ᠬᠦᠯᠦᠨ ᠪᠤᠶᠢᠷ ᠬᠤᠲᠠ ᠶᠢᠨ ᠬᠢᠨᠠᠨ ᠪᠤᠳᠤᠬᠤ ᠲᠤᠪᠴᠢᠶ᠎ᠠ ᠶᠢᠨ ᠭᠤᠤᠯ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/11/9
      ᠨᠢᠭᠡ᠂ ᠬᠦᠯᠦᠨ ᠪᠤᠶᠢᠷ ᠬᠤᠲᠠ ᠶᠢᠨ ᠬᠢᠨᠠᠨ ᠪᠤᠳᠤᠬᠤ ᠠᠵᠢᠯ ᠢ ᠭᠤᠤᠯ ᠬᠠᠮᠢᠶᠠᠷᠤᠨ᠎ᠠ᠃ ᠬᠦᠯᠦᠨ ᠪᠤᠶᠢᠷ ᠬᠤᠲᠠ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠳᠦᠷᠢᠮ ᠳᠤ ᠲᠤᠭᠲᠠᠭᠠᠭᠰᠠᠨ ᠬᠢᠨᠠᠨ ᠪᠤᠳᠤᠵᠤ ᠬᠢᠨᠠᠯᠲᠠ ᠲᠠᠯᠪᠢᠬᠤ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠦᠨᠡᠨ ᠪᠤᠳᠠᠲᠠᠢ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠯᠲᠠ ᠶᠠᠪᠤᠭᠳᠠᠭᠤᠯᠬᠤ ᠶᠢ ᠬᠠᠷᠢᠭᠤᠴᠠᠨ᠎ᠠ︔ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠤᠯᠪᠤᠭᠳᠠᠯ ᠪᠦᠬᠦᠢ ᠬᠢᠨᠠᠨ ᠪᠤᠳᠤᠭᠰᠠᠨ ᠮᠡᠳᠡᠭᠦᠯᠦᠯᠲᠡ ᠶᠢᠨ ᠦᠷ᠎ᠡ ᠳ᠋ᠦᠩ ᠢ ᠬᠢᠨᠠᠨ ᠪᠤᠳᠤᠬᠤ᠂ ᠲᠤᠰᠬᠠᠢ ᠲᠦᠷᠦᠯᠵᠢᠭᠦᠯᠦᠨ ᠬᠢᠨᠠᠨ ᠪᠤᠳᠤᠵᠤ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠬᠢᠨᠠᠨ ᠪᠤᠳᠤᠯᠲᠠ ᠶᠢ ᠬᠦᠯᠢᠶᠡᠬᠦ ᠪᠠᠶᠢᠭᠤᠯᠭ᠎ᠠ ᠶᠢ ᠱᠠᠯᠠᠪᠳᠠᠵᠤ ᠴᠡᠭᠴᠡᠯᠡᠨ ᠵᠠᠰᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃       ᠬᠤᠶᠠᠷ᠂ ᠤᠯᠤᠰ ᠪᠠ ᠬᠦᠯᠦᠨ ᠪᠤᠶᠢᠷ ᠬᠤᠲᠠ ᠶᠢᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠳᠦᠷᠢᠮ ᠪᠠ ᠳᠦᠷᠢᠮ ᠲᠤᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠯᠦᠨ ᠪᠤᠶᠢᠷ ᠬᠤᠲᠠ ᠶᠢᠨ ᠬᠢᠨᠠᠨ ᠪᠤᠳᠤᠬᠤ ᠠᠵᠢᠯ ᠤᠨ ᠬᠦᠭᠵᠢᠯᠲᠡ ᠶᠢᠨ ᠲᠦᠯᠦᠪᠵᠢᠭᠦᠯᠭᠡ ᠲᠦᠯᠦᠪᠯᠡᠭᠡ ᠪᠠ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭᠠᠨ ᠤ ᠬᠢᠨᠠᠨ ᠪᠤᠳᠤᠬᠤ ᠠᠵᠢᠯ ᠤᠨ ᠲᠦᠯᠦᠪᠵᠢᠭᠦᠯᠭᠡ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠦᠯᠦᠨ ᠪᠤᠶᠢᠷ ᠬᠤᠲᠠ ᠶᠢᠨ ᠡᠳ᠋ ᠤᠨ ᠵᠠᠰᠠᠭ ᠠᠵᠤ ᠠᠬᠤᠢ ᠵᠢᠴᠢ ᠲᠡᠭᠦᠨ ᠳᠤ ᠬᠤᠯᠪᠤᠭᠳᠠᠬᠤ ᠬᠠᠤᠯᠢ ᠳᠦᠷᠢᠮ ᠳᠦᠷᠢᠮ ᠲᠤᠭᠲᠠᠭᠠᠯ ᠤᠨ ᠲᠦᠰᠦᠯ ᠢ ᠨᠠᠶᠢᠷᠠᠭᠤᠯᠬᠤ ᠳᠤ ᠤᠷᠤᠯᠴᠠᠨ᠎ᠠ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠤᠰᠤᠭᠠᠷ ᠬᠢᠨᠠᠨ ᠪᠤᠳᠤᠭᠰᠠᠨ ᠦᠨᠡᠯᠡᠯᠲᠡ ᠬᠢᠵᠦ᠂ ᠬᠢᠨᠠᠨ ᠪᠤᠳᠤᠯᠲᠠ ᠶᠢᠨ ᠲᠤᠭᠲᠠᠭᠠᠯ ᠭᠠᠷᠭᠠᠬᠤ ᠪᠤᠶᠤ ᠬᠢᠨᠠᠨ ᠪᠤᠳᠤᠯᠲᠠ ᠶᠢᠨ ᠰᠠᠨᠠᠭᠤᠯᠭ᠎ᠠ ᠳᠤᠷᠠᠳᠤᠨ᠎ᠠ᠃       ᠭᠤᠷᠪᠠ᠂ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ ᠬᠦᠯᠦᠨ ᠪᠤᠶᠢᠷ ᠬᠤᠲᠠ ᠶᠢᠨ ᠤᠨ ᠤ ᠲᠦᠰᠦᠪ ᠤᠨ ᠬᠡᠷᠡᠭᠵᠢᠭᠦᠯᠦᠯᠲᠡ ᠪᠠ ᠡᠳ᠋ ᠤᠨ ᠵᠠᠰᠠᠭ ᠤᠨ ᠪᠤᠰᠤᠳ ᠤᠷᠤᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠦᠷ᠎ᠡ ᠳ᠋ᠦᠩ ᠤᠨ ᠮᠡᠳᠡᠭᠦᠯᠦᠯᠲᠡ ᠶᠢ ᠳᠡᠪᠰᠢᠭᠦᠯᠦᠨ᠎ᠡ︔ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠦᠯᠦᠨ ᠪᠤᠶᠢᠷ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠤᠲᠠ ᠶᠢᠨ ᠲᠤᠰ ᠱᠠᠲᠤᠨ ᠤ ᠲᠦᠰᠦᠪ ᠤᠨ ᠬᠡᠷᠡᠭᠵᠢᠭᠦᠯᠦᠯᠲᠡ ᠪᠠ ᠡᠳ᠋ ᠤᠨ ᠵᠠᠰᠠᠭ ᠤᠨ ᠪᠤᠰᠤᠳ ᠤᠷᠤᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠤᠭᠰᠠᠨ ᠪᠠ ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠶᠢ ᠳᠡᠪᠰᠢᠭᠦᠯᠦᠨ᠎ᠡ︔ ᠬᠤᠲᠠ ᠶᠢᠨ ᠵᠠᠰᠠᠭ ᠤᠨ ᠤᠷᠳᠤᠨ ᠳᠤ ᠪᠤᠰᠤᠳ ᠵᠦᠢᠯᠡᠰ ᠲᠠᠬᠢ ᠬᠢᠨᠠᠨ ᠪᠤᠳᠤᠯᠲᠠ ᠪᠠ ᠲᠤᠰᠬᠠᠢ ᠲᠦᠷᠦᠯ ᠤᠨ ᠬᠢᠨᠠᠨ ᠪᠤᠳᠤᠬᠤ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ︔ ᠬᠢᠨᠠᠨ ᠪᠤᠳᠤᠯᠲᠠ ᠶᠢᠨ ᠦᠷ᠎ᠡ ᠳ᠋ᠦᠩ ᠢ ᠬᠠᠤᠯᠢ ᠶᠤᠰᠤᠭᠠᠷ ᠨᠡᠶᠢᠭᠡᠮ ᠳᠤ ᠨᠡᠶᠢᠲᠡᠯᠡᠨ᠎ᠡ︔ ᠬᠤᠲᠠ ᠶᠢᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠤᠰᠢᠭᠤ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠳᠤ ᠬᠢᠨᠠᠨ ᠪᠤᠳᠤᠯᠲᠠ ᠶᠢᠨ ᠪᠠᠶᠢᠳᠠᠯ ᠪᠠ ᠬᠢᠨᠠᠨ ᠪᠤᠳᠤᠯᠲᠠ ᠶᠢᠨ ᠦᠷ᠎ᠡ ᠳ᠋ᠦᠩ ᠢ ᠮᠡᠳᠡᠭᠦᠯᠦᠨ᠎ᠡ᠃       ᠳᠦᠷᠪᠡ᠂ ᠳᠤᠤᠷᠠᠬᠢ ᠵᠦᠢᠯᠡᠰ ᠢ ᠰᠢᠭᠤᠳ ᠬᠢᠨᠠᠨ ᠪᠤᠳᠤᠵᠤ᠂ ᠬᠢᠨᠠᠨ ᠪᠤᠳᠤᠯᠲᠠ ᠶᠢᠨ ᠮᠡᠳᠡᠭᠦᠯᠦᠯᠲᠡ ᠬᠢᠵᠦ᠂ ᠬᠠᠤᠯᠢ ᠶᠤᠰᠤᠨ ᠤ ᠡᠷᠬᠡ ᠲᠤᠰᠢᠶᠠᠯ ᠤᠨ ᠬᠦᠷᠢᠶ᠎ᠡ ᠬᠡᠪᠴᠢᠶᠡᠨ ᠳᠤ ᠬᠢᠨᠠᠨ ᠪᠤᠳᠤᠯᠲᠠ ᠶᠢᠨ ᠲᠤᠭᠲᠠᠭᠠᠯ ᠭᠠᠷᠭᠠᠬᠤ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠢᠳᠪᠦᠷᠢᠯᠡᠬᠦ ᠰᠢᠢᠳᠭᠡᠬᠦ ᠰᠠᠨᠠᠭᠤᠯᠭ᠎ᠠ ᠳᠤᠷᠠᠳᠬᠤ ᠶᠢᠨ ᠬᠠᠮᠲᠤ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠨ᠎ᠡ᠃       ︵ᠨᠢᠭᠡ︶ ᠬᠤᠲᠠ ᠶᠢᠨ ᠲᠤᠰ ᠱᠠᠲᠤᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ ᠡᠳ᠋ ᠤᠨ ᠵᠠᠰᠠᠭ ᠤᠨ ᠪᠣᠰᠤᠳ ᠣᠷᠣᠯᠭ᠎ᠠ ᠵᠠᠷᠤᠯᠭ᠎ᠠ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ︵ᠠᠵᠢᠯ ᠦᠢᠯᠡᠰ ᠤᠨ ᠨᠢᠭᠡᠴᠡ ᠪᠠᠭᠲᠠᠨ᠎ᠠ︶ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠪᠠ ᠡᠳ᠋ ᠤᠨ ᠵᠠᠰᠠᠭ ᠤᠨ ᠪᠣᠰᠤᠳ ᠣᠷᠣᠯᠭ᠎ᠠ ᠵᠠᠷᠤᠯᠭ᠎ᠠ ᠵᠢᠴᠢ ᠬᠠᠷᠢᠶ᠎ᠠ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ       ︵ᠬᠤᠶᠠᠷ︶ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠲᠥᠰᠦᠪ ᠤᠨ ᠬᠡᠷᠡᠭᠵᠢᠭᠦᠯᠦᠭᠰᠡᠨ ᠪᠠᠶᠢᠳᠠᠯ ᠪᠠ ᠲᠦᠰᠥᠪ ᠤᠨ ᠭᠦᠢᠴᠡᠳᠬᠡᠯ ᠪᠣᠯᠣᠨ ᠡᠳ᠋ ᠤᠨ ᠵᠠᠰᠠᠭ ᠤᠨ ᠪᠣᠰᠣᠳ ᠣᠷᠣᠯᠭ᠎ᠠ ᠵᠠᠷᠤᠯᠭ᠎ᠠ᠂ ᠬᠤᠲᠠ ᠶᠢᠨ ᠡᠳ᠋ ᠤᠨ ᠵᠠᠰᠠᠭ ᠤᠨ ᠰᠢᠯᠵᠢᠭᠦᠯᠦᠨ ᠥᠭᠭᠦᠭᠰᠡᠨ ᠪᠡᠯᠡ ᠮᠦᠩᠭᠦ᠃       ︵ᠭᠤᠷᠪᠠ︶ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠪᠡᠯᠡ ᠮᠦᠩᠭᠦ ᠶᠢ ᠬᠡᠷᠡᠭᠯᠡᠵᠦ ᠪᠠᠶᠢᠭ᠎ᠠ ᠠᠵᠢᠯ ᠦᠢᠯᠡᠰ ᠤᠨ ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃       ︵ᠳᠥᠷᠪᠡ︶ ᠬᠤᠲᠠ ᠶᠢᠨ ᠵᠠᠰᠠᠭ ᠤᠨ ᠣᠷᠳᠣᠨ ᠤ ᠪᠡᠯᠡ ᠣᠷᠤᠭᠤᠯᠤᠭᠰᠠᠨ ᠪᠠ ᠬᠤᠲᠠ ᠶᠢᠨ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠪᠠᠷ ᠭᠤᠣᠯ ᠪᠣᠯᠭᠠᠭᠰᠠᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠰᠥᠪ ᠢ ᠬᠡᠷᠡᠭᠵᠢᠭᠦᠯᠦᠭᠰᠡᠨ ᠪᠠᠶᠢᠳᠠᠯ ᠪᠠ ᠲᠥᠰᠥᠪ ᠤᠨ ᠭᠦᠢᠴᠡᠳᠬᠡᠯ᠃       ︵ᠲᠠᠪᠤ︶ ᠬᠤᠲᠠ ᠶᠢᠨ ᠬᠠᠷᠢᠶ᠎ᠠ ᠤᠯᠤᠰ ᠤᠨ ᠦᠮᠴᠢᠯᠡᠯᠲᠦ ᠠᠵᠤ ᠠᠬᠤᠢ᠂ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠦᠮᠴᠢᠯᠡᠯᠲᠦ ᠬᠦᠷᠦᠩᠭᠡ ᠶᠢᠨ ᠰᠲ᠋ᠣᠺ ᠤᠨ ᠡᠵᠡᠮᠰᠢᠯ ᠪᠠ ᠭᠤᠣᠯᠯᠠᠭᠴᠢ ᠪᠠᠶᠢᠷᠢᠨ ᠳᠤ ᠪᠠᠶᠢᠭ᠎ᠠ ᠠᠵᠤ ᠠᠬᠤᠶᠢᠯᠠᠯ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠷᠦᠩᠭᠡ᠂ ᠦᠷᠢᠲᠦᠯ᠂ ᠣᠯᠵᠠᠪᠤᠷᠢ ᠠᠯᠳᠠᠪᠤᠷᠢ᠃       ︵ᠵᠢᠷᠭᠤᠭ᠎ᠠ︶ ᠬᠤᠲᠠ ᠶᠢᠨ ᠵᠠᠰᠠᠭ ᠤᠨ ᠣᠷᠳᠣᠨ ᠠᠴᠠ ᠬᠠᠮᠢᠶᠠᠷᠴᠤ ᠪᠠᠶᠢᠭ᠎ᠠ ᠪᠠ ᠨᠡᠶᠢᠭᠡᠮ ᠤᠨ ᠪᠦᠯᠬᠦᠮ ᠨᠡᠶᠢᠲᠡ ᠶᠢᠨ ᠵᠠᠰᠠᠭ ᠤᠨ ᠣᠷᠳᠣᠨ ᠵᠢᠴᠢ ᠰᠠᠯᠠᠭ᠎ᠠ ᠮᠦᠴᠢᠷ ᠠᠴᠠ ᠨᠠᠶᠢᠳᠠᠨ ᠬᠠᠮᠢᠶᠠᠷᠴᠤ ᠪᠠᠶᠢᠭ᠎ᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠮᠦᠩᠭᠦ᠂ ᠨᠡᠶᠢᠭᠡᠮ ᠤᠨ ᠪᠡᠯᠡᠭᠯᠡᠨ ᠬᠠᠨᠳᠢᠪᠯᠠᠭᠰᠠᠨ ᠪᠡᠯᠡ ᠮᠦᠩᠭᠦ ᠵᠢᠴᠢ ᠪᠣᠰᠣᠳ ᠬᠠᠮᠢᠶ᠎ᠠ ᠪᠦᠬᠦᠢ ᠰᠠᠭᠤᠷᠢ ᠮᠦᠩᠭᠦ᠂ ᠪᠡᠯᠡ ᠮᠦᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃       ︵ᠳᠣᠯᠤᠭ᠎ᠠ︶ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠲᠦᠷᠦᠯ ᠵᠦᠢᠯ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃       ︵ᠨᠠᠢᠮᠠ︶ ᠦᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠭᠢᠮ ᠠᠴᠠ ᠡᠷᠬᠡ ᠣᠯᠭᠤᠭᠰᠠᠨ ᠪᠣᠰᠣᠳ ᠬᠢᠨᠠᠨ ᠪᠣᠳᠣᠬᠤ ᠵᠦᠢᠯᠡᠰ᠃       ︵ᠶᠢᠰᠦ︶ ᠬᠠᠥᠯᠢ ᠴᠠᠭᠠᠵᠠ᠂ ᠵᠠᠰᠠᠭ ᠵᠠᠬᠢᠷᠭᠠᠨ ᠤ ᠳᠦᠷᠢᠮ ᠲᠣᠭᠲᠠᠭᠠᠯ ᠠᠴᠠ ᠲᠣᠭᠲᠠᠭᠠᠭᠰᠠᠨ ᠬᠢᠨᠠᠨ ᠪᠣᠳᠣᠬᠤ ᠲᠣᠪᠴᠢᠶ᠎ᠠ ᠠᠴᠠ ᠬᠢᠨᠠᠨ ᠪᠣᠳᠣᠬᠤ ᠴᠢᠬᠤᠯᠠᠲᠠᠢ ᠬᠡᠷᠡᠭ ᠵᠦᠢᠯᠡᠰ᠃       ᠲᠠᠪᠤ᠂ ᠬᠤᠲᠠ ᠶᠢᠨ ᠡᠯ᠎ᠡ ᠰᠠᠯᠠᠭ᠎ᠠ ᠮᠦᠴᠢᠷ᠂ ᠬᠤᠰᠢᠭᠤ ᠬᠤᠲᠠ ᠲᠤᠭᠤᠷᠢᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠢᠨᠠᠨ ᠪᠤᠳᠤᠬᠤ ᠲᠤᠪᠴᠢᠶ᠎ᠠ ᠠᠴᠠ ᠬᠢᠨᠠᠨ ᠪᠤᠳᠤᠨ ᠬᠢᠨᠠᠯᠲᠠ ᠲᠠᠯᠪᠢᠬᠤ ᠡᠲᠡᠭᠡᠳ ᠲᠤ ᠬᠠᠥᠯᠢ ᠶᠤᠰᠤᠭᠠᠷ ᠬᠠᠷᠢᠶᠠᠯᠠᠭᠳᠠᠬᠤ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠲᠤᠭᠲᠠᠭᠠᠯ ᠶᠤᠰᠤᠭᠠᠷ ᠠᠵᠤ ᠠᠬᠤᠢ ᠶᠢᠨ ᠬᠠᠷᠢᠭᠤᠴᠠᠯᠭᠠᠲᠤ ᠬᠢᠨᠠᠨ ᠪᠤᠳᠤᠯᠲᠠ ᠶᠢ ᠬᠡᠷᠡᠭᠵᠢᠭᠦᠯᠦᠨ᠎ᠡ᠃       ᠵᠢᠷᠭᠤᠭ᠎ᠠ᠂ ᠤᠯᠤᠰ ᠪᠠ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ᠂ ᠬᠠᠤᠯᠢ ᠳᠦᠷᠢᠮ᠂ ᠬᠠᠤᠯᠢ ᠲᠤᠭᠲᠠᠭᠠᠯ᠂ ᠲᠦᠷᠦ ᠶᠢᠨ ᠪᠤᠳᠤᠯᠭ᠎ᠠ ᠪᠠ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠠᠷᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠦᠰᠦᠪ ᠤᠨ ᠬᠠᠮᠢᠶᠠᠷᠤᠯᠲᠠ ᠪᠤᠶᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠲᠠᠢ ᠬᠠᠮᠢᠶᠠᠲᠠᠢ ᠤᠨᠴᠠ  ᠲᠤᠭᠲᠠᠭᠠᠭᠰᠠᠨ ᠵᠦᠢᠯᠡᠰ ᠢ ᠲᠤᠤᠱᠯᠠᠭᠤᠯᠤᠨ ᠬᠡᠷᠡᠭᠵᠢᠭᠦᠯᠬᠦ ᠳᠤ ᠶᠠᠪᠤᠭᠳᠠᠭᠤᠯᠬᠤ ᠲᠤᠰᠬᠠᠢ ᠲᠦᠷᠦᠯ ᠤᠨ ᠬᠢᠨᠠᠨ ᠪᠤᠳᠤᠬᠤ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠯᠤᠰ ᠤᠨ ᠡᠬᠢ ᠪᠠᠶᠠᠯᠢᠭ᠂ ᠪᠡᠯᠡ ᠮᠦᠩᠭᠦ ᠪᠠ ᠢᠲᠡᠭᠡᠮᠵᠢᠲᠦ ᠵᠢᠭᠡᠯᠡᠯᠭᠡ ᠶᠢ ᠬᠡᠷᠡᠭᠯᠡᠬᠦ ᠪᠤᠶᠤ ᠤᠯᠤᠰ ᠤᠨ ᠭᠠᠶᠢᠯᠢ ᠶᠢᠨ ᠤᠷᠤᠯᠭ᠎ᠠ ᠲᠠᠢ ᠬᠠᠮᠢᠶᠠᠲᠠᠢ ᠪᠤᠰᠤᠳ ᠨᠢᠭᠡᠴᠡ ᠳᠤ ᠬᠢᠨᠠᠨ ᠪᠤᠳᠤᠬᠤ ᠪᠠᠶᠢᠴᠠᠭᠠᠯᠲᠠ ᠶᠠᠪᠤᠭᠳᠠᠭᠤᠯᠤᠨ᠎ᠠ᠃       ᠳᠤᠯᠤᠭ᠎ᠠ᠂ ᠬᠢᠨᠠᠨ ᠪᠤᠳᠤᠯᠲᠠ ᠶᠢᠨ ᠲᠤᠭᠲᠠᠭᠠᠯ ᠢ ᠭᠦᠢᠴᠡᠳᠭᠡᠭᠰᠡᠨ ᠪᠠᠶᠢᠳᠠᠯ ᠢ ᠬᠠᠤᠯᠢ ᠶᠤᠰᠤᠭᠠᠷ ᠪᠠᠶᠢᠴᠠᠭᠠᠵᠤ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠱᠠᠯᠠᠪᠳᠠᠨ ᠵᠠᠯᠠᠷᠠᠭᠤᠯᠬᠤ ᠪᠠ ᠰᠢᠢᠳᠪᠦᠷᠢᠯᠡᠨ᠎ᠡ᠃ ᠬᠢᠨᠠᠨ ᠪᠤᠳᠤᠭᠳᠠᠬᠤ ᠨᠢᠭᠡᠴᠡ ᠠᠴᠠ ᠬᠢᠨᠠᠨ ᠪᠤᠳᠤᠯᠲᠠ ᠶᠢᠨ ᠲᠤᠭᠲᠠᠭᠠᠯ ᠳᠠᠬᠢ ᠵᠠᠰᠠᠭ ᠵᠠᠬᠢᠷᠭᠠᠨ ᠤ ᠳᠠᠬᠢᠨ ᠵᠦᠪᠯᠡᠯᠭᠡ᠂ ᠵᠠᠰᠠᠭ ᠵᠠᠬᠢᠷᠭᠠᠨ ᠤ ᠵᠠᠷᠭᠤ ᠪᠤᠶᠤ ᠬᠤᠲᠠ ᠶᠢᠨ ᠵᠠᠰᠠᠭ ᠤᠨ ᠤᠷᠳᠤᠨ ᠤ ᠲᠠᠰᠤᠯᠤᠯᠲᠠ ᠶᠠᠪᠤᠭᠤᠯᠬᠤ ᠳᠤ ᠬᠠᠮᠢᠶ᠎ᠠ ᠪᠦᠬᠦᠢ ᠵᠦᠢᠯᠡᠰ ᠢ ᠬᠠᠤᠯᠢ ᠶᠤᠰᠤᠭᠠᠷ ᠭᠦᠢᠴᠡᠳᠭᠡᠨ᠎ᠡ︔ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠬᠤᠯᠪᠤᠭᠳᠠᠯ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃       ᠨᠠᠢᠮᠠ᠂ ᠳᠤᠲᠤᠭᠠᠳᠤ ᠶᠢᠨ ᠬᠢᠨᠠᠨ ᠪᠤᠳᠤᠬᠤ ᠠᠵᠢᠯ ᠳᠤ ᠵᠢᠯᠤᠭᠤᠳᠤᠯᠭ᠎ᠠ ᠬᠢᠬᠦ ᠪᠠ ᠬᠢᠨᠠᠯᠲᠠ ᠲᠠᠯᠪᠢᠵᠦ᠂ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠠᠴᠠ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠨᠢᠭᠡᠴᠡ ᠳᠤ ᠭᠠᠷᠭᠠᠨ ᠦᠭᠭᠦᠭᠰᠡᠨ ᠬᠤᠯᠪᠤᠭᠳᠠᠯ ᠪᠦᠬᠦᠢ ᠬᠢᠨᠠᠨ ᠪᠤᠳᠤᠯᠲᠠ ᠶᠢᠨ ᠮᠡᠳᠡᠭᠦᠯᠦᠯᠲᠡ ᠶᠢ ᠬᠠᠤᠯᠢ ᠶᠤᠰᠤᠭᠠᠷ ᠬᠠᠷᠭᠤᠭᠤᠯᠤᠨ ᠪᠠᠶᠢᠴᠠᠭᠠᠨ᠎ᠠ᠃       ᠶᠢᠰᠦ᠂ ᠬᠤᠰᠢᠭᠤ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠲᠠᠢ ᠬᠠᠮᠲᠤ ᠬᠤᠰᠢᠭᠤ ᠬᠤᠲᠠ ᠲᠤᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢ ᠤᠳᠤᠷᠢᠳᠤᠨ᠎ᠠ᠃ ᠬᠤᠰᠢᠭᠤ ᠬᠤᠲᠠ ᠲᠤᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠲᠤᠬᠠᠶᠢᠯᠠᠭᠰᠠᠨ ᠠᠵᠢᠯ ᠢ ᠬᠠᠤᠯᠢ ᠶᠤᠰᠤᠭᠠᠷ ᠤᠳᠤᠷᠢᠳᠬᠤ ᠪᠠ ᠬᠢᠨᠠᠯᠲᠠ ᠲᠠᠯᠪᠢᠵᠤ᠂ ᠬᠤᠰᠢᠭᠤ ᠬᠤᠲᠠ ᠲᠤᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢ ᠵᠤᠬᠢᠶᠠᠨ ᠪᠠᠶᠢᠭᠤᠯᠵᠤ ᠤᠨᠴᠠ ᠲᠤᠭᠲᠠᠭᠰᠠᠨ ᠲᠦᠷᠦᠯ ᠵᠦᠢᠯ ᠢ ᠲᠤᠰᠬᠠᠢ ᠲᠦᠷᠦᠯᠵᠢᠭᠦᠯᠦᠨ ᠬᠢᠨᠠᠨ ᠪᠤᠳᠤᠬᠤ ᠪᠤᠶᠤ ᠬᠢᠨᠠᠨ ᠪᠤᠳᠤᠬᠤ ᠪᠠᠶᠢᠴᠠᠭᠠᠯᠲᠠ ᠶᠠᠪᠤᠭᠳᠠᠭᠤᠯᠵᠤ᠂ ᠬᠤᠰᠢᠭᠤ ᠬᠤᠲᠠ ᠲᠤᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ ᠤᠯᠤᠰ ᠤᠨ ᠳᠦᠷᠢᠮ ᠠᠴᠠ ᠵᠦᠷᠢᠴᠡᠨ ᠬᠢᠨᠠᠨ ᠪᠤᠳᠤᠯᠲᠠ ᠶᠢᠨ ᠲᠤᠭᠲᠠᠭᠠᠯ ᠭᠠᠷᠭᠠᠭᠰᠠᠨ ᠪᠤᠯ ᠵᠠᠯᠠᠷᠠᠭᠤᠯᠬᠤ ᠪᠤᠶᠤ ᠵᠠᠯᠠᠷᠠᠭᠤᠯᠬᠤ ᠶᠢ ᠱᠠᠭᠠᠷᠳᠠᠨ᠎ᠠ︔ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶᠡᠨ ᠳᠤ ᠬᠤᠰᠢᠭᠤ ᠬᠤᠲᠠ ᠲᠤᠭᠤᠷᠢᠭ ᠤᠨ ᠬᠢᠨᠠᠨ ᠪᠤᠳᠤᠬᠤ ᠪᠠᠶᠢᠭᠤᠯᠭ᠎ᠠ ᠶᠢᠨ  ᠬᠠᠷᠢᠭᠤᠴᠠᠯᠭᠠᠲᠠᠨ ᠢ ᠬᠠᠮᠵᠢᠨ ᠬᠠᠮᠢᠶᠠᠷᠤᠨ᠎ᠠ᠃       ᠠᠷᠪᠠ᠂ ᠬᠦᠯᠦᠨ ᠪᠤᠶᠢᠷ ᠬᠤᠲᠠ ᠶᠢᠨ ᠵᠠᠰᠠᠭ ᠤᠨ ᠤᠷᠳᠤᠨ ᠪᠠ ᠦᠪᠡᠷᠲᠡᠭᠡᠨ ᠵᠠᠰᠠᠬᠤ ᠤᠷᠤᠨ ᠤ ᠬᠢᠨᠠᠨ ᠪᠤᠳᠤᠬᠤ ᠲᠢᠩᠬᠢᠮ ᠤᠨ ᠭᠦᠢᠴᠡᠳᠭᠡᠯᠭᠡᠬᠦ ᠪᠠᠷ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠭᠡᠨ᠎ᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ