ᠠᠯᠠᠭ ᠦᠬᠡᠢ ᠰᠡᠳᠬᠢᠯ ᠢᠶᠠᠷ ᠵᠢᠳᠬᠦᠭᠴᠢ ᠠᠷᠠᠳ ᠤᠨ ᠰᠠᠶᠢᠨ ᠡᠮᠴᠢ ᠴᠢᠯᠠᠭᠤᠨᠪᠠᠭᠠᠳᠤᠷ
ᠨᠡᠶᠢᠲᠡᠯᠡᠭᠰᠡᠨ ᠴᠠᠭ᠄
2022/12/10

      ᠴᠢᠯᠠᠭᠤᠨᠪᠠᠭᠠᠳᠤᠷ ᠢ ᠬᠦᠯᠦᠨ ᠪᠤᠶᠢᠷ ᠤᠨ ᠪᠠᠷᠭᠤᠴᠤᠳ ᠯᠠ ᠲᠡᠳᠦᠢ ᠦᠭᠡᠢ ᠲᠠᠶᠠᠭᠠᠷ ᠢᠶᠠᠨ ᠰᠠᠶᠢᠨ ᠲᠠᠨᠢᠨ᠎ᠠ᠃ ᠴᠢᠨᠠᠭᠰᠢᠯᠠᠪᠠᠯ ᠮᠤᠩᠭᠤᠯ ᠤᠯᠤᠰ ᠲᠤ ᠴᠦ

ᠲᠡᠬᠦᠨ ᠢ ᠲᠠᠨᠢᠬᠤ ᠬᠦᠮᠦᠨ ᠠᠷᠪᠢᠨ ᠪᠤᠢ᠃ ᠤᠯᠠᠨ ᠤ ᠲᠠᠨᠢᠯ ᠪᠤᠯᠤᠭᠰᠠᠨ ᠴᠢᠯᠠᠭᠤᠨᠪᠠᠭᠠᠳᠤᠷ ᠪᠣᠯ ᠦᠨᠳᠦᠷ ᠪᠡᠶ᠎ᠡ ᠲᠠᠢ᠂ ᠦᠭᠡᠳᠡᠷᠭᠡᠭ ᠴᠢᠷᠠᠢ ᠲᠠᠢ᠂ ᠠᠰᠪᠤᠷᠢ

ᠵᠠᠩ ᠲᠠᠢ᠂ ᠴᠠᠶᠢᠯᠭᠠᠨ ᠰᠠᠨᠠᠭ᠎ᠠ ᠲᠠᠢ᠂ ᠦᠷᠦᠪᠴᠢ ᠰᠡᠳᠬᠢᠯ ᠲᠠᠢ᠂ ᠲᠡᠯᠭᠡᠷ ᠮᠡᠳᠡᠯᠭᠡ ᠲᠠᠢ᠂ ᠲᠡᠭᠡᠳᠦ ᠮᠡᠷᠭᠡᠵᠢᠯ ᠲᠠᠢ᠂ ᠦᠢᠯᠡᠳᠦᠯᠭᠡ ᠲᠤᠷᠰᠢᠯᠭ᠎ᠠ ᠲᠠᠢ᠂ ᠦᠨᠡᠨᠴᠢ ᠤᠪᠤᠷ

ᠲᠦᠪ ᠰᠤᠷᠳᠠᠯ ᠲᠠᠢ ᠪᠠᠷᠭᠤ ᠮᠤᠩᠭᠤᠯ᠂ ᠲᠦᠮᠡᠨ ᠤᠯᠠᠨ ᠳᠠᠭᠠᠨ ᠬᠦᠷᠢᠶᠡᠯᠡᠯ ᠲᠠᠢ᠂ ᠲᠦᠷᠦ ᠬᠦᠷᠦᠨ ᠳᠡᠭᠡᠨ ᠵᠢᠳᠬᠦᠯ ᠲᠠᠢ ᠲᠡᠷᠢᠬᠦᠨ ᠤ ᠰᠢᠯᠢᠳᠡᠭ ᠬᠦᠮᠦᠨ᠂ ᠭᠤᠴᠦ

ᠰᠠᠶᠢᠬᠠᠨ ᠮᠤᠩᠭᠤᠯ ᠡᠮᠴᠢ ᠪᠢᠯᠡ᠃ ᠲᠡᠷᠡᠪᠠᠷ᠂ 1959 ᠤᠨ ᠳᠤ ᠰᠢᠨ᠎ᠡ ᠪᠠᠷᠭᠤ ᠵᠡᠬᠦᠨ ᠬᠤᠰᠢᠭᠤᠨ ᠤ ᠭᠠᠯᠪᠠᠷ ᠰᠤᠮᠤ ᠶᠢᠨ ᠦᠵᠦᠨ ᠬᠠᠯᠠ ᠲᠠᠢ ᠭᠧᠨᠳᠡᠩ ᠤᠨ

ᠤᠤᠭᠠᠨ ᠬᠦᠪᠡᠬᠦᠨ ᠪᠤᠯᠤᠨ ᠵᠠᠶᠠᠭᠠᠵᠠᠢ᠃ 1977 ᠤᠨ ᠳᠤ ᠭᠠᠯᠪᠠᠷ ᠰᠤᠮᠤᠨ ᠤ ᠪᠠᠨ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢ ᠲᠡᠬᠦᠰᠦᠭᠡᠳ᠂ ᠬᠦᠳᠡᠭᠡ

ᠰᠡᠭᠡᠭᠡᠳᠡᠨ ᠢᠶᠠᠷ ᠪᠠᠭᠤᠵᠤ᠂ ᠵᠢᠯ ᠤᠨ ᠲᠠᠷᠠᠭ᠎ᠠ᠂ ᠳᠠᠷᠤᠢ 1978 ᠤᠨ ᠳᠤ ᠤᠯᠤᠰ ᠤᠨ ᠰᠢᠯᠭᠠᠯᠳᠠ ᠳᠤ ᠤᠷᠤᠯᠴᠠᠭᠠᠳ ᠦᠪᠦᠷ ᠮᠤᠩᠭᠤᠯ ᠤᠨ ᠡᠮᠨᠡᠯᠭᠡ ᠶᠢᠨ

ᠲᠡᠭᠡᠳᠦ ᠰᠤᠷᠭᠠᠭᠤᠯᠢ ᠶᠢᠨ ᠬᠢᠳᠡᠳ ᠮᠤᠩᠭᠤᠯ ᠡᠮᠨᠡᠯᠭᠡ ᠶᠢᠨ ᠰᠠᠯᠪᠤᠷᠢ ᠶᠢᠨ ᠮᠤᠩᠭᠤᠯ ᠡᠮᠨᠡᠯᠭᠡ ᠶᠢᠨ ᠠᠩᠬᠢ ᠳᠤ ᠡᠯᠰᠡᠭᠳᠡᠨ ᠤᠷᠤᠵᠠᠢ᠃ ᠶᠡᠭᠡ ᠰᠤᠷᠭᠠᠭᠤᠯᠢ ᠳᠤ

ᠪᠠᠶᠢᠬᠤ ᠬᠤᠭᠤᠴᠠᠭᠠᠨ ᠳᠠᠭᠠᠨ ᠮᠤᠩᠭᠤᠯ ᠠᠨᠠᠭᠠᠬᠤ ᠤᠬᠠᠭᠠᠨ ᠢ ᠰᠢᠰᠲ᠋ᠧᠮ ᠲᠠᠢ ᠰᠠᠶᠢᠳᠤᠷ ᠰᠤᠷᠴᠦ ᠡᠵᠡᠮᠰᠢᠭᠡᠳ᠂ 1983 ᠤᠨ ᠳᠤ ᠰᠢᠯᠢᠳᠡᠭ ᠬᠢᠷᠢ

ᠪᠦᠳᠦᠮᠵᠢ ᠪᠠᠷ ᠲᠡᠬᠦᠰᠴᠦ᠂ ᠬᠦᠯᠦᠨ ᠪᠤᠶᠢᠷ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠮᠤᠩᠭᠤᠯ ᠡᠮᠨᠡᠯᠭᠡ ᠶᠢᠨ ᠰᠠᠯᠠᠭᠠᠨ ᠳᠤ ᠠᠵᠢᠯ ᠬᠤᠪᠢᠶᠠᠭᠳᠠᠨ᠂

ᠬᠦᠴᠢᠷ ᠪᠡᠷᠭᠡᠰᠢᠶᠠᠯ ᠲᠠᠢ ᠬᠦᠨᠳᠦ ᠮᠦᠷᠳᠡᠭᠡᠨ ᠦᠩᠭᠡ ᠭᠡᠷᠡᠯ ᠲᠠᠢ ᠲᠠᠷᠬᠠᠨ ᠡᠬᠦᠷᠭᠡ ᠶᠢ ᠬᠦᠯᠢᠶᠡᠵᠦ᠂ ︽ᠡᠩᠭᠡ ᠶᠢᠨ ᠡᠯᠴᠢ︾ ᠪᠤᠯᠬᠤ ᠵᠠᠮ ᠢᠶᠠᠨ ᠡᠯᠬᠦᠵᠡᠢ᠃

ᠠᠵᠢᠯ ᠤᠨ ᠭᠠᠷᠤᠭ᠎ᠠ ᠪᠠᠨ ᠠᠪᠤᠭᠰᠠᠨ ᠡᠳᠦᠷ ᠠᠴᠠ ᠡᠬᠢᠯᠡᠨ ᠦᠪᠡᠷ ᠢ ᠪᠠᠨ ᠴᠢᠩᠭ᠎ᠠ ᠱᠠᠭᠠᠷᠳᠠᠵᠤ᠂ ᠰᠤᠷᠤᠭᠰᠠᠨ ᠮᠡᠳᠡᠯᠭᠡ ᠪᠠᠨ ᠦᠢᠯᠡᠳᠦᠯᠭᠡᠵᠢᠬᠦᠯᠵᠦ ᠲᠦᠷᠭᠡᠨ

ᠲᠠᠪᠳᠠᠨ ᠪᠤᠯᠪᠠᠰᠤᠷᠠᠵᠤ᠂ ᠦᠳᠳᠡᠷ ᠲᠡᠭᠡᠭᠰᠢᠯᠡᠨ ᠲᠠᠪᠰᠢᠵᠡᠢ᠃ 1992 ᠤᠨ ᠳᠤ ᠮᠤᠩᠭᠤᠯ ᠡᠮᠨᠡᠯᠭᠡ ᠶᠢᠨ ᠰᠠᠯᠠᠭᠠᠨ ᠤ ᠪᠠᠨ ᠡᠷᠬᠢᠯᠡᠭᠴᠢ ᠪᠤᠯᠪᠠ᠃ 2003

ᠤᠨ ᠳᠤ ᠡᠷᠬᠢᠯᠡᠭᠴᠢ ᠡᠮᠴᠢ ᠶᠢᠨ ᠴᠤᠯᠠ ᠬᠠᠮᠠᠭᠠᠯᠠᠪᠠ᠃ 2015 ᠤᠨ ᠤ 5 ᠰᠠᠷ᠎ᠡ ᠳᠤ ᠬᠦᠯᠦᠨ ᠪᠤᠶᠢᠷ ᠬᠤᠳᠠ ᠶᠢᠨ ᠮᠤᠩᠭᠤᠯ ᠡᠮᠨᠡᠯᠭᠡ ᠶᠢᠨ ᠬᠤᠷᠢᠶᠠᠨ ᠳᠤ

ᠠᠵᠢᠯ ᠰᠢᠯᠵᠢᠨ ᠲᠡᠳ᠋ ᠬᠤᠷᠢᠶᠠᠨ ᠲᠠᠷᠤᠭ᠎ᠠ ᠪᠠᠷ ᠠᠵᠢᠯᠯᠠᠵᠤ ᠪᠤᠢ᠃ 35 ᠵᠢᠯ ᠤᠨ ᠲᠤᠷᠰᠢ ᠲᠡᠭᠰᠢᠳᠭᠡᠨ ᠪᠤᠳᠤᠪᠠᠯ ᠵᠢᠯ ᠪᠦᠷᠢ 8000 ᠭᠠᠷᠤᠢ ᠡᠪᠡᠳᠴᠢᠳᠡᠨ ᠢ

ᠡᠮᠴᠢᠯᠡᠨ ᠵᠠᠰᠠᠵᠠᠢ᠃

      ᠡᠮᠴᠢᠯᠡᠭᠡᠨ ᠤ ᠦᠢᠯᠡᠳᠦᠯᠭᠡ ᠲᠤᠷᠰᠢᠯᠭ᠎ᠠ ᠲᠠᠢ ᠪᠠᠨ ᠤᠶᠠᠯᠳᠤᠭᠤᠯᠤᠨ ᠰᠤᠳᠤᠯᠭᠠᠨ ᠤ ᠠᠵᠢᠯ ᠢ ᠡᠷᠴᠢᠮ ᠲᠠᠢ ᠬᠢᠵᠦ᠂ ᠤᠯᠠᠨ ᠤᠳᠠᠭ᠎ᠠ ᠡᠷᠳᠡᠮ

ᠰᠢᠨᠵᠢᠯᠡᠭᠡᠨ ᠤ ᠬᠤᠷᠠᠯ ᠳᠤ ᠤᠷᠤᠯᠴᠠᠨ᠂ ᠲᠤᠷᠰᠢᠯᠭ᠎ᠠ ᠰᠤᠯᠢᠯᠴᠠᠨ ᠦᠬᠦᠯᠡᠯ ᠲᠡᠪᠰᠢᠬᠦᠯᠵᠦ᠂ ᠬᠠᠮᠢᠶ᠎ᠠ ᠪᠦᠬᠦᠢ ᠰᠡᠳᠬᠦᠯ ᠳᠤ ᠨᠡᠶᠢᠳᠡᠯᠡᠬᠦᠯᠪᠠ᠃ 2001 ᠤᠨ ᠳᠤ᠂

ᠬᠦᠭᠡᠬᠤᠳᠠ ᠳᠤ ᠬᠤᠷᠠᠯᠳᠤᠭᠰᠠᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠡᠷᠳᠡᠮ ᠰᠢᠨᠵᠢᠯᠡᠭᠡᠨ ᠤ ᠬᠤᠷᠠᠯ ᠳᠤ ︽ᠠᠷᠢᠬᠢᠨ ᠬᠤᠤᠷᠳᠠᠯ ᠠᠴᠠ ᠪᠤᠯᠤᠭᠰᠠᠨ

ᠰᠤᠯᠢᠶ᠎ᠠ ᠡᠪᠡᠳᠴᠢᠨ ᠢ ᠮᠤᠩᠭᠤᠯ ᠡᠮᠨᠡᠯᠭᠡ ᠪᠠᠷ ᠵᠠᠰᠠᠭᠰᠠᠨ 62 ᠵᠢᠱᠢᠶᠡᠨ ᠤ ᠳ᠋ᠦᠩᠨᠡᠯᠳᠡ︾ ᠬᠡᠬᠦ ᠦᠬᠦᠯᠡᠯ ᠢᠶᠠᠨ ᠤᠩᠰᠢᠵᠤ᠂ 2002 ᠤᠨ ᠳᠤ ᠳ᠋ᠠᠯᠢᠶᠠᠨ

ᠬᠤᠳᠠ ᠳᠤ ᠬᠤᠷᠠᠯᠳᠤᠭᠰᠠᠨ ᠪᠦᠬᠦ ᠤᠯᠤᠰ ᠤᠨ ᠮᠤᠩᠭᠤᠯ ᠡᠮᠨᠡᠯᠭᠡ ᠶᠢᠨ ᠬᠤᠷᠠᠯ ᠳᠤ ︽ᠬᠤᠳᠤᠷᠢᠩᠬᠠᠢ ᠬᠡᠳᠡᠰᠦᠨ ᠤ ᠦᠷᠪᠢᠰᠦᠯ ᠢ ᠵᠠᠰᠠᠬᠤ ᠲᠤᠬᠠᠢ︾ ᠬᠡᠬᠦ

ᠦᠬᠦᠯᠡᠯ ᠲᠡᠪᠰᠢᠬᠦᠯᠵᠡᠢ᠃ ︽ᠰᠤᠷᠤᠯᠤ ᠰᠢᠲ᠋ᠠᠩ ᠢᠶᠠᠷ ᠬᠡᠥᠭᠡᠳ ᠤᠨ ᠠᠷᠬᠠᠭᠰᠢᠭᠰᠠᠨ ᠠᠭᠤᠰᠬᠢᠨ ᠦᠷᠪᠢᠰᠦᠯ ᠢ ᠵᠠᠰᠠᠭᠰᠠᠨ ᠤᠶᠢᠯᠠᠭᠠᠯᠳᠠ︾᠂ ︽ᠡᠷᠬᠢᠮᠪᠠᠳᠤ ᠶᠢᠨ

ᠮᠤᠩᠭᠤᠯ ᠠᠨᠠᠭᠠᠬᠤ ᠤᠬᠠᠭᠠᠨ ᠤ ᠦᠢᠯᠡᠰ ᠲᠤ ᠦᠵᠡᠬᠦᠯᠦᠭᠰᠡᠨ ᠬᠤᠪᠢ ᠨᠡᠮᠡᠷᠢ︾ ᠵᠡᠷᠭᠡ ᠬᠤᠷᠢ ᠭᠠᠷᠤᠢ ᠡᠷᠳᠡᠮ ᠰᠢᠨᠵᠢᠯᠡᠭᠡᠨ ᠤ ᠦᠬᠦᠯᠡᠯ ᠢᠶᠠᠨ ᠤᠷᠤᠨ ᠪᠠ

ᠤᠯᠤᠰ ᠤᠨ ᠲᠡᠰ ᠤᠨ ᠭᠤᠤᠯᠳᠠᠯᠭ᠎ᠠ ᠲᠠᠢ ᠰᠡᠳᠬᠦᠯ ᠳᠤ ᠨᠡᠶᠢᠳᠡᠯᠡᠬᠦᠯᠵᠦ᠂ ︽ᠢᠵᠢᠩᠭᠡ ᠶᠢᠨ ᠡᠮᠴᠢᠯᠡᠭᠡᠨ ᠤ ᠲᠤᠬᠠᠢ ᠦᠢᠯᠠᠪᠤᠷᠢ︾ ︵2005 ᠤᠨ︶᠂ ︽ᠮᠤᠩᠭᠤᠯ

ᠡᠮᠨᠡᠯᠭᠡ ᠶᠢᠨ ᠨᠢᠭᠤᠴᠠ ᠵᠤᠷ︾ ︵1995 ᠤᠨ︶ ᠬᠡᠬᠦ ᠵᠡᠷᠭᠡ ᠨᠤᠮ ᠳᠤ ᠨᠠᠶᠢᠷᠠᠭᠤᠯᠤᠭᠴᠢ ᠪᠠᠷ ᠤᠷᠤᠯᠴᠠᠵᠤ᠂ ᠤᠷᠢᠳ ᠬᠤᠵᠢᠳ ︽ᠮᠤᠩᠭᠤᠯ ᠡᠮᠨᠡᠯᠭᠡ ᠶᠢᠨ ᠰᠢᠪᠠᠷ

ᠵᠠᠰᠠᠯ ᠢᠶᠠᠷ ᠦᠶ᠎ᠡ ᠬᠡᠰᠢᠬᠦᠨ ᠤ ᠡᠪᠡᠳᠴᠢᠨ ᠢ ᠵᠠᠰᠠᠭᠰᠠᠨ ᠠᠵᠢᠭᠯᠠᠯᠳᠠ︾᠂ ︽ᠮᠤᠩᠭᠤᠯ ᠡᠮᠨᠡᠯᠭᠡ ᠶᠢᠨ ᠷᠠᠰᠢᠶᠠᠨ ᠵᠠᠰᠠᠯ ᠢᠶᠠᠷ ᠪᠷᠦ᠋ᠽᠧᠯ ᠡᠪᠡᠳᠴᠢᠨ ᠠᠴᠠ ᠪᠤᠯᠤᠭᠰᠠᠨ

ᠦᠶ᠎ᠡ ᠭᠡᠰᠢᠬᠦᠨ ᠤ ᠡᠪᠡᠳᠴᠢᠨ ᠢ ᠵᠠᠰᠠᠭᠰᠠᠨ ᠠᠵᠢᠭᠯᠠᠯᠳᠠ︾ ᠬᠡᠬᠦ ᠵᠡᠷᠭᠡ ᠰᠢᠨᠵᠢᠯᠡᠭᠡᠨ ᠤ ᠰᠡᠳᠦᠪ ᠨᠦᠭᠦᠳ ᠢ ᠪᠡᠶᠡᠴᠢᠯᠡᠨ ᠬᠦᠢᠴᠡᠳᠭᠡᠵᠡᠢ᠃

      ᠮᠤᠩᠭᠤᠯ ᠠᠨᠠᠭᠠᠬᠤ ᠤᠬᠠᠭᠠᠨ ᠢᠶᠠᠨ ᠬᠦᠭᠵᠢᠬᠦᠯᠦᠶ᠎ᠡ ᠭᠡᠰᠡᠨ ᠬᠠᠯᠠᠭᠤᠨ ᠰᠡᠳᠬᠢᠯᠭᠡ ᠪᠠᠷ ᠴᠢᠷᠮᠠᠶᠢᠨ ᠵᠢᠳᠬᠦᠵᠦ᠂ ᠤᠯᠪᠠᠰᠤ ᠵᠤᠬᠢᠬᠤ ᠱᠠᠩᠨᠠᠯ ᠬᠦᠬᠢᠬᠦᠯᠦᠯ᠂

ᠨᠠᠷ᠎ᠠ ᠠᠯᠳᠠᠷ᠂ ᠬᠠᠷᠠᠭᠠᠯᠵᠠᠯ ᠤᠯᠭᠤᠮᠵᠢ ᠬᠦᠷᠳᠡᠵᠡᠢ᠃ ᠲᠤᠮᠳᠠᠳᠤ ᠤᠯᠤᠰ ᠤᠨ ᠮᠤᠩᠭᠤᠯ ᠡᠮᠨᠡᠯᠭᠡ ᠶᠢᠨ ᠰᠡᠳᠬᠦᠯ ᠤᠨ ᠤᠨᠴᠠ ᠤᠷᠢᠭᠰᠠᠨ ᠨᠠᠶᠢᠷᠠᠭᠤᠯᠤᠭᠴᠢ᠂

ᠡᠮᠴᠢ ᠶᠢᠨ ᠬᠢᠷᠢ ᠬᠡᠮ ᠤᠯᠭᠤᠬᠤ ᠰᠢᠯᠭᠠᠯᠳᠠ ᠶᠢᠨ ᠬᠢᠨᠠᠭᠴᠢ᠂ ᠡᠮᠴᠢᠯᠡᠭᠡᠨ ᠤ ᠤᠰᠤᠯ ᠠᠳᠡᠯ ᠢ ᠬᠢᠨᠡᠨ ᠲᠤᠭᠳᠠᠭᠠᠬᠤ ᠵᠦᠪᠯᠡᠯ ᠤᠨ ᠬᠡᠰᠢᠬᠦᠨ᠂ ᠬᠤᠳᠠ ᠶᠢᠨ ᠲᠡᠰ ᠤᠨ

ᠡᠮᠨᠡᠯᠭᠡ ᠶᠢᠨ ᠲᠡᠰ ᠲᠤᠭᠳᠠᠭᠠᠬᠤ ᠵᠦᠪᠯᠡᠯ ᠤᠨ ᠬᠡᠰᠢᠬᠦᠨ ᠵᠡᠷᠭᠡ ᠪᠠᠶᠢᠵᠤ᠂ ᠲᠤᠮᠳᠠ ᠵᠡᠷᠭᠡ ᠶᠢᠨ ᠴᠤᠯᠠ ᠬᠠᠮᠠᠭᠠᠯᠠᠬᠤ ᠠᠵᠢᠯ᠂ ᠡᠷᠳᠡᠮ ᠰᠢᠨᠵᠢᠯᠡᠭᠡᠨ ᠤ ᠦᠷ᠎ᠡ

ᠪᠦᠳᠦᠭᠡᠯ ᠢ ᠬᠢᠨᠡᠨ ᠲᠤᠭᠳᠠᠭᠠᠬᠤ ᠠᠵᠢᠯ ᠵᠡᠷᠭᠡ ᠳᠤ ᠤᠯᠠᠨᠳᠠ ᠤᠷᠤᠯᠴᠠᠵᠡᠢ᠃ ᠲᠡᠷᠡ ᠤᠷᠤᠯᠴᠠᠭᠰᠠᠨ ᠠᠵᠢᠯ ᠪᠦᠬᠦᠨ ᠳᠡᠭᠡᠨ ᠬᠢᠨᠠᠮᠠᠭᠠᠢ ᠬᠠᠨᠳᠤᠨ ᠰᠠᠨᠠᠯ ᠵᠦᠪᠯᠡᠯᠭᠡ

ᠦᠭᠴᠦ᠂ ᠰᠠᠶᠢᠨ ᠳ᠋ᠦᠩ ᠳᠤ ᠬᠦᠷᠦᠭᠰᠡᠨ ᠪᠠᠶᠢᠳᠠᠭ᠃ ᠬᠦᠯᠦᠨ ᠪᠤᠶᠢᠷ ᠠᠶᠢᠮᠠᠭ ᠤᠨ ᠨᠠᠢᠮᠠ ᠶᠢᠰᠦᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ

ᠬᠡᠰᠢᠬᠦᠨ᠂ ᠪᠠᠶᠢᠩᠭᠤ ᠶᠢᠨ ᠬᠡᠰᠢᠬᠦᠨ᠂ ᠬᠦᠯᠦᠨ ᠪᠤᠶᠢᠷ ᠬᠤᠳᠠ ᠶᠢᠨ ᠨᠢᠭᠡᠳᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ ᠪᠠᠶᠢᠩᠭᠤ ᠶᠢᠨ

ᠬᠡᠰᠢᠬᠦᠨ ᠪᠠᠶᠢᠬᠤ ᠬᠤᠭᠤᠴᠠᠭᠠᠨ ᠳᠠᠭᠠᠨ ︽ᠬᠦᠯᠦᠨ ᠪᠤᠶᠢᠷ ᠬᠤᠳᠠ ᠶᠢᠨ ᠲᠡᠰ ᠤᠨ ᠴᠤᠯᠠ ᠤᠯᠭᠤᠬᠤ ᠵᠦᠪᠯᠡᠯ ᠳᠤ ᠬᠢᠳᠡᠳ ᠮᠤᠩᠭᠤᠯ ᠡᠮᠨᠡᠯᠭᠡ ᠶᠢᠨ ᠲᠤᠰᠬᠠᠢ

ᠵᠦᠪᠯᠡᠯ ᠭᠠᠷᠭᠠᠬᠤ ᠬᠡᠷᠡᠭᠳᠡᠢ︾᠂ ︽ᠬᠠᠭᠤᠴᠢᠨ ᠪᠠᠷᠭᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠶᠢ ᠰᠡᠷᠬᠦᠭᠡᠨ ᠪᠠᠶᠢᠭᠤᠯᠬᠤ ᠬᠡᠷᠡᠭᠳᠡᠢ︾᠂ ︽ᠮᠤᠩᠭᠤᠯ

ᠡᠮᠨᠡᠯᠭᠡ ᠶᠢᠨ ᠰᠤᠷᠭᠠᠭᠤᠯᠢ ᠶᠢᠨ ᠡᠬᠦᠳᠡᠨ ᠡᠮᠨᠡᠯᠭᠡ ᠶᠢ ᠮᠤᠩᠭᠤᠯ ᠡᠮᠨᠡᠯᠭᠡ ᠶᠢᠨ ᠬᠠᠷᠢᠶᠠᠳᠦ ᠡᠮᠨᠡᠯᠭᠡ ᠶᠢᠨ ᠬᠤᠷᠢᠶ᠎ᠠ ᠪᠤᠯᠭᠠᠬᠤ ᠲᠤᠷᠠᠳᠤᠯᠭ᠎ᠠ︾᠂ ︽ᠬᠦᠯᠦᠨ ᠪᠤᠶᠢᠷ

ᠬᠤᠳᠠ ᠶᠢᠨ ᠲᠡᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢ ᠡᠬᠦᠰᠭᠡᠨ ᠪᠠᠶᠢᠭᠤᠯᠬᠤ ᠰᠠᠨᠠᠭᠤᠯᠭ᠎ᠠ︾ ᠵᠡᠷᠭᠡ ᠮᠤᠩᠭᠤᠯ ᠠᠨᠠᠭᠠᠬᠤ ᠤᠬᠠᠭᠠᠨ ᠢᠶᠠᠨ ᠬᠦᠭᠵᠢᠬᠦᠯᠬᠦ

ᠲᠠᠯ᠎ᠠ ᠪᠠᠷ ᠭᠠᠷᠭᠠᠭᠰᠠᠨ ᠲᠤᠷᠠᠳᠤᠯᠭ᠎ᠠ ᠨᠢ ᠬᠤᠳᠠ ᠶᠢᠨ ᠵᠠᠰᠠᠭ ᠤᠨ ᠤᠷᠳᠤᠨ ᠤ ᠵᠦᠪᠰᠢᠶᠠᠷᠡᠯ ᠢ ᠤᠯᠵᠤ᠂ ᠤᠯᠤᠰ ᠲᠦᠷᠦ ᠶᠢᠨ ᠵᠦᠪᠯᠡᠯᠭᠡᠨ ᠤ ᠰᠢᠯᠢᠳᠡᠭ ᠬᠡᠰᠢᠬᠦᠨ᠂

ᠤᠨᠴᠠ ᠰᠢᠯᠢᠳᠡᠭ ᠲᠤᠷᠠᠳᠤᠯᠭ᠎ᠠ ᠲᠤᠷᠠᠳᠤᠭᠰᠠᠳ ᠤᠨ ᠱᠠᠩᠨᠠᠯ ᠵᠡᠷᠭᠡ ᠶᠢ ᠲᠤᠰᠴᠠᠢ᠃ ᠤᠷᠢᠳ ᠬᠤᠵᠢᠳ ᠡᠮᠨᠡᠯᠭᠡ᠂ ᠠᠶᠢᠮᠠᠭ ᠬᠤᠳᠠ᠂ ᠤᠷᠤᠨ ᠪᠠ ᠤᠯᠤᠰ ᠤᠨ

ᠲᠡᠰ ᠤᠨ ᠲᠠᠷᠢᠬᠦᠨ ᠤ ᠠᠵᠢᠯᠳᠠᠨ᠂ ᠵᠢᠱᠢᠶᠡᠴᠢ ᠡᠷᠬᠢᠯᠡᠭᠴᠢ᠂ ᠤᠨᠴᠠ ᠵᠢᠳᠬᠦᠯᠳᠡᠨ᠂ ᠨᠡᠷᠡᠳᠦ ᠡᠮᠴᠢ᠂ ᠦᠨᠳᠦᠰᠦᠳᠡᠨ ᠤ ᠪᠦᠯᠬᠦᠮᠳᠡᠯ ᠤᠨ ᠲᠡᠷᠢᠬᠦᠨ ᠤ ᠬᠤᠪᠢ ᠬᠦᠮᠦᠨ᠂

ᠬᠠᠮᠤᠭ ᠤᠨ ᠭᠤᠶᠤ ᠡᠮᠴᠢ ᠵᠡᠷᠭᠡ ᠶᠢᠨ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠤ᠂ ᠦᠪᠦᠷ ᠮᠤᠩᠭᠤᠯ ᠤᠨ ᠦᠨᠳᠦᠰᠦᠳᠡᠨ ᠤ ᠪᠦᠯᠬᠦᠮᠳᠡᠯ ᠤᠨ ᠲᠡᠷᠢᠬᠦᠨ ᠤ

ᠬᠤᠪᠢ ᠬᠦᠮᠦᠨ ᠤ ᠱᠠᠩᠨᠠᠯ ᠬᠦᠷᠳᠡᠭᠰᠡᠨ ᠢᠶᠠᠷ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ︾ ᠠᠴᠠ ᠤᠷᠤᠨ ᠤ ᠲᠡᠰ ᠤᠨ

ᠬᠦᠳᠡᠯᠮᠦᠷᠢ ᠶᠢᠨ ᠵᠢᠱᠢᠶᠡᠴᠢ ᠶᠢᠨ ᠬᠠᠷᠠᠭᠠᠯᠵᠠᠯ ᠤᠯᠭᠤᠮᠵᠢ ᠬᠦᠷᠳᠡᠵᠦ ᠪᠠᠶᠢᠨ᠎ᠠ᠃ ᠬᠦᠯᠦᠨ ᠪᠤᠶᠢᠷ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠠᠵᠢᠯᠯᠠᠵᠤ

ᠪᠠᠶᠢᠭᠰᠠᠨ ᠬᠤᠭᠤᠴᠠᠭᠠᠨ ᠳᠠᠭᠠᠨ ᠲᠤᠰ ᠡᠮᠨᠡᠯᠭᠡ ᠶᠢᠨ ᠢᠶᠠᠨ ︽ᠤᠯᠤᠰ ᠤᠨ ᠭᠤᠷᠪᠠᠳᠤᠭᠠᠷ ᠲᠡᠰ ᠤᠨ ᠬᠦᠭᠡᠭᠴᠢᠨ ᠡᠮᠨᠡᠯᠭᠡ︾ ᠪᠤᠯᠤᠨ ᠲᠠᠪᠰᠢᠬᠤ ᠳᠤ ᠶᠡᠭᠡᠭᠡᠨ ᠬᠤᠪᠢ

ᠨᠡᠮᠡᠷᠢ ᠦᠵᠡᠬᠦᠯᠦᠭᠰᠡᠨ ᠪᠠᠶᠢᠵᠤ᠂ ᠤᠯᠤᠰ ᠤᠨ ᠲᠡᠰ ᠤᠨ ᠭᠤᠤᠯᠳᠠᠯᠭ᠎ᠠ ᠲᠠᠢ ᠰᠠᠯᠠᠭᠠᠨ ᠤ ᠡᠷᠳᠡᠮ ᠰᠢᠨᠵᠢᠯᠡᠭᠡᠨ ᠤ ᠲᠠᠭᠠᠭᠤᠯᠤᠭᠴᠢ ᠪᠤᠯᠵᠤ ᠰᠢᠨᠵᠢᠯᠡᠭᠡᠨ ᠤ ᠰᠡᠳᠦᠪ ᠢ

ᠬᠦᠢᠴᠡᠳᠭᠡᠭᠰᠡᠨ ᠪᠦᠭᠡᠳ ᠬᠤᠳᠠ ᠶᠢᠨ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠨᠡᠶᠢᠬᠡᠮᠯᠢᠭ ᠤᠨ ᠬᠤᠶᠠᠳᠤᠭᠠᠷ ᠲᠡᠰ ᠤᠨ ᠱᠠᠩᠨᠠᠯ ᠢ ᠬᠦᠷᠳᠡᠵᠡᠢ᠃ ᠡᠬᠦᠨ ᠢᠶᠠᠨ

ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠡᠷᠳᠡᠮ ᠰᠢᠨᠵᠢᠯᠡᠭᠡᠨ ᠤ ᠪᠦᠳᠦᠭᠡᠯ ᠤᠨ ᠱᠠᠩᠨᠠᠯ ᠳᠤ ᠳᠡᠪᠰᠢᠬᠦᠯᠦᠬᠡᠳ ᠪᠤᠢ᠃ ᠤᠳᠤ ᠲᠡᠷᠡᠪᠠᠷ᠂ ᠬᠤᠶᠠᠳᠠᠬᠢ

ᠤᠳᠠᠭᠠᠨ ᠤ ᠦᠪᠦᠷ ᠮᠤᠩᠭᠤᠯ ᠤᠨ ᠨᠡᠷᠡᠳᠦ ᠠᠬᠠᠮᠠᠳ ᠮᠤᠩᠭᠤᠯ ᠡᠮᠴᠢ ᠶᠢᠨ ᠦᠪ ᠤᠯᠠᠮᠵᠢᠯᠠᠬᠤ ᠠᠵᠢᠯ ᠤᠨ ᠵᠢᠯᠤᠭᠤᠳᠤᠭᠴᠢ ᠪᠠᠭᠰᠢ ᠶᠢᠨ ᠡᠬᠦᠷᠭᠡ ᠶᠢ ᠬᠦᠯᠢᠶᠡᠵᠦ᠂

ᠬᠤᠶᠠᠷ ᠭᠠᠷ ᠤᠨ ᠱᠠᠪᠢ ᠲᠠᠭᠠᠭᠤᠯᠵᠤ ᠪᠤᠢ᠃ ᠲᠡᠷᠡ ᠲᠤᠬᠠᠶᠢᠯᠠᠭᠰᠠᠨ ᠠᠵᠢᠯ ᠳᠠᠭᠠᠨ ᠬᠢᠯᠠᠷᠠᠭᠤᠯᠬᠤ ᠶᠢᠨ ᠲᠠᠭᠠᠤ ᠬᠦᠯᠦᠨ ᠪᠤᠶᠢᠷ ᠬᠤᠳᠠ ᠶᠢᠨ ᠮᠤᠩᠭᠤᠯ

ᠡᠮᠨᠡᠯᠭᠡ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠡᠳ᠋ ᠲᠠᠷᠤᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠡᠮᠨᠡᠯᠭᠡ ᠶᠢᠨ ᠡᠷᠳᠡᠮ

ᠰᠢᠨᠵᠢᠯᠡᠭᠡᠨ ᠤ ᠨᠡᠶᠢᠭᠡᠮᠯᠢᠭ ᠤᠨ ᠬᠡᠰᠢᠬᠦᠨ᠂ ᠲᠤᠮᠳᠠᠳᠤ ᠤᠯᠤᠰ ᠤᠨ ᠮᠤᠩᠭᠤᠯ ᠡᠮᠨᠡᠯᠭᠡ ᠶᠢᠨ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠬᠡᠰᠢᠬᠦᠨ ᠵᠡᠷᠭᠡ ᠨᠡᠶᠢᠭᠡᠮ ᠤᠨ

ᠡᠬᠦᠷᠭᠡ ᠲᠤᠰᠢᠶᠡᠯ ᠲᠠᠢ ᠶᠠᠪᠤᠵᠤ ᠪᠠᠶᠢᠨ᠎ᠠ᠃

      2017 ᠤᠨ ᠳᠤ᠂ ᠤᠯᠤᠰ ᠤᠨ ᠡᠷᠡᠬᠦᠯ ᠬᠠᠮᠠᠭᠠᠯᠠᠯ ᠤᠨ ᠶᠠᠮᠤᠨ ᠤ ᠬᠢᠳᠡᠳ ᠡᠮᠨᠡᠯᠭᠡ ᠶᠢᠨ ᠬᠠᠮᠢᠶᠠᠷᠤᠯᠳᠠ ᠶᠢᠨ ᠲᠤᠪᠴᠢᠶ᠎ᠠ ᠪᠤᠯᠤᠨ ᠠᠷᠠᠳ ᠤᠨ

ᠰᠦᠯᠵᠢᠶ᠎ᠡ ᠠᠴᠠ ᠡᠷᠬᠢᠯᠡᠭᠰᠡᠨ ᠲᠤᠮᠳᠠᠳᠤ ᠤᠯᠤᠰ ᠤᠨ ︽ᠬᠠᠮᠤᠭ ᠤᠨ ᠭᠤᠶᠤ ᠡᠮᠴᠢ︾ ᠶᠢᠨ ᠮᠦᠷᠦ᠋ᠢᠴᠡᠭᠡᠨ ᠳᠤ ᠤᠷᠤᠯᠴᠠᠭᠠᠳ᠂ ᠰᠢᠯᠭᠠᠷᠠᠭᠤᠯᠤᠯᠳᠠ ᠪᠠᠷ ᠲᠠᠮᠵᠢᠨ

︽ᠲᠤᠮᠳᠠᠳᠤ ᠤᠯᠤᠰ ᠤᠨ ︿ᠬᠠᠮᠤᠭ ᠤᠨ ᠭᠤᠶᠤ ᠬᠢᠳᠡᠳ ᠡᠮᠴᠢ﹀︾ ᠬᠡᠮᠡᠬᠦ ᠢᠷᠠᠭᠤ ᠠᠯᠳᠠᠷ ᠢ ᠬᠦᠷᠳᠡᠭᠰᠡᠨ ᠨᠢ ᠴᠢᠯᠠᠭᠤᠨᠪᠠᠭᠠᠳᠤᠷ ᠡᠮᠴᠢ ᠶᠢᠨ ︽ᠡᠮᠴᠢ ᠬᠦᠮᠦᠨ

ᠵᠢᠷᠭᠠᠯ ᠤᠨ ᠡᠵᠢ︾ ᠬᠡᠬᠦ ᠠᠭᠤᠤ ᠨᠠᠷ᠎ᠠ ᠶᠢ ᠭᠤᠳᠤᠭᠠᠯ ᠦᠭᠡᠢ ᠡᠷᠬᠦᠵᠦ ᠶᠠᠪᠤᠭᠰᠠᠨ ᠤ ᠬᠢᠨᠢ ᠪᠠᠳᠤ ᠨᠤᠳᠠᠯᠠᠯ ᠪᠤᠯᠬᠤ ᠶᠤᠮ᠃ ᠰᠢᠷᠦᠢ ᠶᠢᠨ ᠲᠦᠮᠡᠨ ᠬᠢᠳᠡᠳ ᠡᠮᠴᠢ

ᠨᠠᠷ ᠲᠠᠢ ᠡᠷᠭᠡ ᠲᠡᠭᠰᠢ ᠦᠷᠢᠰᠦᠯᠳᠦᠨ ᠮᠦᠷᠦ᠋ᠢᠴᠡᠭᠰᠡᠨ ᠵᠤᠷᠢᠭ ᠰᠠᠨᠠᠭ᠎ᠠ ᠨᠢ ᠦᠨᠡᠭᠡᠷ ᠪᠢᠰᠢᠷᠡᠬᠦᠰᠢᠳᠡᠢ᠃ ᠲᠡᠷᠡ ᠬᠡᠳᠦ᠋ᠢᠪᠡᠷ ᠵᠠᠰᠠᠭ ᠲᠦᠷᠦ᠂ ᠵᠤᠨ ᠲᠦᠮᠡᠨ ᠤ

ᠦᠨᠳᠦᠷ ᠦᠨᠡᠯᠡᠯᠳᠡ ᠶᠢ ᠬᠦᠷᠳᠡᠵᠦ ᠪᠠᠶᠢᠳᠠᠭ ᠪᠤᠯᠪᠠᠴᠦ ᠯᠠᠷᠵᠢᠶ᠎ᠠ ᠰᠤᠷᠳᠤᠭᠤ᠂ ᠶᠠᠷᠰᠢᠭ ᠶᠠᠮᠪᠠ ᠭᠠᠷᠭᠠᠵᠤ ᠡᠷᠳᠡᠶᠢᠳᠡᠭ ᠦᠭᠡᠢ ᠨᠢᠳᠡᠷ ᠲᠡᠭᠡᠨ ᠲᠤᠬᠢᠷᠠᠭᠰᠠᠨ ᠨᠡᠷᠡᠳᠦ

ᠡᠮᠴᠢ ᠪᠢᠯᠡ︕

      ᠬᠦᠮᠦᠨ ᠲᠦᠷᠦᠯᠬᠢᠳᠡᠨ ᠤ ᠪᠡᠶ᠎ᠡ ᠮᠠᠬᠠᠪᠤᠳ ᠤᠨ ᠡᠷᠡᠬᠦᠯ ᠲᠡᠩᠭᠡᠯᠡᠬᠦᠨ ᠤ ᠲᠦᠯᠦᠭᠡ ᠭᠤᠶᠠᠴᠢ ᠦᠭᠡᠢ ᠵᠢᠳᠬᠦᠳᠡᠭ ᠰᠠᠶᠢᠬᠠᠨ ᠬᠦᠮᠦᠨ ᠳᠤ ᠠᠵᠠ ᠵᠠᠶᠠᠭ᠎ᠠ

ᠲᠡᠭᠰᠢ ᠢᠷᠡᠳᠡᠭ ᠤᠴᠢᠷᠳᠠᠢ ᠶᠤᠮ ᠪᠠᠶᠢᠨ᠎ᠠ᠃ ᠲᠡᠬᠦᠨ ᠤ ᠡᠴᠢᠭᠡ ᠡᠭᠡ ᠨᠢ ᠶᠡᠷᠡᠨ ᠨᠠᠰᠤ ᠶᠢ ᠲᠦᠬᠦᠵᠦ ᠶᠠᠪᠤᠭ᠎ᠠ ᠰᠤᠶᠤᠯ ᠪᠤᠯᠪᠠᠰᠤᠷᠠᠯ ᠲᠠᠢ᠂ ᠪᠡᠶ᠎ᠡ ᠡᠷᠡᠬᠦᠯ ᠰᠠᠨᠠᠭ᠎ᠠ

ᠴᠠᠶᠢᠯᠭᠠᠨ ᠪᠤᠭᠤᠷᠤᠯ ᠬᠤᠶᠠᠷ ᠨᠠᠰᠤᠳᠠᠨ ᠲᠡᠩᠬᠡᠯᠡᠬᠦᠨ ᠠᠮᠢᠳᠤᠷᠠᠵᠤ ᠪᠠᠶᠢᠨ᠎ᠠ᠃ ᠲᠡᠬᠦᠦ ᠨᠠᠷ ᠨᠢ ᠪᠡᠭᠡᠵᠢᠩ᠂ ᠬᠦᠭᠡᠬᠤᠳᠠ᠂ ᠬᠠᠶᠢᠯᠠᠷ ᠵᠡᠷᠭᠡ ᠭᠠᠵᠠᠷ ᠲᠤ ᠬᠤᠤᠰ

ᠬᠤᠤᠰ ᠢᠶᠠᠷ ᠢᠶᠠᠨ ᠤᠯᠤᠰ ᠤᠨ ᠠᠵᠢᠯ ᠠᠯᠪᠠ ᠲᠠᠢ ᠪᠠᠶᠢᠵᠤ᠂ ᠠᠴᠢ ᠵᠢᠭᠡ ᠨᠠᠷ ᠨᠢ ᠴᠦᠮ ᠭᠠᠳᠠᠭᠠᠳᠤ ᠳᠤ ᠰᠤᠳᠤᠯᠤᠨ ᠰᠤᠷᠤᠯᠴᠠᠵᠤ ᠪᠠᠶᠢᠨ᠎ᠠ᠃ ᠭᠠᠭᠴᠨ ᠬᠦᠦ ᠪᠠᠨ

ᠪᠠᠭ᠎ᠠ ᠠᠴᠠ ᠨᠢ ᠴᠢᠩᠭ᠎ᠠ ᠰᠤᠷᠭᠠᠵᠤ᠂ ᠦᠪᠡᠷ ᠤᠨ ᠰᠤᠷᠤᠯᠴᠠᠵᠤ ᠦᠩᠭᠡᠷᠡᠭᠰᠡᠨ ᠰᠤᠷᠭᠠᠭᠤᠯᠢ ᠰᠠᠯᠪᠤᠷᠢ ᠳᠤ ᠰᠢᠯᠭᠠᠭᠤᠯᠬᠤ ᠶᠢ ᠰᠠᠨᠠᠭᠤᠯᠤᠭᠰᠠᠨ ᠳᠤ ᠬᠦᠦ ᠨᠢ

ᠰᠢᠯᠭᠠᠨ ᠤᠷᠤᠵᠤ᠂ ᠰᠠᠶᠢᠨ ᠰᠤᠷᠤᠯᠴᠠᠭᠠᠳ᠂ ᠲᠡᠬᠦᠰᠦᠮᠡᠭᠴᠨ ᠰᠤᠷᠭᠠᠭᠤᠯᠢ ᠳᠠᠭᠠᠨ ᠦᠯᠡᠳᠡᠵᠦ᠂ ᠠᠵᠢᠯ ᠠᠯᠪᠠ ᠲᠠᠢ ᠪᠤᠯᠵᠤ᠂ ᠠᠩᠭᠠᠯ ᠡᠷᠦᠭᠡ ᠪᠤᠰᠬᠠᠨ᠂ ᠠᠮᠠᠷᠠᠭ

ᠬᠤᠩᠭᠤᠷ ᠲᠠᠢ ᠪᠠᠨ ᠦᠭᠡᠳᠡ ᠲᠠᠩᠰᠤᠭ ᠠᠮᠢᠳᠤᠷᠠᠵᠤ ᠪᠠᠶᠢᠨ᠎ᠠ᠃ ᠠᠵᠢᠯ ᠦᠢᠯᠡᠰ᠂ ᠦᠪᠡᠷ ᠤᠨ ᠪᠡᠶ᠎ᠡ᠂ ᠦᠳᠡᠬᠦᠰ ᠨᠠᠰᠤᠳᠠᠨ᠂ ᠦᠷ᠎ᠡ ᠬᠡᠥᠭᠡᠳ ᠢ ᠨᠢ ᠦᠨᠡᠨ

ᠬᠠᠶᠢᠷ᠎ᠠ ᠪᠠᠷ ᠬᠠᠯᠠᠮᠵᠢᠯᠠᠨ᠂ ᠠᠮᠵᠢᠯᠳᠠ ᠪᠦᠳᠦᠮᠵᠢ ᠶᠢ ᠨᠢ ᠡᠷᠬᠦᠨ ᠲᠡᠳᠬᠦᠳᠡᠭ ᠬᠠᠶᠢᠷᠠᠯᠠᠯᠳᠠᠢ ᠰᠠᠶᠢᠬᠠᠨ ᠬᠡᠭᠡᠨᠴᠢᠷ ᠭᠡᠷᠭᠡᠢ ᠶᠢ ᠨᠢ ᠤᠯᠠᠮᠳᠡᠯᠭᠡᠷ ᠭᠡᠳᠡᠭ᠂ 2015

ᠤᠨ ᠳᠤ ᠠᠵᠢᠯ ᠤᠨ ᠠᠮᠠᠷᠠᠯᠳᠠ ᠠᠪᠴᠦ ᠲᠡᠳᠬᠦᠪᠦᠷᠢ ᠳᠤ ᠭᠠᠷᠪᠠ᠃ ᠡᠷ᠎ᠡ ᠨᠦᠬᠦᠷ ᠴᠢᠯᠠᠭᠤᠨᠪᠠᠭᠠᠳᠤᠷ ᠬᠢᠭᠡᠳ ᠲᠡᠬᠦᠨ ᠤ ᠦᠷ᠎ᠡ ᠰᠡᠳᠦᠨ ᠢ ᠨᠢᠭᠡ ᠯᠡ

ᠰᠡᠳᠬᠢᠯ ᠢᠶᠠᠷ ᠬᠠᠶᠢᠷᠠᠯᠠᠨ ᠬᠠᠷᠠᠭᠠᠯᠵᠠᠳᠠᠭ ᠢᠶᠠᠷ ᠪᠠᠷᠠᠬᠤ ᠦᠭᠡᠢ ᠠᠯᠪᠠᠨ ᠶᠤᠰᠤᠨ ᠤ ᠠᠰᠠᠷᠠᠭᠴᠢ ᠰᠤᠪᠢᠯᠠᠭᠴᠢ ᠠᠴᠠ ᠲᠤᠳᠠᠭᠤ ᠦᠭᠡᠢ ᠪᠠᠷ ᠡᠪᠡᠳᠴᠢᠳᠠᠨ ᠬᠢᠭᠡᠳ

ᠡᠪᠡᠳᠴᠢᠳᠠᠨ ᠤ ᠬᠡᠷ ᠪᠦᠯᠢ ᠶᠢ ᠪᠡᠶ᠎ᠡ ᠰᠡᠳᠬᠢᠯ ᠢᠶᠠᠷ ᠲᠡᠮᠵᠢᠨ ᠲᠡᠳᠬᠦᠵᠦ᠂ ᠲᠠᠨᠢᠬᠤ᠂ ᠲᠠᠨᠢᠬᠤ ᠦᠭᠡᠢ ᠬᠦᠮᠦᠨ ᠢ ᠲᠤᠰᠠᠯᠠᠵᠤ ᠯᠡ ᠶᠠᠪᠤᠳᠠᠭ ᠴᠡᠭᠡᠵᠢ ᠠᠭᠤᠵᠢᠮ᠂

ᠪᠤᠳᠤᠯ ᠠᠷᠢᠭᠤᠨ᠂ ᠦᠵᠡᠯ ᠪᠠᠶᠠᠰᠤᠩᠭᠤᠢ᠂ ᠦᠭᠬᠢᠶᠡᠮᠦᠷ ᠲᠤᠰᠠᠮᠤᠷᠴᠢ ᠡᠩ ᠤᠨ ᠮᠦᠷᠳᠡᠭᠡᠨ ᠵᠢᠷ ᠤᠨ ᠪᠤᠰᠤ ᠰᠠᠶᠢᠬᠠᠨ ᠪᠠᠷᠭᠤ ᠪᠦᠰᠡᠬᠦᠢ᠃ ᠦᠪᠡᠷ ᠢᠶᠠᠨ ᠬᠦᠨᠳᠦ

ᠡᠪᠡᠳᠴᠢᠨ ᠳᠤ ᠨᠡᠷᠪᠡᠭᠳᠡᠭᠰᠠᠨ ᠴᠦ ᠡᠮ ᠡᠮᠨᠡᠬᠦᠯᠦᠯᠳᠡ ᠠᠴᠠ ᠢᠯᠡᠬᠦᠦ ᠲᠠᠢ ᠪᠠᠷ ᠦᠪᠡᠷ ᠤᠨ ᠡᠷᠴᠢ ᠵᠤᠷᠢᠭ ᠢᠶᠠᠷ ᠡᠪᠡᠳᠴᠢᠨ ᠢ ᠠᠵᠢᠭ ᠦᠭᠡᠢ ᠢᠯᠡᠨ ᠲᠠᠪᠠᠭᠰᠠᠨ

ᠰᠦᠰᠦ ᠵᠤᠷᠢᠭ ᠲᠠᠢ ᠮᠤᠩᠭᠤᠯ ᠡᠮᠡᠭᠳᠡᠢ᠃ ᠡᠶᠢᠮᠦ ᠲᠡᠭᠰᠢ ᠲᠡᠨᠢᠬᠦᠨ ᠰᠠᠶᠢᠬᠠᠨ ᠬᠡᠷ ᠪᠦᠯᠢ ᠲᠠᠢ ᠴᠢᠯᠠᠭᠤᠨᠪᠠᠭᠠᠳᠤᠷ ᠡᠮᠴᠢ ᠬᠡᠵᠢᠶᠡᠳᠡ ᠵᠢᠪᠬᠤᠭ᠎ᠠ ᠪᠠᠳᠠᠷᠠᠩᠭᠤᠢ

ᠶᠠᠪᠤᠳᠠᠭ ᠨᠢ ᠵᠦᠢ ᠶᠤᠰᠤᠨ ᠤ ᠬᠢ᠃

      ᠪᠠᠭ᠋ᠠᠷᠤᠯ ᠲᠠᠢ ᠭᠤᠶᠤᠬᠠᠨ ᠪᠠᠷᠭᠤ ᠠᠶᠢᠯ᠂ ᠪᠠᠭ᠋ᠠᠳᠤᠮ᠎ᠠ ᠰᠠᠶᠢᠬᠠᠨ ᠮᠤᠩᠭᠤᠯ ᠡᠮᠴᠢ︕ ᠬᠡᠷ ᠪᠦᠯᠢ ᠶᠢᠨ ᠪᠦᠳᠦᠨ ᠵᠢᠷᠭᠠᠯ ᠳᠤ ᠬᠠᠯᠠᠭᠤᠷᠠᠵᠤ ᠶᠠᠪᠤᠭ᠎ᠠ

ᠦᠭᠡᠢ᠂ ᠬᠤᠪᠢ ᠬᠦᠮᠦᠨ ᠤ ᠨᠡᠷ᠎ᠡ ᠠᠯᠳᠠᠷ ᠲᠤ ᠤᠮᠤᠷᠬᠠᠭᠯᠠᠵᠤ ᠦᠵᠡᠭᠡ ᠦᠭᠡᠢ ᠠᠷᠠᠳ ᠤᠨ ᠰᠠᠶᠢᠨ ᠡᠮᠴᠢ᠂ ᠡᠷᠬᠢᠯᠡᠭᠴᠢ ᠡᠮᠴᠢ᠂ ᠨᠠᠷᠡᠳᠦ ᠮᠤᠩᠭᠤᠯ ᠡᠮᠴᠢ

ᠴᠢᠯᠠᠭᠤᠨᠪᠠᠭᠠᠳᠤᠷ᠂ ᠮᠤᠩᠭᠤᠯ ᠠᠨᠠᠭᠠᠬᠤ ᠤᠬᠠᠭᠠᠨ᠂ ᠡᠮ ᠡᠮᠨᠡᠯᠭᠡ ᠶᠢᠨ ᠠᠷᠢᠭᠤᠨ ᠦᠢᠯᠡᠰ ᠲᠤ ᠴᠦᠬᠦᠷᠡᠰᠢ ᠦᠭᠡᠢ ᠴᠢᠷᠮᠠᠶᠢᠨ ᠵᠢᠳᠭᠦᠭᠰᠡᠭᠡᠷ ᠪᠠᠶᠢᠨ᠎ᠠ᠃

                                                        ᠵᠤᠬᠢᠶᠠᠭᠴᠢ᠄ ᠰ᠊·ᠬᠠᠰᠲᠤᠶᠠᠭ᠎ᠠ

ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ