ᠬᠥᠯᠥᠨ ᠪᠤᠶᠢᠷ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/9
      ᠬᠥᠯᠥᠨ ᠪᠤᠶᠢᠷ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠭᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ       ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠭᠯᠡᠯᠲᠡ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄       ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠥᠷᠦ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨ᠎ᠡ  ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠶᠠᠪᠤᠭᠳᠠᠯ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠬᠢᠷᠠᠭᠤᠯᠤᠯᠳᠠ ᠪᠠ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ᠃ ᠬᠤᠰᠢᠭᠤ ᠬᠤᠲᠠ ᠲᠣᠭᠤᠷᠢᠭ ᠤᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃       ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠪᠤᠭᠳᠠᠯ ᠢ ᠬᠠᠷᠢᠭᠤᠴᠠᠨ ᠪᠠᠲᠤᠯᠠᠬᠤ ᠬᠡᠷᠡᠭᠲᠡᠶ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠪᠤᠭᠳᠠᠯ ᠢ ᠬᠢᠨᠠᠨ ᠬᠡᠮᠵᠢᠬᠦ᠂ ᠵᠠᠳᠠᠯᠬᠤ᠂ ᠲᠥᠰᠦᠭᠡᠯᠡᠬᠦ᠂ ᠵᠣᠬᠢᠴᠠᠭᠤᠯᠬᠤ ᠵᠢᠴᠢ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠪᠤᠭᠳᠠᠯ ᠳᠤᠮᠳᠠ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ  ᠰᠢᠢᠳᠪᠦᠷᠢᠯᠡᠵᠦ᠂ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃       ︵ᠭᠤᠷᠪᠠ︶ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ ᠢ ᠬᠠᠷᠢᠭᠤᠴᠠᠨ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠵᠦ ᠳᠠᠩᠰᠠᠯᠠᠭᠤᠯᠬᠤ ᠲᠥᠷᠥᠯ ᠵᠦᠢᠯ᠂ ᠳᠠᠩᠰᠠᠯᠠᠭᠤᠯᠬᠤ ᠡᠷᠬᠡ ᠮᠡᠳᠡᠯ ᠤᠨ ᠳᠣᠲᠣᠷᠠᠬᠢ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠢᠨᠠᠨ ᠬᠠᠷᠭᠤᠭᠤᠯᠵᠤ ᠮᠡᠳᠡᠭᠦᠯᠦᠨ ᠬᠦᠷᠭᠡᠨ᠎ᠡ᠃       ︵ᠳᠦᠷᠪᠡ︶ ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠪᠤᠭᠳᠠᠯ ᠢ ᠬᠢᠨᠠᠨ ᠬᠡᠮᠵᠢᠬᠦ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠢ ᠡᠭᠦᠷᠭᠡᠯᠡᠨ᠎ᠡ᠃       ︵ᠲᠠᠪᠤ︶ ᠠᠵᠤ ᠦᠢᠯᠡᠳᠪᠦᠷᠢ ᠶᠢᠨ ᠬᠦᠷᠢᠶᠡᠨ ᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠬᠤ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠳᠤ ᠣᠷᠣᠬᠤ ᠵᠥᠪᠰᠢᠶᠡᠷᠡᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠪᠠᠶᠢᠷᠢᠯᠠᠭᠤᠯᠤᠯᠳᠠ ᠶᠢᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠠᠪᠤᠰᠤᠨ ᠤ ᠠᠵᠢᠯ ᠲᠥᠷᠥᠯ᠂ ᠲᠤᠨᠤᠭᠯᠠᠯ ᠦᠢᠯᠡᠳᠬᠦ ᠦᠢᠯᠡᠰ᠂ ᠲᠦᠭᠦᠬᠡᠶ ᠮᠠᠲ᠋ᠧᠷᠢᠶᠠᠯ ᠤᠨ ᠠᠵᠤ ᠦᠢᠯᠡᠳᠪᠦᠷᠢ᠂ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠦᠬᠦ ᠬᠤᠲᠠ ᠶᠢᠨ ᠠᠷᠠᠳ ᠤᠨ ᠬᠡᠷᠡᠭᠴᠡᠭᠡᠨ ᠤ ᠳᠡᠯᠪᠡᠷᠡᠬᠦ ᠪᠣᠳᠠᠰ ᠤᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠴᠠᠬᠢᠯᠭᠠᠨ ᠬᠦᠴᠦᠨ ᠤ ᠠᠵᠤ ᠦᠢᠯᠡᠳᠪᠦᠷᠢ ᠶᠢᠨ ᠶᠠᠪᠤᠭᠳᠠᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠤ ᠠᠬᠤᠶ ᠶᠢᠨ ᠶᠠᠪᠤᠭᠳᠠᠯ ᠤᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠳᠠ ᠬᠢᠨ᠎ᠠ᠃ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠤᠨ ᠡᠵᠡᠮᠳᠡᠬᠦ ᠬᠠᠷᠠᠯᠲᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠤᠨ ᠲᠣᠭᠲᠠᠭᠠᠨ᠎ᠠ᠃ ᠪᠦᠬᠦ ᠬᠤᠲᠠ ᠶᠢᠨ ᠴᠠᠬᠢᠯᠭᠠᠨ ᠬᠦᠴᠦᠨ ᠤ  ᠪᠡᠯᠡᠳᠬᠡᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠪᠦᠬᠦ ᠬᠤᠲᠠ ᠶᠢᠨ ᠴᠠᠬᠢᠯᠭᠠᠨ ᠬᠦᠴᠦᠨ ᠤ ᠠᠵᠢᠯ ᠲᠥᠷᠥᠯ ᠤᠨ ᠶᠠᠪᠤᠭᠳᠠᠯ ᠤᠨ ᠠᠶᠤᠯᠭᠦᠢ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠬᠤ ᠶᠢᠨ ᠬᠠᠮᠲᠤ ᠵᠢᠯᠣᠭᠤᠳᠤᠨ᠎ᠠ᠃ ᠠᠵᠤ ᠦᠢᠯᠡᠳᠪᠦᠷᠢ ᠶᠢᠨ ᠴᠠᠬᠢᠯᠭᠠᠨ ᠬᠦᠴᠦᠨ ᠤ ᠬᠡᠷᠡᠭᠴᠡᠭᠡ ᠶᠢ ᠬᠠᠵᠠᠭᠤ ᠠᠴᠠ ᠬᠠᠮᠢᠶᠠᠷᠬᠤ ᠠᠵᠢᠯ ᠢ ᠬᠠᠷᠢᠭᠤᠴᠠᠨ᠎ᠠ᠃       ︵ᠳᠣᠯᠤᠭ᠎ᠠ︶ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠤᠨ ᠴᠢᠳᠠᠮᠵᠢ ᠶᠢᠨ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠤ ᠠᠵᠢᠯ ᠲᠥᠷᠥᠯ ᠤᠨ ᠠᠵᠤ ᠠᠬᠤᠶ ᠶᠢᠨ ᠶᠠᠪᠤᠭᠳᠠᠯ ᠢ ᠬᠢᠨᠠᠨ ᠬᠡᠮᠵᠢᠵᠦ ᠵᠠᠳᠠᠯᠬᠤ ᠪᠠ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠬᠠᠷᠢᠭᠤᠴᠠᠨ᠎ᠠ᠃ ᠨᠡᠭᠦᠷᠡᠰᠦᠨ ᠤ ᠦᠢᠯᠡᠳᠪᠦᠷᠢᠯᠡᠯ ᠲᠡᠭᠡᠭᠡᠪᠦᠷᠢ ᠬᠡᠷᠡᠭᠴᠡᠭᠡ ᠶᠢ ᠵᠣᠯᠭᠠᠭᠤᠯᠬᠤ ᠠᠵᠢᠯ ᠢ ᠬᠠᠷᠢᠭᠤᠴᠠᠨ᠎ᠠ᠃       ︵ᠨᠠᠢᠮᠠ︶ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠪᠦᠬᠦ ᠬᠤᠲᠠ ᠶᠢᠨ ᠠᠵᠤ  ᠦᠢᠯᠡᠳᠪᠦᠷᠢ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠢ ᠬᠥᠭᠵᠢᠯᠲᠡ ᠵᠡᠷᠭᠡ ᠲᠥᠷᠦ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃       ︵ᠶᠢᠰᠦ︶ ᠠᠵᠤ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠲᠤᠭᠲᠠᠯᠴᠠᠭ᠎ᠠ ᠶᠢᠨ ᠪᠠᠶᠢᠭᠤᠯᠤᠯᠲᠠ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠠᠵᠤ ᠦᠢᠯᠡᠰᠵᠢᠬᠦ ᠶᠢ ᠠᠬᠢᠭᠤᠯᠤᠨ᠎ᠠ᠃ ᠠᠵᠤ  ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃       ︵ᠠᠷᠪᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠠᠵᠤ  ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠮᠡᠳᠡᠭᠡ ᠵᠠᠩᠭᠢᠵᠢᠯᠲᠠ ᠵᠢᠴᠢ ᠮᠡᠳᠡᠭᠡ ᠵᠠᠩᠭᠢ ᠶᠢᠨ ᠠᠮᠤᠷ ᠲᠦᠪᠰᠢᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠯᠧᠺᠲᠷᠣᠨ ᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠪᠡᠯᠡᠳᠬᠡᠮᠵᠢ ᠶᠢ ᠬᠠᠮᠲᠤ ᠪᠠᠷ ᠪᠠᠶᠢᠭᠤᠯᠬᠤ ᠵᠢᠴᠢ ᠰᠦᠯᠵᠢᠶᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠵᠣᠬᠢᠴᠠᠭᠤᠯᠤᠨ ᠵᠢᠯᠣᠭᠤᠳᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠠᠶᠢᠭᠤᠯᠤᠯᠲᠠ᠂ ᠶᠠᠪᠤᠭᠳᠠᠯ᠂ ᠬᠠᠮᠢᠶᠠᠷᠤᠯᠲᠠ ᠶᠢ ᠬᠠᠷᠢᠭᠤᠴᠠᠨ᠎ᠠ᠃       ︵ᠠᠷᠪᠠᠨ ᠨᠢᠭᠡ︶ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠵᠢᠴᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠦᠯᠦᠪᠵᠢᠭᠦᠯᠭᠡ ᠪᠠ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠮᠣ ᠳ᠋ᠠᠶᠢᠲ᠋ᠠ ᠶᠢᠨ ᠡᠯ᠎ᠡ ᠬᠦᠷᠢᠶ᠎ᠡ ᠬᠡᠪᠴᠢᠶᠡᠨ ᠳᠠᠬᠢ ᠬᠡᠷᠡᠭᠯᠡᠯᠲᠡ ᠶᠢ ᠬᠥᠲᠥᠯᠥᠨ ᠵᠢᠯᠣᠭᠤᠳᠴᠤ᠂ ᠬᠠᠮᠢᠶ᠎ᠠ ᠪᠦᠬᠦᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠡᠯᠧᠺᠲᠷᠦᠨ ᠵᠠᠰᠠᠭ ᠤᠨ ᠶᠠᠪᠤᠳᠠᠯ ᠤᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠨᠢᠭᠡᠳᠦᠯᠲᠡᠢ ᠲᠥᠯᠥᠪᠯᠡᠨ᠎ᠡ᠃ ᠪᠦᠬᠦ ᠬᠤᠲᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃       ︵ᠠᠷᠪᠠᠨ ᠬᠤᠶᠠᠷ︶ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ  ᠠᠬᠢᠭᠤᠯᠤᠨ᠎ᠠ᠃ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠬᠤᠷᠸ᠎ᠠ ᠵᠢᠯᠣᠭᠤᠳᠤᠯᠭ᠎ᠠ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ  ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠠᠵᠤ ᠦᠢᠯᠡᠳᠪᠦᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ᠎ᠠ᠃       ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠠᠵᠢᠯ ᠢ ᠪᠡᠶᠡᠯᠡᠭᠦᠯᠦᠨ᠎ᠡ᠃       ︵ᠠᠷᠪᠠᠨ ᠳᠥᠷᠪᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄       1 . ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃       ︵1︶ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠬᠥᠭᠵᠢᠯᠲᠡ ᠶᠢ ᠠᠬᠢᠭᠤᠯᠤᠨ᠂ ᠴᠢᠮᠡᠭᠡ ᠬᠤᠯᠪᠣᠭ᠎ᠠ ᠶᠢᠨ ᠲᠤᠤᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠲᠤᠤᠷ ᠰᠦᠯᠵᠢᠶ᠎ᠡ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃       ︵2︶ ᠬᠤᠲᠠ ᠶᠢᠨ ᠨᠠᠮ ᠤᠨ ᠬᠤᠷᠢᠶᠠᠨ ᠤ ᠢᠨᠲ᠋ᠧᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ ᠪᠦᠬᠦ ᠬᠤᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ᠃       2 . ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃       ︵1︶ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠤᠨ ᠴᠢᠳᠠᠮᠵᠢ ᠶᠢᠨ ᠡᠮᠬᠢ ᠳᠢᠭᠯᠢᠮ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠤ ᠠᠵᠤ ᠠᠬᠤᠶ ᠶᠢᠨ ᠶᠠᠪᠤᠭᠳᠠᠯ ᠤᠨ ᠪᠠᠶᠢᠳᠠᠯ ᠢ ᠬᠢᠨᠠᠨ ᠬᠡᠮᠵᠢᠵᠦ ᠵᠠᠳᠠᠯᠬᠤ ᠶᠢ ᠬᠠᠷᠢᠭᠤᠴᠠᠵᠤ᠂ ᠨᠡᠭᠦᠷᠡᠰᠦᠨ ᠤ ᠬᠠᠩᠭᠠᠯᠭ᠎ᠠ ᠳᠠᠬᠢ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃       ︵2︶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠦᠬᠦ ᠬᠤᠲᠠ ᠶᠢᠨ ᠨᠡᠭᠦᠷᠡᠰᠦᠨ ᠤ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠦᠬᠦ ᠬᠤᠲᠠ ᠶᠢᠨ ᠨᠡᠭᠦᠷᠡᠰᠦᠨ ᠠᠭᠤᠷᠬᠠᠶ᠂ ᠨᠡᠭᠦᠷᠡᠰᠦ ᠤᠬᠢᠶᠠᠬᠤ ᠦᠢᠯᠡᠳᠪᠦᠷᠢ᠂ ᠨᠡᠭᠦᠷᠡᠰᠦᠨ ᠳᠠᠪᠬᠤᠷᠭ᠎ᠠ ᠶᠢᠨ ᠬᠡᠢ ᠵᠡᠷᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ᠂ ᠳᠠᠩᠰᠠᠯᠠᠬᠤ ᠵᠢᠴᠢ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ ᠠᠵᠢᠯ ᠢ ᠬᠠᠷᠢᠭᠤᠴᠠᠨ᠎ᠠ᠃ ᠨᠡᠭᠦᠷᠡᠰᠦᠨ ᠠᠭᠤᠷᠬᠠᠶ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠭᠠᠰ ᠢ ᠰᠤᠭᠤᠴᠢᠨ ᠠᠪᠴᠤ ᠠᠰᠢᠭᠯᠠᠬᠤ᠂ ᠪᠣᠬᠢᠷᠲᠤᠯ ᠦᠭᠡᠶ ᠳᠦᠭᠦᠷᠭᠡᠨ ᠮᠠᠯᠲᠠᠬᠤ᠂ ᠵᠠᠳᠠᠭᠠᠶ ᠨᠡᠭᠦᠷᠡᠰᠦᠨ ᠠᠭᠤᠷᠬᠠᠶ ᠶᠢᠨ ᠬᠦᠪᠡᠭᠡ ᠳᠠᠬᠢ ᠬᠠᠪᠰᠤᠷᠴᠤ ᠡᠭᠡᠭᠦᠯᠦᠨ ᠬᠤᠷᠢᠶᠠᠬᠤ ᠵᠡᠷᠭᠡ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠰᠢᠯᠭᠠᠨ ᠠᠪᠬᠤ ᠵᠢᠴᠢ ᠬᠢᠨᠠᠨ ᠬᠠᠷᠭᠤᠭᠤᠯᠵᠤ ᠰᠢᠯᠵᠢᠭᠦᠯᠦᠨ ᠮᠡᠳᠡᠭᠦᠯᠬᠦ ᠵᠡᠷᠭᠡ ᠠᠵᠢᠯ ᠢ ᠡᠭᠦᠷᠭᠡᠯᠡᠨ᠎ᠡ᠃ ᠨᠡᠭᠦᠷᠡᠰᠦᠨ ᠤ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠵᠢᠴᠢ ᠲᠡᠷᠢᠭᠦᠨ ᠤ ᠮᠡᠷᠭᠡᠵᠢᠯ᠂ ᠤᠷ᠎ᠠ ᠳᠠᠷᠬ᠎ᠠ᠂ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠬᠢᠬᠦ ᠪᠠ ᠲᠦᠯᠡᠰᠢ ᠶᠢᠨ ᠡᠲ᠋ᠢᠯ ᠠᠯᠺᠣᠣᠯ ᠤᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃  
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ