ᠬᠦᠯᠦᠨ ᠪᠤᠶᠢᠷ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠤᠮᠵᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2022/11/9
      ᠬᠥᠯᠥᠨ ᠪᠤᠶᠢᠷ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠭᠢᠨᠢ ᠭᠠᠵᠠᠷ ᠤᠨ ᠲᠠᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ         ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠯᠲᠠ ᠲᠠᠯᠪᠢᠨ ᠪᠠᠢᠴᠠᠭᠠᠨ᠎ᠠ᠃ ᠬᠤᠰᠢᠭᠤ ᠬᠤᠲᠠ ᠲᠣᠭᠤᠷᠢᠭ ᠤᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃       ︵ᠬᠤᠶᠠᠷ︶ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠯᠦᠪᠵᠢᠭᠦᠯᠭᠡ᠂ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠦᠯᠦᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠭᠤᠷᠪᠠ︶ ᠠᠵᠢᠯ ᠣᠯᠭᠤᠵᠤ ᠠᠳᠠᠯ ᠦᠢᠯᠡᠰ ᠪᠣᠰᠬᠠᠬᠤ ᠶᠢ ᠠᠬᠢᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠢ ᠲᠦᠯᠦᠪᠯᠡᠬᠦ ᠬᠡᠷᠡᠭᠵᠢᠭᠦᠯᠬᠦ ᠰᠠᠨᠠᠯ ᠢ ᠲᠤᠭᠤᠷᠪᠢᠨ ᠲᠣᠭᠲᠠᠭᠠᠵᠤ᠂ ᠣᠯᠠᠨ ᠨᠡᠢᠲᠡ ᠶᠢᠨ ᠠᠵᠢᠯ ᠣᠯᠭᠤᠬᠤ ᠦᠢᠯᠡᠰ ᠪᠣᠰᠬᠠᠬᠤ ᠦᠢᠯᠡᠴᠢᠯᠡᠭᠡᠨ ᠤ ᠲᠤᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠦᠬᠦ ᠬᠤᠲᠠ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠵᠢᠴᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ᠂ ᠲᠤᠬᠠᠶᠢᠯᠠᠭᠰᠠᠨ ᠠᠵᠢᠯ ᠤᠨ  ᠴᠢᠳᠠᠪᠤᠷᠢ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠢᠨᠠᠨ ᠲᠣᠭᠲᠠᠭᠠᠬᠤ ᠪᠠᠶᠢᠭᠤᠯᠤᠮᠵᠢ ᠶᠢ ᠬᠢᠨᠠᠨ ᠵᠥᠪᠰᠢᠶᠡᠷᠡᠵᠦ ᠬᠢᠨᠠᠬᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠠᠵᠢᠯ ᠣᠯᠭᠤᠬᠤ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃       ︵ᠳᠥᠷᠪᠡ︶ ᠨᠡᠶᠢᠭᠡᠮ ᠤᠨ ᠪᠠᠲᠤᠯᠠᠭ᠎ᠠ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠢ ᠬᠠᠷᠢᠭᠤᠴᠠᠨ᠎ᠠ᠃ ᠨᠠᠰᠤᠵᠢᠯ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠬᠢᠨᠠᠯᠲᠠ ᠲᠠᠯᠪᠢᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠪᠣᠯᠤᠨ ᠬᠢᠨᠠᠯᠲᠠ ᠲᠠᠯᠪᠢᠬᠤ ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠨᠡᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠪᠦᠬᠦ ᠬᠤᠲᠠ ᠶᠢᠨ ᠬᠠᠮᠢᠶ᠎ᠠ ᠪᠦᠬᠦᠢ ᠨᠡᠶᠢᠬᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠲᠥᠷᠦ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠬᠤ ᠬᠡᠷᠡᠭᠲᠡᠶ᠃ ᠪᠦᠬᠦ ᠬᠤᠲᠠ ᠶᠢᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃       ︵ᠲᠠᠪᠤ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠪᠡᠯᠡ ᠮᠥᠩᠭᠦ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠦᠨᠳᠦᠰᠦᠨ ᠨᠠᠰᠤᠵᠢᠯ ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠪᠣᠯᠤᠨ ᠠᠵᠢᠯ ᠣᠯᠭᠤᠬᠤ ᠲᠤᠰᠬᠠᠶ ᠵᠦᠢᠯ ᠤᠨ ᠪᠡᠯᠡ ᠮᠥᠩᠭᠦ᠂ ᠴᠢᠳᠠᠪᠤᠷᠢᠲᠠᠨ ᠨᠡᠭᠡᠭᠡᠨ ᠬᠦᠭᠵᠢᠭᠦᠯᠬᠦ ᠪᠡᠯᠡ ᠮᠥᠩᠭᠦ ᠵᠡᠷᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠠᠬᠤᠶᠢᠯᠠᠯ ︵ᠠᠵᠢᠯ ᠮᠡᠷᠭᠡᠵᠢᠯ︶ ᠤᠨ ᠣᠨ ᠤ ᠮᠥᠩᠭᠦ᠂ ᠬᠤᠪᠢ ᠬᠥᠮᠦᠨ ᠤ ᠬᠠᠳᠠᠭᠠᠯᠠᠮᠵᠢ ᠶᠢᠨ ᠴᠢᠨᠠᠷᠲᠠᠶ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠡᠵᠡᠩᠨᠡᠯᠲᠡ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠡᠶᠢᠭᠡᠮ ᠤᠨ ᠳᠠᠭᠠᠳᠬᠠᠯ ᠢ ᠭᠠᠷᠳᠠᠨ ᠬᠢᠬᠦ ᠲᠤᠬᠠᠶᠢᠯᠠᠭᠰᠠᠨ ᠠᠵᠢᠯ ᠤᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠨ᠎ᠠ᠃ ᠰᠠᠭᠤᠷᠢ ᠮᠥᠩᠭᠦ ᠪᠡᠯᠡ ᠮᠥᠩᠭᠦ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠢᠰᠲ᠋ᠧᠮ ᠢ ᠪᠠᠶᠢᠭᠤᠯᠤᠨ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠭᠦᠢᠴᠡᠳᠬᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠰᠠᠬᠢᠯᠭ᠎ᠠ ᠪᠠᠲᠤ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠪᠦᠬᠦ ᠬᠤᠲᠠ ᠶᠢᠨ ᠠᠵᠢᠯ ᠤᠯᠭᠤᠯᠲᠠ᠂ ᠠᠵᠢᠯ ᠠᠯᠳᠠᠯᠲᠠ ᠪᠠ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠲᠥᠰᠦᠭᠡᠯᠡᠵᠦ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠵᠡᠷᠭᠡ ᠠᠵᠢᠯ ᠢ ᠬᠠᠷᠢᠭᠤᠴᠠᠨ᠎ᠠ᠃       ︵ᠵᠢᠷᠭᠤᠭ᠎ᠠ︶ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠬᠤᠭᠤᠴᠠᠭᠠᠨ ᠤ ᠳᠦᠷᠢᠮ ᠪᠣᠯᠤᠨ ᠬᠡᠦᠬᠡᠳ ᠠᠵᠢᠯᠴᠢᠨ᠂ ᠡᠮᠡᠭᠲᠡᠶ ᠠᠵᠢᠯᠴᠢᠨ ᠵᠢᠴᠢ ᠨᠠᠰᠤᠨ ᠳᠤ ᠬᠦᠷᠦᠭᠡᠳᠦᠶ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠣᠨᠴᠣᠭᠤᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃       ︵ᠳᠣᠯᠤᠭ᠎ᠠ︶ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠤᠷ᠎ᠠ ᠮᠡᠷᠭᠡᠰᠢᠯᠳᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠲᠦᠷᠦᠭᠦᠯᠡᠨ ᠠᠬᠢᠭᠤᠯᠵᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠫᠤᠰᠲ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠳᠡᠭᠡᠳᠤ ᠲᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠤᠩᠭᠤᠨ ᠳᠡᠪᠰᠢᠭᠦᠯᠬᠦ᠂ ᠬᠥᠮᠦᠵᠢᠭᠦᠯᠬᠦ ᠪᠠ ᠫᠤᠰᠲ ᠳ᠋ᠣᠺᠲ᠋ᠣᠷ ᠤᠨ ᠬᠠᠮᠢᠶᠠᠷᠤᠯᠲᠠ᠂ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠬᠥᠮᠦᠰ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠤᠯᠤᠰ ᠠᠴᠠ ︵ᠬᠢᠯᠢ︶ ᠭᠠᠳᠠᠨᠠᠬᠢ ᠲᠤᠰᠬᠠᠶ ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠢ ᠲᠠᠲᠠᠵᠤ ᠬᠤᠲᠠ ︵ᠬᠤᠲᠠ ᠳᠠᠭᠠᠨ ᠪᠤᠴᠠᠬᠤ︶ ᠳᠤ ᠠᠵᠢᠯᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠡᠰᠡᠭ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠬᠠᠷᠢᠭᠤᠴᠠᠨ᠎ᠠ᠃ ᠬᠤᠲᠠ ᠶᠢᠨ ᠴᠢᠳᠠᠪᠤᠷᠢᠲᠠᠨ ᠤ ᠨᠡᠭᠡᠭᠡᠯᠲᠡ ᠶᠢᠨ ᠰᠠᠭᠤᠷᠢ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ᠂ ᠤᠷᠮᠠᠰᠢᠭᠤᠯᠬᠤ ᠪᠠ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠣᠯᠠᠨ ᠡᠰᠢᠵᠢᠭᠰᠡᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠶ᠃       ︵ᠨᠠᠢᠮᠠ︶ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠳᠡᠰ ᠳᠠᠷᠠᠭᠠᠯᠠᠯ ᠳᠠᠬᠢ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠤᠷᠤᠭᠤᠯᠬᠤ ᠲᠥᠷᠦ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃  ᠲᠤᠭᠲᠠᠭᠰᠠᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠢᠯᠡ ᠪᠠᠷ ᠡᠯᠰᠡᠬᠦ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠠᠪᠤᠳᠠᠯ ᠢ ᠬᠠᠷᠢᠭᠤᠴᠠᠬᠤ ᠬᠡᠷᠡᠭᠲᠡᠶ᠃ ᠬᠠᠮᠢᠶ᠎ᠠ ᠪᠦᠬᠦᠢ ᠠᠵᠢᠯᠲᠠᠨ ᠢ ᠰᠢᠯᠵᠢᠭᠦᠯᠦᠨ ᠲᠣᠬᠢᠷᠠᠭᠤᠯᠬᠤ᠂ ᠰᠠᠯᠠᠭᠠᠨ ᠲᠠᠰ ᠤᠨ ᠺᠠᠳ᠋ᠷ ᠢ ᠲᠣᠮᠢᠯᠠᠬᠤ ᠪᠠ ᠪᠠᠭᠤᠯᠭᠠᠬᠤ᠂ ᠠᠵᠢᠯ ᠠᠴᠠ ᠨᠢ ᠪᠠᠭᠤᠯᠭᠠᠵᠤ ᠤᠷᠢᠨ ᠬᠡᠷᠡᠭᠯᠡᠬᠦ ᠶᠢ ᠨᠢ ᠵᠣᠭᠰᠣᠭᠠᠬᠤ ᠵᠡᠷᠭᠡ ᠶᠠᠪᠤᠳᠠᠯ ᠢ ᠬᠠᠷᠢᠭᠤᠴᠠᠨ᠎ᠠ᠃ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠬᠢᠨᠠᠨ ᠰᠢᠯᠭᠠᠬᠤ᠂ ᠱᠠᠩᠨᠠᠵᠤ ᠲᠣᠷᠭᠠᠬᠤ᠂ ᠭᠤᠮᠣᠳᠠᠯ ᠲᠣᠭᠠᠴᠢᠬᠤ᠂ ᠪᠣᠯᠪᠠᠰᠤᠷᠠᠭᠤᠯᠬᠤ ᠵᠡᠷᠭᠡ ᠶᠠᠪᠤᠳᠠᠯ ᠢ ᠬᠠᠷᠢᠭᠤᠴᠠᠨ᠎ᠠ᠃ ᠬᠥᠬᠢᠭᠦᠯᠦᠨ ᠱᠠᠩᠨᠠᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃       ︵ᠶᠢᠰᠦ︶ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠤᠨ ᠲᠣᠭᠲᠠᠭᠠᠯ᠂ ᠬᠡᠪ ᠤᠨ ᠨᠡᠮᠡᠭᠳᠡᠯ ᠪᠣᠯᠤᠨ ᠣᠯᠭᠤᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠤᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠠᠰᠠᠷᠠᠮᠵᠢ ᠪᠣᠯᠤᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃       ︵ᠠᠷᠪᠠ︶ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃      ︵ᠠᠷᠪᠠᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠬᠡᠬᠦ ᠪᠤᠰᠤᠳ ᠠᠵᠢᠯ ᠢ ᠪᠡᠶᠡᠯᠡᠭᠦᠯᠦᠨ᠎ᠡ᠃       ︵ᠠᠷᠪᠠᠨ ᠬᠤᠶᠠᠷ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ  ᠳᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠠᠳᠠᠭᠰᠢ ᠭᠦᠢᠴᠡᠳᠬᠡᠬᠦ ᠵᠦᠢᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃       ︵ᠠᠷᠪᠠᠨ ᠭᠤᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠵᠥᠪᠰᠢᠶᠡᠷᠡᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠲᠠᠯ᠎ᠠ ᠪᠠᠷ᠂ A ᠲᠥᠷᠥᠯ ᠪᠠ B ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ C ᠲᠥᠷᠥᠯ ᠤᠨ ᠠᠵᠢᠯᠲᠠᠨ ᠤ ᠠᠵᠢᠯ ᠤᠨ ᠵᠥᠪᠰᠢᠶᠡᠷᠡᠯ ᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠂ ᠬᠤᠶᠠᠷ ᠰᠠᠯᠠᠭ᠎ᠠ ᠮᠥᠴᠢᠷ ᠠᠵᠢᠯ ᠤᠨ ᠵᠥᠪᠰᠢᠶᠡᠷᠡᠯ ᠣᠯᠭᠤᠬᠤ ᠠᠴᠠ ᠡᠮᠦᠨ᠎ᠡ ᠴᠥᠮ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠠᠷ ᠤᠨ ᠥᠰᠥᠭ ᠵᠢᠷᠤᠬᠤ ᠬᠡᠷᠡᠭᠲᠡᠶ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ