ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ
ᠨᠡᠶᠢᠲᠡᠯᠡᠭᠰᠡᠨ ᠴᠠᠭ᠄
2022/12/10
       ᠤᠷᠴᠤᠨ ᠦᠨᠳᠦᠰᠦᠲᠡᠨ ᠮᠡᠷᠭᠡᠨᠪᠦ᠋ᠬᠡ ᠤᠷᠴᠤᠨ ᠬᠤᠰᠢᠭᠤᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠭᠰᠠᠨ 8 ᠵᠢᠯ ᠳᠤ᠂ ᠲᠡᠷᠡ ᠪᠦᠬᠦ ᠬᠤᠰᠢᠭᠤᠨ ᠤ 30 ᠲᠦᠮᠡᠨ ᠺᠠᠳ᠋ᠷ ᠤᠯᠠᠨ ᠲᠠᠢ ᠪᠦᠯᠬᠦᠮᠳᠡᠨ ᠳᠡᠮᠡᠴᠡᠵᠤ᠂ ᠤᠷᠴᠤᠨ ᠦᠨᠳᠦᠰᠦᠲᠡᠨ ᠤ ᠲᠦᠷᠪᠡᠲᠦᠭᠡᠷ ᠤᠳᠠᠭᠠᠨ ᠤ ᠲᠡᠤᠬᠡᠴᠢ ᠴᠢᠨᠠᠷᠲᠠᠢ ᠦᠰᠦᠷᠤᠯᠲᠡ ᠶᠢ ᠪᠡᠶᠡᠯᠡᠭᠦᠯᠪᠡ᠃ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠪᠠᠷ ᠠᠵᠢᠯᠯᠠᠭᠰᠠᠨ 3 ᠵᠢᠯ ᠤᠨ ᠬᠤᠭᠤᠴᠠᠭᠠᠨ ᠳᠤ᠂ ᠲᠡᠷᠡ ᠪᠦᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠢᠰᠲ᠋ᠧᠮ ᠤᠨ ᠬᠢᠨ ᠢ ᠳᠠᠭᠠᠭᠤᠯᠤᠨ 3.3 ᠳ᠋ᠦᠡᠭᠰᠢᠭᠤᠷ ᠲᠦᠭᠦᠷᠢᠭ ᠤᠨ ᠲᠦᠷᠦᠯ ᠵᠦᠢᠯ ᠤᠨ ᠪᠡᠯᠡ ᠮᠦᠡᠭᠭᠦ ᠶᠢ ᠴᠢᠷᠮᠠᠶᠢᠨ ᠤᠯᠪᠠ᠃ ᠡᠨᠡ ᠬᠦᠮᠤᠨ ᠪᠤᠯ ᠳᠠᠷᠤᠢ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠪᠢ ᠬᠦᠮᠦᠨ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠮᠡᠷᠭᠡᠨᠪᠦ᠋ᠭᠡ ᠪᠤᠯᠤᠨ᠎ᠠ᠃        ︽ᠨᠤᠳᠤᠭ ᠤᠰᠤ ᠪᠠᠨ ᠨᠡᠩ ᠰᠠᠶᠢᠬᠠᠨ ᠪᠤᠯᠭᠠᠨ ᠪᠦᠲᠦᠭᠡᠨ ᠪᠠᠶᠢᠭᠤᠯᠬᠤ ᠪᠤᠯ ᠤᠷᠴᠤᠨ ᠦᠨᠳᠦᠰᠦᠲᠡᠨ ᠪᠤᠯᠤᠭᠰᠠᠨ ᠮᠢᠨᠤ ᠬᠠᠷᠢᠭᠤᠴᠠᠯᠭ᠎ᠠ᠂ ᠨᠡᠩ ᠴᠦ ᠬᠦᠭᠵᠢᠭᠡᠳᠦᠢ ᠭᠠᠵᠠᠷ ᠤᠷᠤᠨ ᠳᠤ ᠠᠵᠢᠯᠯᠠᠵᠤ ᠪᠠᠶᠢᠭ᠎ᠠ ᠦᠨᠳᠦᠰᠦᠲᠡᠨ ᠤ ᠺᠠᠳ᠋ᠷᠴᠤᠳ ᠤᠨ ᠲᠡᠷᠬᠠᠨ ᠡᠭᠦᠷᠬᠡ︾       2004 ᠤᠨ ᠤ 3 ᠰᠠᠷ ᠎ᠠ ᠳᠤ᠂ ᠮᠡᠷᠭᠡᠨᠪᠦ᠋ᠭᠡ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠳᠠᠷᠤᠭ᠎ᠠ ᠪᠠᠷ ᠰᠤᠩᠭᠤᠭᠳᠠᠪᠠ᠃ ᠲᠤᠬᠠᠢ ᠶᠢᠨ ᠦᠶ ᠎ᠡ ᠶᠢᠨ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠤᠯᠠᠩᠬᠢ ᠠᠵᠢᠯ ᠦᠢᠯᠡᠰ ᠴᠦᠮ ᠬᠦᠭᠵᠢᠭᠡᠳᠦᠢ ᠪᠠᠶᠢᠭᠰᠠᠨ ᠪᠦᠭᠡᠳ 4 ᠳ᠋ᠦᠡᠭᠰᠢᠭᠤᠷ ᠲᠦᠭᠦᠷᠢᠭ ᠰᠢᠬᠠᠮ ᠤᠨ ᠦᠷᠢ ᠲᠠᠢ ᠪᠠᠶᠢᠵᠠᠢ᠃ ᠲᠡᠷᠡ ᠬᠤᠰᠢᠭᠤᠨ ᠤ ᠤᠨᠴᠠᠭᠠᠢ ᠪᠠᠶᠢᠳᠠᠯ ᠳᠤ ᠴᠢᠭᠯᠡᠭᠦᠯᠦᠨ᠂ ᠲᠦᠷᠦ ᠶᠢᠨ ᠪᠤᠳᠤᠯᠭ᠎ᠠ ᠶᠢ ᠳᠡᠬᠢᠨ ᠳᠠᠪᠲᠠᠨ ᠰᠤᠳᠤᠯᠤᠨ ᠮᠠᠭᠠᠳᠯᠠᠬᠤ ᠪᠠ ᠬᠤᠰᠢᠭᠤᠨ ᠤ ᠪᠠᠶᠢᠳᠠᠯ ᠢ ᠨᠠᠷᠢᠯᠢᠭ ᠪᠠᠶᠢᠴᠠᠭᠠᠨ ᠰᠢᠨᠵᠢᠯᠡᠬᠦ ᠪᠠᠷ ᠳᠠᠮᠵᠢᠵᠤ᠂ ᠬᠤᠰᠢᠭᠤᠨ ᠤ ᠨᠠᠮ ᠤᠨ ᠬᠤᠷᠢᠶ ᠎ᠠ ᠵᠠᠰᠠᠭ ᠤᠨ ᠤᠷᠳᠤᠨ ᠢ ︽ᠠᠮᠢ ᠠᠬᠤᠢᠢᠴᠢ ᠪᠠᠷ ᠬᠤᠰᠢᠭᠤ ᠪᠠᠨ ᠴᠤᠭᠴᠠᠯᠠᠵᠤ᠂ ᠠᠵᠤ ᠦᠢᠯᠡᠳᠪᠤᠷᠢ ᠪᠠᠷ ᠬᠤᠰᠢᠭᠤ ᠪᠠᠨ ᠬᠦᠴᠦᠷᠭᠡᠭᠵᠢᠭᠦᠯᠤᠨ᠂ ᠵᠤᠭᠠᠴᠠᠯ ᠢᠶᠠᠷ ᠬᠤᠰᠢᠭᠤ ᠪᠠᠨ ᠠᠮᠢᠯᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠪᠠᠷ ᠬᠤᠰᠢᠭᠤ ᠪᠠᠨ ᠪᠠᠶᠠᠵᠢᠭᠤᠯᠤᠨ᠂ ᠦᠨᠳᠦᠰᠦᠲᠡᠨ ᠤ ᠲᠡᠤᠬᠡ ᠰᠤᠶᠤᠯ ᠢᠶᠠᠷ ᠬᠤᠰᠢᠭᠤ ᠪᠠᠨ ᠠᠯᠳᠠᠷᠰᠢᠭᠤᠯᠬᠤ︾ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠤᠭᠲᠠᠭᠠᠬᠤ ᠪᠠᠷ ᠰᠠᠨᠠᠭᠠᠴᠢᠯᠠᠵᠤ᠂ ᠦᠪᠡᠷᠲᠡᠭᠡᠨ ᠵᠠᠰᠠᠬᠤ ᠬᠤᠰᠢᠭᠤ ᠪᠠᠨ ᠲᠤᠮᠤ ᠪᠠᠶᠢᠭᠤᠯᠤᠯᠲᠠ᠂ ᠲᠤᠮᠤ ᠬᠤᠪᠢᠷᠠᠯᠲᠠ᠂ ᠲᠤᠮᠤ ᠬᠦᠭᠵᠢᠯᠲᠡ ᠶᠢᠨ ᠵᠠᠮ ᠢᠶᠠᠷ ᠵᠠᠮᠨᠠᠭᠤᠯᠵᠠᠢ᠃ 2007 ᠤᠨ ᠪᠤᠯᠬᠤ ᠳᠤ ᠪᠦᠬᠦ ᠬᠤᠰᠢᠭᠤᠨ ᠤ ᠤᠷᠤᠨ ᠨᠤᠲᠤᠭ ᠤᠨ ᠦᠢᠯᠡᠳᠪᠤᠷᠢᠯᠡᠯ ᠤᠨ ᠶᠡᠷᠦᠩᠭᠡᠢ ᠦᠷᠳᠡᠭ 24.44 ᠳ᠋ᠦᠡᠭᠰᠢᠭᠤᠷ ᠲᠥᠬᠦᠷᠢᠭ ᠢ ᠪᠡᠶᠡᠯᠡᠬᠦᠯᠵᠤ᠂ 1978 ᠤᠨ ᠤ ᠬᠢ ᠠᠴᠠ 16.2 ᠳᠠᠬᠢᠨ ᠪᠤᠯᠵᠠᠢ︔ ᠡᠳ᠋ ᠤᠨ ᠵᠠᠰᠠᠭ ᠤᠨ ᠤᠷᠤᠯᠭ᠎ᠠ 1.04 ᠳ᠋ᠦᠡᠭᠰᠢᠭᠤᠷ ᠲᠦᠭᠦᠷᠢᠭ ᠢ ᠪᠡᠶᠡᠯᠡᠬᠦᠯᠵᠤ᠂ 1978 ᠤᠨ ᠤ ᠬᠢ ᠠᠴᠠ 9.66 ᠲᠠᠬᠢᠨ ᠪᠤᠯᠵᠠᠢ︔ ᠲᠠᠷᠢᠶᠠᠴᠢᠨ ᠤ ᠬᠦᠮᠦᠨ ᠳᠤᠮᠳᠠᠴᠢ ᠶᠢᠨ ᠴᠡᠪᠡᠷ ᠤᠷᠤᠯᠭ᠎ᠠ 3715 ᠲᠦᠭᠦᠷᠢᠭ ᠲᠤ ᠬᠦᠷᠴᠦ᠂ 1978 ᠤᠨ ᠤ ᠬᠢ ᠠᠴᠠ 20 ᠳᠠᠬᠢᠨ ᠪᠤᠯᠵᠠᠢ︔ ᠠᠩᠴᠢᠳ ᠤᠨ ᠬᠦᠮᠦᠨ ᠳᠤᠮᠳᠠᠴᠢ ᠶᠢᠨ ᠴᠡᠪᠡᠷ ᠤᠷᠤᠯᠭ᠎ᠠ 4600 ᠲᠦᠭᠦᠷᠢᠭ ᠲᠤ ᠬᠦᠷᠴᠦ᠂ ᠦᠢᠯᠡᠳᠪᠤᠷᠢᠯᠡᠯ ᠤᠨ ᠴᠢᠨᠠᠷᠲᠠᠢ ᠤᠷᠤᠯᠭ᠎ᠠ ᠠᠩᠬ᠎ᠠ ᠤᠳᠠᠭ᠎ᠠ ᠬᠦᠮᠦᠨ ᠲᠤᠮᠳᠠᠴᠢ ᠪᠠᠷ ᠮᠢᠩᠭᠠᠨ ᠲᠦᠭᠦᠷᠢᠭ ᠢ ᠳᠠᠪᠠᠵᠠᠢ᠃        ︽ᠪᠦᠬᠦ ᠬᠤᠰᠢᠭᠤᠨ ᠤ ᠡᠯ ᠎ᠡ ᠦᠨᠳᠦᠰᠦᠲᠡᠨ ᠤ ᠠᠷᠠᠳ ᠲᠦᠮᠡᠨ ᠢ ᠳᠠᠭᠠᠭᠤᠯᠤᠨ ᠪᠠᠶᠠᠵᠢᠯ ᠤᠨ ᠵᠠᠮ ᠢᠶᠠᠷ ᠵᠠᠮᠨᠠᠬᠤ ᠪᠤᠯ ᠮᠢᠨᠤ ᠨᠠᠰᠤᠨ ᠲᠤᠷᠰᠢᠳᠠ ᠶᠢᠨ ᠬᠦᠰᠡᠯ ᠮᠦᠷᠦᠭᠡᠳᠦᠯ︾       2007 ᠤᠨ ᠳᠤ ᠳᠠᠬᠢᠨᠲᠠ ᠬᠤᠰᠢᠭᠤᠨ ᠳᠠᠷᠤᠭ᠎ᠠ ᠪᠠᠷ ᠰᠤᠩᠭᠤᠭᠳᠠᠭᠰᠠᠨ ᠮᠡᠷᠭᠡᠨᠪᠦ᠋ᠭᠡ 5 ᠵᠢᠯ ᠤᠨ ᠲᠤᠳᠤᠷ᠎ᠠ ᠰᠢᠨ᠎ᠠ ᠨᠢᠭᠡᠨ ᠤᠷᠴᠤᠨ ᠢ ᠪᠦᠲᠦᠭᠡᠨ ᠪᠠᠶᠢᠭᠤᠯᠬᠤ ᠲᠡᠤᠬᠡᠴᠢ ᠴᠢᠨᠡᠷᠲᠡᠢ ᠦᠰᠦᠷᠦᠯᠲᠡ ᠶᠢ ᠪᠡᠶᠡᠯᠡᠬᠦᠯᠦᠨ᠎ᠡ ᠭᠡᠵᠤ ᠪᠦᠬᠦ ᠬᠤᠰᠢᠭᠤᠨ ᠤ ᠠᠷᠠᠳ ᠤᠯᠠᠨ ᠳᠤ ᠠᠮᠠᠯᠠᠳᠠᠵᠠᠢ᠃       ᠦᠪᠡᠷ ᠤᠨ ᠠᠮᠠᠯᠠᠯᠲᠠ ᠪᠠᠨ ᠪᠡᠶᠡᠯᠡᠭᠦᠯᠬᠦ ᠶᠢᠨ ᠲᠦᠯᠦᠭᠡ᠂ ᠲᠡᠷᠡ ᠤᠷᠴᠤᠨ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠬᠤ ᠪᠠᠭ ᠢᠶᠠᠨ ᠳᠠᠭᠠᠭᠤᠯᠤᠨ ᠲᠦᠷᠦᠯ ᠵᠦᠢᠯ᠂ ᠪᠡᠯᠡ ᠮᠦᠡᠭᠭᠦ᠂ ᠲᠦᠷᠦ ᠶᠢᠨ ᠪᠤᠳᠤᠯᠭ᠎ᠠ ᠶᠢᠨ ᠳᠡᠳᠬᠦᠮᠵᠢ ᠶᠢ ᠴᠢᠷᠮᠠᠶᠢᠨ ᠤᠯᠵᠠᠢ᠃ ᠲᠡᠷᠡ᠄ ︽ᠪᠢᠳᠡ ᠬᠠᠮᠤᠭ ᠤᠯᠠᠨ ᠳᠠᠭᠠᠨ ᠨᠢᠭᠡ ᠡᠳᠦᠷ 3 ᠬᠤᠲᠠ᠂ 5 ᠰᠠᠯᠠᠭ᠎ᠠ ᠮᠦᠴᠢᠷ ᠢᠶᠠᠷ ᠶᠠᠪᠤᠵᠤ᠂ 3 ᠵᠦᠪᠳᠡᠨ ᠬᠡᠯᠡᠯᠴᠡᠬᠦ ᠬᠤᠷᠠᠯ ᠳᠤ ᠤᠷᠤᠯᠴᠠᠨ᠂ ᠬᠤᠷᠢᠭᠠᠳ ᠢᠯᠡᠬᠦᠦ ᠠᠵᠤ ᠠᠬᠤᠢᠢᠯᠠᠯ ᠤᠨ ᠬᠠᠷᠢᠭᠤᠴᠠᠯᠭᠠᠲᠡᠳ ᠲᠠᠢ ᠠᠭᠤᠯᠵᠠᠵᠤ᠂ ᠤᠷᠤᠢ ᠨᠢ ᠪᠤᠯᠬᠤ ᠳᠤ ᠶᠡᠳᠠᠷᠠᠵᠤ ᠲᠦᠢᠯᠳᠠᠭᠠᠳ ᠤᠷᠤᠨ ᠠᠴᠠ ᠪᠠᠨ ᠪᠤᠰᠬᠤ ᠴᠢᠳᠠᠯ ᠦᠭᠡᠢ ᠪᠤᠯᠳᠠᠭ︾ ᠭᠡᠵᠤ ᠲᠤᠬᠠᠢ ᠶᠢᠨ ᠦᠶ ᠎ᠠ ᠶᠢᠨ ᠲᠦᠷᠦᠯ ᠵᠦᠢᠯ ᠤᠷᠤᠭᠤᠯᠬᠤ ᠪᠠᠷ ᠴᠢᠷᠮᠠᠶᠢᠨ ᠠᠵᠢᠯᠯᠠᠵᠤ ᠪᠠᠶᠢᠭᠰᠠᠨ ᠢᠶᠠᠨ ᠡᠷᠭᠢᠴᠡᠬᠦᠯᠦᠨ ᠶᠠᠷᠢᠵᠤ ᠪᠠᠶᠢᠯ᠎ᠠ᠃       ᠲᠡᠭᠦᠨ ᠤ ᠡᠨᠡᠬᠦ ᠰᠢᠨᠳᠠᠷᠠᠰᠢ ᠦᠭᠡᠢ ᠴᠢᠷᠮᠠᠶᠢᠯᠭ᠎ᠠ ᠪᠠ ᠮᠤᠬᠤᠰᠢ ᠦᠭᠡᠢ ᠵᠤᠷᠢᠭ ᠤᠨ ᠬᠠᠷᠢᠭᠤ᠂ ᠱᠦ ᠲᠢᠶᠠᠨ ᠲᠦᠮᠦᠰᠦᠨ ᠤ ᠦᠢᠯᠡᠰ᠂ ᠰᠢᠨ ᠴᠠᠩ ᠲᠠᠢ ᠼᠧᠮᠧᠨ᠋ᠲ᠂ ᠰᠢᠶᠠᠨᠪᠢ ᠶᠤᠸᠠᠨ ᠠᠷᠢᠬᠢᠨ ᠤ ᠦᠢᠯᠡᠰ ᠵᠡᠷᠭᠡ ᠠᠵᠤ ᠠᠬᠤᠢᠢᠯᠠᠯ ᠲᠠᠷᠠᠭ᠎ᠠ ᠲᠠᠷᠠᠭ᠎ᠠ ᠪᠠᠷ ᠤᠷᠴᠤᠨ ᠬᠤᠰᠢᠭᠤᠨ ᠳᠤ ᠰᠠᠭᠤᠷᠢᠰᠢᠵᠤ᠂ ᠪᠦᠬᠦ ᠬᠤᠰᠢᠭᠤᠨ ᠤ ᠠᠵᠤ ᠦᠢᠯᠡᠳᠪᠤᠷᠢ ︽ᠲᠡᠭ︾ ᠪᠠᠶᠢᠭᠰᠠᠨ ᠠᠴᠠ 12 ᠪᠤᠯᠤᠭᠰᠠᠨ ᠯᠤᠲᠤ ᠶᠡᠭᠡ ᠰᠢᠪᠲᠤᠯᠤᠯᠲᠠ ᠶᠢ ᠪᠡᠶᠡᠯᠡᠬᠦᠯᠵᠤ᠂ 2010 ᠤᠨ ᠳᠤ ᠨᠡᠮᠡᠭᠳᠡᠯ ᠦᠷᠳᠡᠭ ᠨᠢ 2.4 ᠳ᠋ᠦᠡᠭᠰᠢᠭᠤᠷ ᠲᠦᠭᠦᠷᠢᠭ ᠲᠤ ᠬᠦᠷᠪᠡ᠃       ᠮᠡᠷᠭᠡᠨᠪᠦ᠋ᠭᠡ ᠴᠠᠭ ᠢᠮᠠᠭᠳᠠ ᠠᠩᠴᠢᠳ ᠤᠨ ᠦᠢᠯᠡᠳᠪᠤᠷᠢᠯᠡᠯ ᠠᠮᠢᠳᠤᠷᠠᠯ ᠤᠨ ᠲᠦᠯᠦᠭᠡ ᠰᠠᠨᠠᠭᠠᠰᠢᠷᠠᠨ᠂ ᠤᠷᠴᠤᠨ ᠦᠨᠳᠦᠰᠦᠲᠡᠨ ᠤ ᠠᠩᠴᠢᠳ ︵ᠰᠠᠭᠤᠭᠠᠯᠢ ᠠᠷᠠᠳ︶ ᠲᠤ ᠬᠤᠲᠠ ᠪᠠᠯᠭᠠᠰᠤ ᠪᠠ ᠬᠦᠲᠡᠭᠡ ᠲᠤᠰᠬᠤᠨ ᠤ ᠠᠮᠢᠳᠤᠷᠠᠯ ᠤᠨ ᠪᠠᠲᠤᠯᠠᠭ᠎ᠠ ᠶᠢᠨ ᠮᠦᠡᠭᠭᠦ ᠶᠢ ᠡᠳ᠋ᠯᠡᠬᠦᠯᠬᠦ ᠲᠦᠷᠦ ᠶᠢᠨ ᠪᠤᠳᠤᠯᠭ᠎ᠠ ᠶᠢ ᠴᠢᠷᠮᠠᠶᠢᠨ ᠤᠯᠵᠤ ᠦᠭᠴᠦ᠂ ᠲᠠᠳᠠᠨᠤᠰ ᠢ ᠴᠦᠮ ᠡᠮ ᠡᠮᠨᠡᠯᠭᠡ ᠶᠢᠨ ᠳᠠᠭᠠᠳᠬᠠᠯ᠂ ᠰᠢᠨ᠎ᠡ ᠮᠠᠶ᠋ᠢᠭ ᠤᠨ ᠬᠦᠳᠡᠭᠡ ᠲᠤᠰᠬᠤᠨ ᠤ ᠬᠤᠷᠰᠢᠭᠰᠠᠨ ᠡᠮ ᠡᠮᠨᠡᠯᠭᠡ ᠶᠢᠨ ᠰᠢᠰᠲ᠋ᠧᠮ ᠪᠠ ᠬᠦᠳᠡᠭᠡ ᠲᠤᠰᠬᠤᠨ ᠤ ᠬᠦᠨᠳᠦ ᠡᠪᠡᠳᠴᠢᠨ ᠢ ᠡᠮᠨᠡᠨ ᠵᠠᠰᠠᠬᠤ ᠲᠡᠳᠬᠦᠮᠵᠢ ᠶᠢᠨ ᠬᠦᠷᠢᠶ ᠎ᠠ ᠬᠡᠪᠴᠢᠶᠠᠨ ᠳᠤ ᠤᠷᠤᠭᠤᠯᠵᠠᠢ᠃ 2011 ᠤᠨ ᠪᠤᠯᠬᠤ ᠳᠤ ᠤᠷᠴᠤᠨ ᠬᠤᠰᠢᠭᠤᠨ ᠤ ᠤᠷᠤᠨ ᠨᠤᠲᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ 38 ᠳ᠋ᠦᠡᠭᠰᠢᠭᠤᠷ ᠲᠦᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠭᠡᠢ ᠤᠷᠤᠯᠭ᠎ᠠ 2.17 ᠳ᠋ᠦᠡᠭᠰᠢᠭᠤᠷ ᠲᠦᠭᠦᠷᠢᠭ ᠢ ᠪᠠᠶᠠᠯᠠᠬᠦᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠴᠡᠪᠡᠷ ᠤᠷᠤᠯᠭ᠎ᠠ 12635 ᠲᠦᠭᠦᠷᠢᠭ ᠲᠤ ᠬᠦᠷᠴᠦ᠂ ᠲᠠᠷᠢᠶᠠᠴᠢᠳ ᠤᠨ ᠬᠦᠮᠦᠨ ᠳᠤᠮᠳᠠᠴᠢ ᠶᠢᠨ ᠴᠡᠪᠡᠷ ᠤᠷᠤᠯᠭ᠎ᠠ 4829 ᠲᠦᠭᠦᠷᠢᠭ ᠲᠤ ᠬᠦᠷᠪᠡ᠃       ︽ᠦᠨᠳᠦᠰᠦᠲᠡᠨ ᠤ ᠪᠦᠯᠬᠦᠮᠳᠠᠯ ᠨᠢ ᠨᠠᠶᠢᠭᠡᠮ ᠤᠨ ᠢ ᠎ᠡ ᠵᠤᠬᠢᠴᠠᠩᠭᠤᠢ᠂ ᠬᠢᠯᠢ ᠬᠢᠵᠠᠭᠠᠷ ᠤᠨ ᠠᠮᠤᠷ ᠲᠤᠭᠲᠠᠭᠤᠨ᠂ ᠤᠯᠤᠰ ᠤᠷᠤᠨ ᠤ ᠨᠢᠭᠡᠲᠤᠯ ᠲᠠᠢ ᠬᠤᠯᠪᠤᠭᠳᠠᠵᠤ ᠪᠠᠶᠢᠳᠠᠭ ᠠᠴᠠ ᠶᠠᠮᠠᠷ ᠡᠷᠢᠨ ᠳᠤ ᠴᠦ ᠰᠤᠯᠠᠷᠠᠭᠤᠯᠵᠤ ᠪᠤᠯᠬᠤ ᠦᠭᠡᠢ︾       2012 ᠤᠨ ᠤ 4 ᠰᠠᠷ ᠎ᠠ ᠳᠤ ᠮᠡᠷᠭᠡᠨᠪᠦ᠋ᠭᠡ 40 ᠵᠢᠯ ᠰᠢᠬᠠᠮ ᠠᠵᠢᠯᠯᠠᠵᠤ ᠠᠮᠢᠳᠤᠷᠠᠭᠰᠠᠨ ᠤᠷᠴᠤᠨ ᠤ ᠦᠪᠡᠷᠲᠡᠭᠡᠨ ᠵᠠᠰᠠᠬᠤ ᠬᠤᠰᠢᠭᠤᠨ ᠠᠴᠠ ᠪᠠᠨ ᠠᠶᠠᠷᠯᠠᠵᠤ᠂ ᠭᠦᠯᠦᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦ᠋ᠪᠯᠡᠯ ᠤᠨ ᠡᠷᠬᠢᠯᠡᠭᠴᠢ ᠪᠠᠷ ᠠᠵᠢᠯ ᠰᠢᠯᠵᠢᠵᠠᠢ᠃       ᠪᠦᠬᠦ ᠬᠤᠲᠠ ᠶᠢᠨ ᠡᠯ᠎ᠡ ᠦᠨᠳᠦᠰᠦᠲᠡᠨ ᠤ ᠪᠦᠯᠬᠦᠮᠳᠠᠯ ᠢ ᠪᠠᠲᠤᠯᠠᠬᠤ ᠶᠢᠨ ᠲᠦᠯᠦᠭᠡ᠂ ᠲᠡᠷᠡ ᠪᠦᠬᠦ ᠤᠯᠤᠰ ᠤᠨ ᠦᠨᠳᠦᠰᠦᠲᠡᠨ ᠤ ᠪᠦᠯᠬᠦᠮᠳᠠᠯ ᠳᠠᠪᠰᠢᠯᠲᠡ ᠶᠢᠨ ᠲᠠᠭᠤᠷᠢᠶᠠᠯᠲᠤ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢ ᠳᠤᠷᠠᠳᠤᠭᠰᠠᠨ ᠪᠦᠭᠡᠳ ᠪᠦᠲᠦᠭᠡᠨ ᠪᠠᠶᠢᠭᠤᠯᠬᠤ ᠲᠦᠰᠦᠪ ᠢ ᠡᠷᠬᠢᠯᠡᠨ ᠲᠤᠭᠲᠠᠭᠠᠵᠤ᠂ ᠪᠠᠶᠢᠩᠭᠤ ᠶᠢᠨ ᠲᠤᠭᠲᠠᠴᠠ ᠶᠢ ᠪᠠᠶᠢᠭᠤᠯᠤᠭᠠᠳ ᠪᠦᠲᠦᠭᠡᠨ ᠪᠠᠶᠢᠭᠤᠯᠬᠤ ᠠᠵᠢᠯ ᠢ ᠪᠠᠶᠢᠩᠭᠤ ᠶᠢᠨ᠂ ᠲᠦᠷᠢᠮᠵᠢᠭᠰᠡᠨ ᠵᠠᠮ ᠳᠤ ᠤᠷᠤᠭᠤᠯᠵᠠᠢ᠃ ᠬᠡᠳᠦᠨ ᠵᠢᠯ ᠤᠨ ᠲᠤᠷᠰᠢ᠂ ᠪᠦᠬᠦ ᠬᠤᠲᠠ ᠶᠢᠨ 452 ᠬᠠᠮᠲᠦ ᠨᠡᠶᠢᠲᠡ ᠪᠠ ᠬᠤᠪᠢ ᠬᠦᠮᠦᠨ ᠳᠤ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠪᠠ ᠬᠤᠰᠢᠭᠤ ᠬᠤᠲᠠ ᠶᠢᠨ ᠦᠨᠳᠦᠰᠦᠲᠡᠨ ᠤ ᠪᠦᠯᠬᠦᠮᠳᠠᠯ ᠲᠠᠪᠰᠢᠯᠲᠡ ᠶᠢᠨ ᠵᠢᠱᠢᠶᠡᠴᠢ ᠶᠢᠨ ᠴᠤᠯᠠ ᠤᠯᠭᠤᠵᠠᠢ︔ ᠡᠷᠭᠦᠨ᠎ᠡ ᠬᠤᠲᠠ᠂ ᠡᠸᠡᠩᠭᠢ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ ᠨᠢ ︽ᠪᠦᠬᠦ ᠤᠷᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯᠲᠤ ᠬᠤᠰᠢᠭᠤ ᠬᠤᠲᠠ︾ ᠪᠠᠷ ᠴᠤᠯᠠᠯᠠᠭᠳᠠᠵᠤ᠂ ᠡᠯ᠎ᠡ ᠬᠤᠰᠢᠭᠤ ᠬᠤᠲᠠ ᠪᠠᠰᠠ ᠨᠢᠭᠡ ᠪᠦᠯᠦᠭ ᠲᠠᠭᠤᠷᠢᠶᠠᠯᠲᠤ ᠰᠢᠶᠠᠩ ︵ᠪᠠᠯᠭᠠᠰᠤ᠂ ᠰᠤᠮᠤ᠂ ᠵᠡᠭᠡᠯᠢ ᠭᠤᠳᠤᠮᠵᠢ᠂ ᠭᠡᠷᠡᠭ ᠡᠷᠬᠢᠯᠡᠬᠦ ᠭᠠᠵᠠᠷ︶ ᠢ ᠨᠡᠷᠡᠶᠢᠳᠴᠦ᠂ ᠪᠦᠬᠦ ᠬᠤᠲᠠ ᠶᠢᠨ ᠬᠡᠪᠴᠢᠶᠡᠨ ᠳᠤ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠠᠢ᠃       2012 ᠤᠨ ᠳᠤ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠵᠤᠬᠢᠶᠠᠨ ᠪᠠᠶᠢᠭᠤᠯᠵᠤ ᠰᠤᠩᠭᠤᠨ ᠶᠠᠪᠤᠭᠤᠯᠤᠭᠰᠠᠨ ᠲᠠᠭᠤᠤ ᠪᠦᠵᠢᠭ ᠰᠢᠯᠦᠭᠯᠡᠯᠲᠦ ᠵᠦᠴᠦᠭᠡ ︽ᠬᠦᠯᠦᠨ ᠪᠤᠶᠢᠷ ᠤᠨ ᠴᠠᠰᠤᠲᠤ ᠲᠠᠯ ᠎ᠠ︾ ᠨᠢ ᠪᠦᠬᠦ ᠤᠯᠤᠰ ᠤᠨ ᠲᠦᠷᠪᠡᠳᠦᠭᠡᠷ ᠬᠤᠭᠤᠴᠠᠭᠠᠨ ᠤ ᠴᠦᠬᠡᠨ ᠲᠤᠭᠠᠲᠤ ᠦᠨᠳᠦᠰᠦᠲᠡᠨ ᠤ ᠤᠳᠬ ᠎ᠠ ᠤᠷᠠᠯᠢᠭ ᠤᠨ ᠦᠵᠡᠬᠦᠯᠦᠯᠭᠡ ᠶᠢᠨ ᠲᠤᠭᠯᠠᠯᠲᠠ ᠳᠤ 8 ᠲᠦᠷᠦᠯ ᠤᠨ ᠲᠤᠮᠤ ᠱᠠᠩᠨᠠᠯ ᠢ ᠬᠦᠷᠲᠡᠵᠤ᠂ ᠦᠪᠡᠷᠲᠡᠭᠡᠨ ᠵᠠᠰᠠᠬᠤ ᠤᠷᠤᠨ ᠤ ᠪᠦᠬᠦ ᠤᠯᠤᠰ ᠤᠨ ᠦᠨᠳᠦᠰᠦᠲᠡᠨ ᠤ ᠤᠳᠬ ᠎ᠠ ᠤᠷᠠᠯᠢᠭ ᠤᠨ ᠦᠵᠡᠭᠦᠯᠦᠯᠭᠡ ᠶᠢᠨ ᠲᠤᠭᠯᠠᠯᠲᠠ ᠳᠤ ᠤᠷᠤᠯᠴᠠᠭᠰᠠᠨ ᠲᠡᠤᠬᠡᠨ ᠳᠠᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠡᠭᠦᠳᠴᠡᠢ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ