ᠬᠦᠯᠦᠨ ᠪᠤᠶᠢᠷ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/9
       ᠨᠢᠭᠡ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠢ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠭᠯᠡᠯᠳᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠤᠯᠠᠨ ᠲᠦᠮᠡᠨ ᠤ ᠢᠷᠡᠭᠦᠯᠥᠭᠰᠡᠨ ᠵᠠᠬᠢᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠠᠨ ᠠᠪᠴᠤ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠤᠨ ᠰᠠᠭᠠᠳ ᠦᠭᠡᠢ ᠪᠠᠶᠢᠬᠤ ᠶᠢ ᠪᠠᠲᠤᠯᠠᠨ᠎ᠠ᠃                        ᠬᠤᠶᠠᠷ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠵᠢᠴᠢ ᠤᠳᠤᠷᠢᠳᠤᠯᠭ᠎ᠠ ᠶᠢᠨ ᠴᠣᠬᠤᠯᠠᠪᠥᠷᠢᠯᠠᠨ ᠭᠦᠢᠴᠡᠳᠭᠡᠯᠭᠡᠬᠦ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ ᠲᠤᠰᠢᠶᠠᠨ ᠭᠦᠢᠴᠡᠳᠭᠡᠯᠭᠡᠬᠦ᠂ ᠰᠢᠮᠳᠠᠭᠤᠯᠤᠨ ᠭᠦᠢᠴᠡᠳᠭᠡᠯᠭᠡᠬᠦ᠂ ᠬᠢᠨᠠᠨ ᠪᠠᠶᠢᠴᠠᠭᠠᠵᠤ ᠬᠡᠷᠡᠭ ᠰᠢᠢᠳᠪᠥᠷᠢᠯᠡᠵᠦ ᠳᠠᠭᠤᠰᠬᠠᠬᠤ ᠵᠡᠷᠭᠡ ᠠᠵᠢᠯ ᠢ ᠳᠠᠭᠠᠭᠠᠨ ᠬᠢᠨ᠎ᠡ︔        ᠭᠤᠷᠪᠠ᠂ ᠦᠨᠳᠦᠰᠦᠨ ᠱᠠᠲᠤᠨ ᠳᠤ ᠭᠦᠨᠵᠡᠭᠡᠶᠢᠷᠡᠵᠦ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠠᠶᠢᠴᠠᠭᠠᠨ ᠰᠤᠳᠤᠯᠵᠤ᠂ ᠰᠠᠨᠠᠭᠤᠯᠭ᠎ᠠ ᠪᠠ ᠰᠢᠢᠳᠪᠦᠷᠢᠯᠡᠬᠦ ᠰᠠᠨᠠᠯ ᠳᠤᠷᠠᠳᠤᠨ᠎ᠠ᠃        ᠲᠦᠷᠪᠡ᠂ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢ ᠶᠡᠷᠦᠩᠬᠡᠶᠢᠯᠡᠨ ᠵᠠᠳᠠᠯᠤᠨ ᠰᠤᠳᠤᠯᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠳᠤ ᠳᠤᠷᠠᠳᠤᠭᠰᠠᠨ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠵᠢᠴᠢ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠴᠠᠭ ᠲᠤᠬᠠᠢ ᠳᠤᠨᠢ ᠵᠦᠪ ᠤᠨᠤᠪᠴᠢᠲᠠᠢ ᠪᠠᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠳᠤ ᠳᠤᠰᠬᠠᠵᠤ᠂ ᠤᠳᠤᠷᠢᠳᠤᠯᠭ᠎ᠠ ᠶᠢᠨ ᠰᠢᠢᠳᠪᠦᠷᠢ ᠭᠠᠷᠭᠠᠬᠤ ᠳᠤ ᠦᠢᠯᠡᠴᠢᠯᠡᠨ᠎ᠡ᠃        ᠲᠠᠪᠤ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠶᠢᠨ ᠤᠬᠠᠭᠤᠯᠭ᠎ᠠ ᠶᠢ ᠴᠢᠩᠭᠠᠳᠬᠠᠵᠤ᠂ ᠰᠤᠷᠪᠤᠯᠵᠢᠯᠠᠷ᠎ᠠ ᠢᠷᠡᠭᠰᠡᠳ ᠲᠤ ᠯᠠᠪᠯᠠᠨ ᠠᠰᠠᠭᠤᠬᠤ ᠦᠢᠯᠡᠴᠢᠯᠡᠭᠡ ᠬᠠᠩᠭᠠᠨ᠎ᠠ᠃          ᠵᠢᠷᠭᠤᠭ᠎ᠠ᠂ ᠬᠤᠰᠢᠭᠤ ︵ᠬᠤᠲᠠ᠂ ᠲᠤᠭᠤᠷᠢᠭ︶ ᠪᠠ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠨᠢᠭᠡᠴᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠤᠭᠤᠳᠤᠨ᠂ ᠵᠤᠬᠢᠴᠠᠭᠤᠯᠬᠤ ᠶᠢᠨ ᠬᠠᠮᠲᠤ ᠰᠢᠮᠳᠠᠭᠤᠯᠤᠨ ᠪᠠᠶᠢᠴᠠᠭᠠᠨ᠎ᠠ᠃        ᠲᠤᠯᠤᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠤᠨᠤᠯ ᠤᠨ ᠰᠤᠳᠤᠯᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠤᠬᠠᠭᠤᠯᠭ᠎ᠠ ᠶᠢᠨ ᠠᠵᠢᠯ ᠢ ᠦᠷᠨᠢᠭᠦᠯᠦᠨ᠎ᠡ᠃        ᠨᠠᠢᠮᠠ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠦᠴᠢᠷ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠤᠷᠳᠤᠨ ᠤ ᠲᠤᠰᠢᠶᠠᠨ ᠭᠦᠢᠴᠡᠳᠭᠡᠯᠭᠡᠬᠦ ᠪᠤᠰᠤᠳ ᠵᠦᠢᠯᠡᠰ ᠢ ᠳᠠᠭᠠᠭᠠᠨ ᠬᠢᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ