ᠬᠦᠯᠦᠨ ᠪᠤᠶᠢᠷ ᠬᠤᠲᠠ ᠶᠢᠨ ᠰᠤᠷᠭᠠᠨ ᠬᠦᠮᠦᠵᠢᠯ ᠤᠨ ᠲᠤᠪᠴᠢᠶ᠎ᠠ ᠶᠢᠨ ᠭᠤᠤᠯ ᠡᠭᠦᠷᠬᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/9
      ᠨᠢᠭᠡ᠂ ᠤᠯᠤᠰ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠠᠵᠢᠯ ᠤᠨ ᠬᠤᠯᠪᠤᠭᠳᠠᠯ ᠪᠦᠬᠦᠢ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠲᠤᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠯᠦᠪᠵᠢᠭᠦᠯᠭᠡ ᠪᠠ ᠠᠵᠢᠯ ᠤᠨ ᠲᠦᠯᠦᠪᠯᠡᠭᠡ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ᠬᠤᠶᠠᠷ᠂ ᠪᠦᠬᠦ ᠬᠤᠳᠠ ᠶᠢᠨ ᠰᠠᠭᠤᠷᠢ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ᠂ ᠦᠨᠳᠦᠰᠦᠳᠡᠨ ᠤ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ᠂ ᠬᠡᠥᠬᠡᠳ ᠤᠨ ᠰᠤᠷᠭᠠᠨ ᠬᠦᠮᠦᠵᠢᠯ᠂ ᠪᠠᠭᠰᠢ ᠶᠢᠨ ᠰᠤᠷᠭᠠᠨ ᠬᠦᠮᠦᠵᠢᠯ ᠬᠢᠭᠡᠳ ᠪᠤᠰᠤᠳ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠦᠢᠯᠡᠰ ᠢ ᠨᠢᠭᠡᠳᠦᠯᠳᠡᠢ ᠬᠠᠮᠢᠶᠠᠷᠤᠨ ᠵᠢᠯᠤᠭᠤᠳᠤᠨ᠎ᠠ︔ ᠲᠤᠮᠲᠠ ᠵᠡᠷᠭᠡ ᠶᠢᠨ᠂ ᠠᠩᠬ᠎ᠠ ᠵᠡᠷᠭᠡ ᠶᠢᠨ ᠰᠤᠷᠭᠠᠭᠤᠯᠢ ᠶᠢᠨ ᠪᠠᠷᠢᠮᠵᠢᠶᠠᠳᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢ ᠵᠢᠯᠤᠭᠤᠳᠴᠦ᠂ ᠳᠤᠮᠳᠠ ᠵᠡᠷᠭᠡ ᠶᠢᠨ ᠵᠢᠴᠢ ᠲᠤᠮᠲᠠ ᠵᠡᠷᠭᠡ ᠠᠴᠠ ᠲᠤᠷᠤᠭᠰᠢᠬᠢ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠰᠤᠷᠭᠠᠨ ᠬᠦᠮᠦᠵᠢᠭᠦᠯᠬᠦ ᠵᠢᠭᠠᠨ ᠰᠤᠷᠭᠠᠬᠤ ᠰᠡᠳᠭᠢᠴᠡ ᠶᠢᠨ ᠦᠭᠡᠷᠡᠴᠢᠯᠡᠯᠳᠡ ᠶᠢ ᠵᠢᠯᠤᠭᠤᠳᠴᠤ᠂ ᠪᠠᠶᠢᠷᠢᠯᠠᠭᠤᠯᠤᠯᠳᠠ ᠪᠠ ᠪᠦᠳᠦᠴᠡ ᠶᠢᠨ ᠲᠤᠬᠢᠷᠠᠭᠤᠯᠤᠯᠳᠠ ᠶᠢᠨ ᠰᠠᠨᠠᠯ ᠢ ᠰᠤᠳᠤᠯᠤᠨ ᠲᠤᠷᠠᠳᠤᠨ᠎ᠠ᠃       ᠭᠤᠷᠪᠠ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠠᠢ ᠬᠦᠭᠵᠢᠬᠦ ᠶᠢ ᠲᠦᠯᠬᠢᠨ ᠠᠬᠢᠭᠤᠯᠬᠤ ᠪᠠ ᠰᠤᠷᠭᠠᠨ ᠬᠦᠮᠦᠵᠢᠯ ᠢ ᠭᠤᠤᠯᠴᠢ ᠪᠠᠶᠢᠯᠭᠠᠬᠤ ᠶᠢ ᠠᠬᠢᠭᠤᠯᠬᠤ ᠶᠢ ᠬᠠᠷᠢᠭᠤᠴᠠᠵᠤ᠂ ᠦᠨᠳᠦᠷ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠰᠠᠶᠢᠲᠠᠢ ᠪᠠᠷ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠡᠩ ᠤᠨ ᠳᠡᠭᠡᠳᠤ ᠳᠤᠮᠳᠠᠲᠤ ᠶᠢᠨ ᠰᠤᠷᠭᠠᠨ ᠬᠦᠮᠦᠵᠢᠯ᠂ ᠬᠡᠤᠭᠡᠳ ᠤᠨ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠦᠮᠦᠵᠢᠯ ᠪᠠ ᠤᠨᠴᠠᠭᠠᠢ ᠰᠤᠷᠭᠠᠨ ᠬᠦᠮᠦᠵᠢᠯ ᠤᠨ ᠠᠵᠢᠯ ᠢ ᠵᠢᠯᠤᠭᠤᠳᠤᠨ᠎ᠠ︔ ᠳᠤᠮᠲᠠᠲᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠦᠮᠦᠵᠢᠯ  ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠤᠭᠤᠳᠴᠤ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃       ᠳᠦᠷᠪᠡ᠂ ᠰᠤᠷᠭᠠᠨ ᠬᠦᠮᠦᠵᠢᠯ ᠤᠨ ᠬᠢᠨᠠᠨ ᠵᠢᠯᠤᠭᠤᠳᠬᠤ ᠠᠵᠢᠯ ᠢ ᠵᠢᠯᠤᠭᠤᠳᠬᠤ ᠶᠢᠨ ᠬᠠᠮᠲᠤ ᠵᠤᠬᠢᠶᠠᠨ ᠪᠠᠶᠢᠭᠤᠯᠵᠤ᠂ ᠳᠤᠮᠳᠠ ᠵᠡᠷᠭᠡ ᠶᠢᠨ ᠪᠠ ᠳᠤᠮᠳᠠ ᠵᠡᠷᠭᠡ ᠠᠴᠠ ᠳᠤᠷᠤᠭᠰᠢᠬᠢ ᠰᠤᠷᠭᠠᠨ ᠬᠦᠮᠦᠵᠢᠯ᠂ ᠵᠠᠯᠠᠭᠤ ᠢᠳᠡᠷ ᠨᠠᠰᠤᠨ ᠤ ᠪᠢᠴᠢᠭ ᠤᠨ ᠪᠠᠯᠠᠢ ᠶᠢ ᠠᠷᠢᠯᠭᠠᠬᠤ ᠠᠵᠢᠯ ᠢ ᠬᠢᠨᠠᠨ ᠵᠢᠯᠤᠭᠤᠳᠴᠤ ᠦᠨᠡᠯᠡᠨ ᠵᠢᠱᠢᠬᠦ ᠪᠠ  ᠪᠠᠶᠢᠴᠠᠭᠠᠨ ᠰᠢᠯᠭᠠᠨ ᠠᠪᠬᠤ ᠠᠵᠢᠯ ᠢ ᠬᠠᠷᠢᠭᠤᠴᠠᠵᠤ᠂ ᠰᠠᠭᠤᠷᠢ ᠰᠤᠷᠭᠠᠨ ᠬᠦᠮᠦᠵᠢᠯ ᠤᠨ ᠬᠦᠭᠵᠢᠯᠲᠡ ᠶᠢᠨ ᠬᠢᠷᠢ ᠲᠦᠪᠰᠢᠨ ᠪᠠ ᠴᠢᠨᠠᠷ ᠴᠢᠨᠰᠠᠭ᠎ᠠ ᠶᠢ ᠪᠠᠶᠢᠴᠠᠭᠠᠨ ᠰᠢᠯᠭᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠤ᠂ ᠰᠤᠷᠭᠠᠨ ᠬᠦᠮᠦᠵᠢᠯ ᠤᠨ ᠬᠢᠨᠠᠨ ᠵᠢᠯᠤᠭᠤᠳᠤᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃       ᠲᠠᠪᠤ᠂ ᠠᠵᠢᠯ ᠤᠯᠭᠤᠬᠤ ᠪᠠᠷ ᠤᠳᠤᠷᠢᠳᠤᠮᠵᠢ ᠪᠤᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭᠵᠢᠯᠲᠡ ᠬᠢᠭᠡᠳ ᠦᠭᠡᠷᠡᠴᠢᠯᠡᠯᠲᠡ ᠶᠢ ᠵᠢᠯᠤᠭᠤᠳᠤᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠵᠢᠯᠤᠭᠤᠳᠤᠯᠭ᠎ᠠ ᠶᠢᠨ ᠪᠢᠴᠢᠭ ᠮᠠᠲ᠋ᠧᠷᠢᠶᠠᠯ ᠪᠠ ᠵᠢᠭᠠᠨ ᠰᠤᠷᠭᠠᠯᠲᠠ ᠶᠢ ᠦᠨᠡᠯᠡᠨ ᠵᠢᠱᠢᠬᠦ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠠᠵᠢᠯᠳᠠᠨ ᠠᠵᠢᠯᠴᠢᠨ ᠤ ᠰᠤᠷᠭᠠᠨ ᠬᠦᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠦᠮᠦᠵᠢᠯ᠂ ᠨᠡᠶᠢᠭᠡᠮ ᠲᠤᠭᠤᠷᠢᠭ ᠤᠨ ᠰᠤᠷᠭᠠᠨ ᠬᠦᠮᠦᠵᠢᠯ ᠵᠢᠴᠢ ᠪᠤᠰᠤᠳ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠢ ᠵᠢᠯᠤᠭᠤᠳᠤᠨ᠎ᠠ᠃      ᠵᠢᠷᠭᠤᠭ᠎ᠠ᠂ ᠦᠨᠳᠦᠰᠦᠲᠡᠨ ᠤ ᠰᠤᠷᠭᠠᠨ ᠬᠦᠮᠦᠵᠢᠯ ᠤᠨ ᠠᠵᠢᠯ ᠢ ᠨᠢᠭᠡᠳᠤᠯᠲᠠᠢ ᠵᠤᠬᠢᠴᠠᠭᠤᠯᠤᠨ ᠵᠢᠯᠤᠭᠤᠳᠴᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠳᠡ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠤᠬᠢᠶᠠᠨ ᠪᠠᠶᠢᠭᠤᠯᠵᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠵᠢᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠤᠭᠤᠳᠤᠨ᠎ᠠ᠃       ᠲᠤᠯᠤᠭ᠎ᠠ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠵᠠᠷᠤᠳᠠᠯ ᠢ ᠵᠤᠬᠢᠴᠠᠭᠤᠯᠤᠨ ᠬᠠᠮᠢᠶᠠᠷᠴᠤ᠂ ᠰᠤᠷᠭᠠᠨ ᠬᠦᠮᠦᠵᠢᠯ ᠤᠨ ᠵᠠᠷᠤᠳᠠᠯ ᠪᠠᠵᠠᠭᠠᠬᠤ᠂ ᠪᠡᠯᠡ ᠤᠷᠤᠭᠤᠯᠬᠤ ᠬᠠᠮᠢᠶᠠᠷᠤᠯᠳᠠ ᠶᠢᠨ ᠳᠦᠷᠢᠮ ᠪᠠ ᠠᠷᠭ᠎ᠠ ᠶᠢ ᠰᠤᠳᠤᠯᠤᠨ ᠲᠤᠭᠳᠠᠭᠠᠵᠤ᠂ ᠰᠤᠷᠭᠠᠨ ᠬᠦᠮᠦᠵᠢᠯ ᠤᠨ ᠵᠠᠷᠤᠳᠠᠯ ᠢ ᠬᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠨ᠎ᠠ︔ ᠤᠯᠤᠰ ᠤᠨ ᠲᠤᠳᠤᠭᠠᠳᠤ ᠭᠠᠳᠠᠭᠠᠳᠤ ᠠᠴᠠ ᠪᠦᠬᠦ ᠬᠤᠳᠠ ᠶᠢᠨ ᠰᠤᠷᠭᠠᠨ ᠬᠦᠮᠦᠵᠢᠯ ᠢ ᠲᠤᠰᠠᠯᠠᠭᠰᠠᠨ ᠪᠡᠯᠡ ᠮᠦᠩᠭᠦ ᠪᠠ ᠰᠤᠷᠭᠠᠨ ᠬᠦ᠋ᠮᠦᠵᠢᠯ ᠤᠨ ᠵᠢᠭᠡᠯᠡᠯᠭᠡ ᠶᠢ ᠲᠤᠭᠳᠠᠭᠠᠯ ᠶᠤᠰᠤᠭᠠᠷ ᠬᠠᠮᠢᠶᠠᠷᠤᠨ᠎ᠠ︔ ᠪᠦᠬᠦ ᠬᠤᠳᠠ ᠶᠢᠨ ᠰᠤᠷᠭᠠᠨ ᠬᠦᠮᠦᠵᠢᠯ ᠤᠨ ᠦᠢᠯᠡᠰ ᠵᠢᠴᠢ ᠰᠤᠷᠭᠠᠨ ᠬᠦᠮᠦᠵᠢᠯ ᠤᠨ ᠵᠠᠷᠤᠳᠠᠯ ᠤᠨ ᠲᠤᠭ᠎ᠠ ᠪᠦᠷᠢᠳᠭᠡᠯ ᠪᠠ ᠵᠠᠳᠠᠯᠤᠯᠳᠠ ᠬᠢᠬᠦ ᠶᠢ ᠬᠠᠷᠢᠭᠤᠴᠠᠨ᠎ᠠ᠃       ᠨᠠᠢᠮᠠ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠠᠵᠢᠯ ᠢ ᠨᠢᠭᠡᠳᠦᠯᠳᠡᠢ ᠬᠠᠮᠢᠶᠠᠷᠴᠦ᠂ ᠳᠡᠭᠡᠲᠤ ᠲᠤᠮᠳᠠᠳᠤ ᠶᠢᠨ ᠱᠠᠳᠤᠨ ᠤ ᠠᠷᠠᠳ ᠠᠴᠠ ᠡᠷᠬᠢᠯᠡᠭᠰᠡᠨ ᠰᠤᠷᠭᠠᠭᠤᠯᠢ ︵ᠪᠦᠷᠢᠨ ᠲᠤᠮᠳᠠᠳᠤ ᠰᠤᠷᠭᠠᠭᠤᠯᠢ᠂ ᠲᠤᠮᠲᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠢ ᠪᠠᠭᠳᠡᠠᠭᠠᠨ᠎ᠠ︶ ᠪᠠ ᠲᠤᠰ ᠬᠤᠳᠠ  ᠠᠴᠠ ᠡᠯᠰᠡᠬᠦ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠲᠠᠪᠳᠠᠨ ᠪᠤᠯᠪᠠᠰᠤᠷᠠᠭᠤᠯᠬᠤ ᠪᠠᠶᠢᠭᠤᠯᠤᠮᠵᠢ ᠶᠢᠨ ᠬᠢᠨᠠᠨ ᠴᠤᠬᠤᠯᠠᠪᠤᠷᠢᠯᠠᠯᠳᠠ ᠪᠠ ᠬᠠᠮᠢᠶᠠᠷᠤᠯᠳᠠ ᠶᠢ ᠬᠠᠷᠢᠭᠤᠴᠠᠨ᠎ᠠ᠃       ᠶᠢᠰᠦ᠂ ᠡᠯ᠎ᠡ ᠲᠦᠷᠤᠯ ‍ᠤᠨ‌‍ᠰᠤᠷᠭᠠᠭᠤᠯᠢ ᠶᠢᠨ ᠮᠤᠷᠠᠯ ᠤᠨ ᠬᠦᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠯᠤᠰ ᠤᠨ ᠪᠠᠳᠤᠯᠠᠨ ᠬᠠᠮᠠᠭᠠᠯᠠᠯᠳᠠ᠂ ᠠᠮᠦᠷ ᠲᠦᠪᠰᠢᠨ ᠤ ᠬᠦᠮᠦᠵᠢᠯ ᠵᠡᠷᠭᠡ ᠠᠵᠢᠯ ᠢ ᠬᠠᠷᠢᠭᠤᠴᠠᠨ᠎ᠠ︔ ᠨᠤᠲᠤᠭ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠶᠢ ᠵᠤᠬᠢᠶᠠᠨ ᠪᠠᠶᠢᠭᠤᠯᠤᠨ᠎ᠠ︔ ᠪᠦᠬᠦ ᠬᠤᠳᠠ ᠶᠢᠨ ᠰᠤᠷᠭᠠᠨ ᠬᠦᠮᠦᠵᠢᠯ ᠤᠨ ᠰᠢᠨᠵᠢᠯᠡᠭᠡᠨ ᠤ ᠨᠡᠶᠢᠭᠡᠮᠯᠢᠭ ᠪᠠ ᠰᠤᠷᠭᠠᠨ ᠬᠦᠮᠦᠵᠢᠯ ᠤᠨ ᠨᠡᠶᠢᠭᠡᠮ ᠤᠨ ᠪᠦᠯᠬᠦᠮ ᠢ ᠬᠠᠮᠢᠶᠠᠷᠤᠨ᠎ᠠ᠃       ᠠᠷᠪᠠ᠂ ᠳᠤᠮᠳᠠ ᠵᠡᠷᠭᠡ ᠶᠢᠨ ᠵᠢᠴᠢ ᠡᠭᠦᠨ ᠡᠴᠨ‌‍ᠲ᠋ᠤᠷᠤᠭᠰᠢᠬᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠲᠤ ᠪᠠᠭ᠎ᠠ ᠰᠤᠷᠭᠠᠭᠤᠯᠢ ᠶᠢᠨ ᠵᠠᠬᠢᠷᠤᠯ ᠪᠤᠯᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠺᠠᠲᠡᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ︔ ᠲᠡᠭᠡᠳᠦ ᠲᠤᠮᠳᠠᠳᠤ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠳᠦᠷᠢᠮ ᠪᠤᠯᠤᠨ ᠪᠠᠭᠰᠢ ᠶᠢᠨ ᠦᠷᠬᠦᠯᠵᠢᠯᠡᠭᠰᠡᠨ ᠰᠤᠷᠭᠠᠨ ᠬᠦᠮᠦᠵᠢᠯ ᠤᠨ ᠠᠵᠢᠯ ᠢ ᠵᠤᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠰᠤᠷᠭᠠᠨ ᠬᠦᠮᠦᠵᠢᠯ ᠤᠨ ᠤᠯᠠᠨ ᠤᠯᠤᠰ ᠤᠨ ᠬᠠᠮᠳᠤᠷᠠᠯᠴᠠᠭ᠎ᠠ ᠪᠠ ᠭᠠᠳᠠᠭᠠᠳᠤ ᠰᠤᠯᠢᠯᠴᠠᠭᠠᠨ ᠤ ᠠᠵᠢᠯ ᠢ ᠬᠠᠮᠢᠶᠠᠷᠤᠨ ᠵᠢᠯᠤᠭᠤᠳᠤᠨ᠎ᠠ᠃         ᠠᠷᠪᠠᠨ ᠨᠢᠬᠡ᠂ ᠪᠦᠬᠦ ᠬᠤᠳᠠ ᠵᠢᠨ‌ᠡᠯ᠎ᠡ ᠲᠦᠷᠦᠯ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠬᠠᠷᠢᠭᠤᠴᠠᠨ᠎ᠠ︔ ᠡᠩ ᠤᠨ ᠳᠡᠭᠡᠲᠤ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠪᠠ ᠳᠡᠭᠡᠳᠤ ᠳᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃       ᠠᠷᠪᠠᠨ ᠬᠤᠶᠠᠷ᠂ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮᠵᠢᠭᠰᠡ ᠪᠠ ᠪᠠᠷᠢᠮᠵᠢᠶᠠᠵᠢᠭᠰᠠᠨ ᠬᠡᠷᠡᠭᠯᠡᠯᠳᠡ ᠶᠢ ᠵᠤᠬᠢᠴᠠᠭᠤᠯᠤᠨ ᠵᠢᠯᠤᠭᠤᠳᠬᠤ ᠪᠠ ᠬᠢᠨᠠᠨ ᠪᠠᠶᠢᠴᠠᠭᠠᠨ᠎ᠠ᠃       ᠠᠷᠪᠠᠨ ᠭᠤᠷᠪᠠ᠂ ᠬᠤᠳᠠ ᠶᠢᠨ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠬᠤᠳᠠ ᠶᠢᠨ ᠬᠠᠷᠢᠶ᠎ᠠ ᠳᠡᠭᠡᠳᠤ ᠵᠡᠷᠭᠡ ᠶᠢᠨ ᠰᠤᠷᠭᠠᠭᠤᠯᠢ ᠶᠢᠨ ᠬᠤᠯᠪᠤᠭᠳᠠᠯ ᠪᠦᠬᠦᠢ ᠠᠵᠢᠯ ᠢ ᠵᠤᠬᠢᠴᠠᠭᠤᠯᠤᠨ᠎ᠠ᠃       ᠠᠷᠪᠠᠨ ᠳᠦᠷᠪᠠ᠂ ᠬᠤᠳᠠ ᠶᠢᠨ ᠵᠠᠰᠠᠭ ᠤᠨ ᠤᠷᠳᠤᠨ ᠤ ᠲᠤᠰᠢᠶᠠᠭᠰᠠᠨ ᠪᠤᠰᠤᠳ ᠵᠦᠢᠯ ᠤᠨ ᠶᠠᠪᠤᠳᠠᠯ ᠢ ᠳᠠᠭᠠᠭᠠᠨ ᠬᠢᠨ᠎ᠠ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ