠠ ᠲᠠᠯᠪᠢᠬᠤ ᠪᠠ ᠵᠢᠯᠤᠭᠤᠳᠤᠨ᠎ᠠ᠃       ᠠᠷᠪᠠᠨ ᠨᠢᠭᠡ᠂ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠬᠡᠷ ᠤᠨ ᠡᠳᠦᠷ ᠲᠤᠳᠤᠮ ᠤᠨ ᠠᠵᠢᠯ ᠢ ᠡᠬᠦᠷᠭᠡᠯᠡᠨ᠎ᠡ᠃        ᠠᠷᠪᠠᠨ ᠬᠤᠶᠠᠷ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠴᠢᠯᠠᠨ ᠬᠦᠢᠴᠡᠳᠭᠡᠨ᠎ᠡ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ