ᠬᠦᠯᠦᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠪᠠᠶᠢᠭᠤᠯᠭ᠎ᠠ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/9
      ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︵ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠭᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ              ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠦ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠦ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠶᠠᠪᠤᠳᠠᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠲᠥᠷᠥᠯ ᠵᠦᠢᠯ ᠤᠨ ᠨᠥᠭᠡᠴᠡ ᠶᠢ ᠳᠡᠭᠡᠭᠰᠢ ᠮᠡᠳᠡᠭᠦᠯᠬᠦ ᠵᠢᠴᠢ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤ ︵ᠬᠤᠲᠠ᠂ ᠲᠣᠭᠤᠷᠢᠭ︶ ᠶᠢᠨ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃       ︵ᠬᠤᠶᠠᠷ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠬᠤ᠂ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠨᠡᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠬᠡᠮᠯᠢᠭ᠂  ᠨᠡᠶᠢᠬᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠬᠡᠮ ᠤᠨ ᠵᠣᠬᠢᠶᠠᠨ ᠪᠠᠢᠭᠤᠯᠤᠯᠲᠠ ᠶᠢ ᠳᠠᠩᠰᠠᠯᠠᠨ ᠬᠠᠮᠢᠶᠠᠷᠬᠤ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠬᠡᠮ ᠤᠨ ᠵᠣᠬᠢᠶᠠᠨ ᠪᠠᠢᠭᠤᠯᠤᠯᠲᠠ ᠶᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠬᠡᠮ ᠤᠨ ᠵᠣᠬᠢᠶᠠᠨ ᠪᠠᠢᠭᠤᠯᠤᠯᠲᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠬᠤᠲᠠ ᠶᠢᠨ ᠲᠣᠰ ᠱᠠᠲᠤᠨ ᠤ ᠰᠢᠭᠤᠳ ᠳᠠᠩᠰᠠᠯᠠᠨ ᠬᠠᠮᠢᠶᠠᠷᠴᠤ ᠪᠠᠶᠢᠭ᠎ᠠ ᠨᠡᠶᠢᠬᠡᠮ ᠤᠨ ᠵᠣᠬᠢᠶᠠᠨ ᠪᠠᠢᠭᠤᠯᠤᠯᠲᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠢ ᠬᠠᠷᠢᠭᠤᠴᠠᠨ᠎ᠠ᠃       ︵ᠭᠤᠷᠪᠠ︶ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠬᠠᠷᠠᠭᠠᠯᠵᠠᠬᠤ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠯ ᠤᠨ ᠢᠷᠡᠯᠲᠡ ᠥᠬᠡᠶ ᠲᠡᠨᠦᠭᠦᠯ ᠭᠤᠶᠤᠯᠭᠠᠴᠢᠳ ᠢ ᠠᠪᠤᠷᠠᠨ ᠲᠤᠰᠠᠯᠠᠬᠤ ᠠᠵᠢᠯ ᠢ ᠵᠢᠯᠣᠭᠤᠳᠤᠨ᠎ᠠ᠃       ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠣᠯᠤᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠ ᠬᠤᠲᠠ ᠬᠥᠳᠡᠭᠡ ᠶᠢᠨ ᠨᠡᠶᠢᠬᠡᠮ ᠲᠣᠭᠤᠷᠢᠭ ᠤᠨ ᠵᠠᠰᠠᠯᠲᠠ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠬᠡᠮ ᠲᠣᠭᠤᠷᠢᠭ ᠤᠨ ᠵᠠᠰᠠᠯᠲᠠ ᠶᠢᠨ ᠲᠤᠭᠲᠠᠯᠴᠠᠭ᠎ᠠ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠠ ᠰᠠᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠦ ᠶᠢᠨ ᠪᠠᠶᠢᠭᠤᠯᠤᠯᠳᠠ ᠶᠢ ᠠᠬᠢᠭᠤᠯᠤᠨ᠎ᠠ᠃       ︵ᠲᠠᠪᠤ︶ ᠣᠷᠣᠨ ᠬᠤᠪᠢᠶᠠᠷᠢᠯᠠᠯ᠂ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠪᠦᠰᠡ ᠶᠢᠨ ᠵᠠᠭᠠᠭ ᠤᠨ ᠬᠠᠮᠢᠶᠠᠷᠤᠯᠳᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠵᠤ᠂ ᠪᠦᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠣᠷᠤᠭ ᠬᠤᠷᠢᠮ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠦᠢᠯᠡᠴᠢᠯᠡᠬᠡᠨ ᠤ ᠵᠢᠷᠤᠮᠵᠢᠯ ᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠤᠭ ᠬᠤᠷᠢᠮ ᠂ ᠣᠷᠣᠰᠢᠭᠤᠯᠭ᠎ᠠ ᠶᠢᠨ ᠵᠠᠩ ᠦᠢᠯᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠪᠥᠬᠦ ᠬᠤᠲᠠ ᠶᠢᠨ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃       ︵ᠳᠣᠯᠤᠭ᠎ᠠ︶ ᠨᠠᠰᠤᠵᠢᠯ ᠤᠨ ᠦᠢᠯᠡᠴᠢᠯᠡᠬᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠨᠠᠰᠤᠵᠢᠯ ᠤᠨ ᠦᠢᠯᠡᠴᠢᠯᠡᠬᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠵᠤ ᠬᠠᠮᠢᠶᠠᠷᠤᠨ᠂ ᠨᠠᠰᠤᠵᠢᠯ ᠤᠨ ᠦᠢᠯᠡᠴᠢᠯᠡᠬᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠲᠦᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠤᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃       ︵ᠨᠠᠢᠮᠠ︶ ᠬᠡᠦᠬᠡᠳ ᠤᠨ ᠠᠰᠠᠷᠠᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠥᠨᠥᠴᠢᠨ ᠬᠠᠶᠠᠭᠳᠠᠭᠰᠠᠨ ᠬᠡᠦᠬᠡᠳ ᠤᠨ ᠪᠠᠲᠤᠯᠠᠭ᠎ᠠ᠂ ᠬᠡᠦᠬᠡᠳ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ᠂ ᠰᠢᠭᠤᠶᠢᠲᠤ ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠤᠭᠳᠠᠯᠴᠠᠭ᠎ᠠ  ᠪᠠ ᠬᠦᠴᠢᠷᠳᠡᠯᠳᠡᠢ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃       ︵ᠶᠢᠰᠦ︶ ᠨᠢᠭᠦᠯᠡᠰᠦᠩᠭᠦᠶ ᠶᠢᠨ ᠦᠢᠯᠡᠰ ᠪᠠ ᠨᠡᠶᠢᠭᠡᠮ ᠤᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠨᠡᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠴᠤ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷᠠᠴᠢᠳ ᠤᠨ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃       ︵ᠠᠷᠪᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠬᠡᠬᠦ ᠪᠤᠰᠤᠳ ᠠᠵᠢᠯ ᠢ ᠪᠡᠶᠡᠯᠡᠭᠦᠯᠦᠨ᠎ᠡ᠃       ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠬᠡᠦᠬᠡᠳ ᠵᠡᠷᠭᠡ ᠣᠨᠴᠣᠭᠤᠶ ᠣᠯᠠᠨ ᠲᠦᠮᠡᠨ ᠳᠤ ᠨᠡᠶᠢᠭᠡᠮ ᠤᠨ ᠦᠨᠳᠦᠰᠦᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠪᠠ ᠭᠤᠭᠴᠤᠭ᠎ᠠ ᠳᠠᠰᠢ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠶ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃       ︵ᠠᠷᠪᠠᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄       ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄       1 . ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠨᠢ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ  ᠤᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃       2 . ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ᠂ ᠡᠮᠴᠢᠯᠡᠭᠡ ᠨᠠᠰᠤᠵᠢᠯ ᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠨ ᠲᠤᠭᠤᠷᠪᠢᠵᠤ᠂ ᠨᠠᠰᠤᠲᠠᠶᠢᠴᠤᠳ ᠤᠨ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠢ ᠡᠮᠨᠡᠨ ᠬᠠᠷᠠᠭᠠᠯᠵᠠᠵᠤ ᠰᠤᠪᠢᠯᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠯᠠᠮᠵᠢᠯᠠᠨ ᠦᠢᠯᠡᠴᠢᠯᠡᠬᠦ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ