ᠴᠠᠭ ᠦᠶ᠎ᠡ ᠶᠢᠨ ᠬᠤᠪᠢᠰᠤᠯᠳᠠ ᠳᠤᠮᠳᠠᠬᠢ ᠶᠠᠭᠰᠢ ᠪᠠ ᠤᠷᠴᠤᠨ
ᠨᠡᠶᠢᠲᠡᠯᠡᠭᠰᠡᠨ ᠴᠠᠭ᠄
2022/12/12
      ᠨᠢᠭᠡ᠂ ᠶᠠᠭᠰᠢ ᠶᠢᠨ ᠬᠤᠪᠢᠷᠠᠯᠳᠠ
      ᠬᠤᠶᠠᠷ᠂ ᠤᠷᠴᠤᠨ ᠤ ᠬᠤᠪᠢᠷᠠᠯᠳᠠ             ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ ᠠᠴᠠ ᠡᠮᠦᠨ᠎ᠡ᠂ ᠤᠷᠴᠤᠨᠴᠤᠳ ᠪᠠᠯᠠᠷ ᠡᠷᠲᠡᠨ ᠤ ᠨᠡᠶᠢᠬᠡᠮ ᠤᠨ ᠰᠡᠭᠦᠯᠴᠢ ᠶᠢᠨ ᠦᠶ᠎ᠡ ᠶᠢᠨ ᠤᠪᠤᠭ ᠠᠶᠢᠮᠠᠭ ᠤᠨ ᠱᠠᠲᠤ ᠦᠶ᠎ᠡ ᠳᠤ ᠤᠷᠤᠰᠢᠵᠤ᠂ ᠪᠠᠯᠠᠷᠯᠢᠭ ᠨᠡᠭᠦᠳᠡᠯ ᠠᠩᠨᠠᠯ ᠠᠮᠢᠳᠤᠷᠠᠯ ᠬᠢᠵᠦ ᠪᠠᠶᠢᠵᠠᠢ᠃ ︽ᠤᠷᠦᠴᠠ︾ ᠪᠤᠯ ᠳᠠᠷᠤᠢ ᠲᠤᠬᠠᠢ ᠶᠢᠨ ᠦᠶ᠎ᠡ ᠳᠤ ᠤᠷᠴᠤᠨᠴᠤᠳ ᠤᠨ ᠰᠠᠭᠤᠵᠤ ᠪᠠᠶᠢᠭᠰᠠᠨ ᠰᠠᠭᠤᠴᠠ ᠪᠤᠯᠤᠨ᠎ᠠ᠃ ᠲᠡᠷᠡ ᠨᠢ ᠱᠤᠪᠤᠭᠤᠷ ᠪᠠᠭᠠᠨ᠎ᠠ ᠬᠡᠯᠪᠡᠷᠢᠳᠡᠢ ᠪᠠᠶᠢᠵᠤ᠂ ᠮᠤᠳᠤᠨ ᠪᠠᠭᠠᠨ᠎ᠠ ᠪᠠᠷ ᠭᠤᠷᠪᠠᠯᠵᠢᠨ ᠨᠢᠷᠤᠭᠤᠪᠴᠢ ᠪᠤᠰᠬᠠᠵᠤ᠂ ᠵᠤᠨ ᠤ ᠤᠯᠠᠷᠢᠯ ᠳᠤ ᠭᠠᠳᠠᠭᠤᠷ ᠨᠢ ᠬᠤᠰᠤ ᠮᠤᠳᠤᠨ ᠬᠠᠯᠢᠰᠤ ᠪᠠᠷ ᠪᠦᠷᠬᠦᠵᠦ᠂ ᠡᠪᠦᠯ ᠤᠨ ᠤᠯᠠᠷᠢᠯ ᠳᠤ ᠠᠮᠢᠳᠠᠨ ᠠᠷᠢᠶᠠᠳᠠᠨ ᠤ ᠠᠷᠠᠰᠤ  ᠪᠠᠷ ᠪᠦᠷᠬᠦᠳᠡᠭ᠃ ︽ᠤᠷᠦᠴᠠ︾ ᠶᠢ ᠪᠤᠰᠬᠠᠬᠤ ᠳᠤ ᠠᠮᠠᠷᠬᠠᠨ᠂ ᠨᠡᠭᠦᠵᠦ ᠪᠠᠭᠤᠬᠤ ᠳᠤ ᠳᠦᠬᠦᠮ ᠪᠠᠶᠢᠳᠠᠭ ᠠᠴᠠ ᠲᠡᠷᠡ ᠨᠢ ᠨᠡᠭᠦᠳᠡᠯ ᠠᠩᠨᠠᠯ ᠠᠮᠢᠳᠤᠷᠠᠯ ᠳᠤ ᠮᠠᠰᠢ ᠲᠤᠬᠢᠷᠠᠳᠠᠭ᠃ ᠭᠡᠪᠡᠴᠤ ᠳᠡᠭ ᠠᠴᠠ ᠳᠤᠷᠤᠭᠰᠢᠬᠢ ᠳᠦᠴᠢ ᠲᠠᠪᠢᠨ ᠭᠷᠠᠳᠦ᠋ᠰ ᠤᠨ ᠬᠦᠢᠳᠡᠨ ᠳᠤ ᠴᠦ ᠠᠳᠡ ᠠᠮᠢᠳᠤᠷᠠᠵᠤ ᠪᠠᠶᠢᠭᠰᠠᠨ ᠤᠷᠴᠤᠨ ᠠᠩᠴᠢᠳ ᠬᠠᠬᠢᠷ ᠬᠦᠢᠳᠡᠨ ᠤ ᠵᠤᠪᠠᠯᠠᠩ ᠢ ᠬᠠᠨᠳᠠᠯ᠎ᠠ ᠠᠮᠰᠠᠵᠤ ᠪᠠᠶᠢᠵᠠᠢ᠃

                   ᠤᠷᠴᠤᠨ ᠠᠩᠴᠢᠳ ᠤᠨ ᠨᠡᠭᠦᠳᠡᠯ ᠠᠮᠢᠳᠤᠷᠠᠯ ᠬᠢᠵᠤ ᠪᠠᠶᠢᠭᠰᠠᠨ ᠦᠶ᠎ᠡ ᠶᠢᠨ ︽ᠤᠷᠦᠴᠠ︾

      1953 ᠤᠨ ᠤ ᠬᠠᠪᠤᠷ᠂ ᠨᠠᠮ ᠤᠨ ᠲᠦᠪ ᠬᠤᠷᠢᠶᠠᠨ ᠠᠴᠠ ᠤᠷᠴᠤᠨ ᠤ ᠠᠩᠴᠢᠳ ᠢ ᠲᠦᠪᠯᠡᠷᠡᠭᠦᠯᠦᠨ ᠰᠠᠭᠤᠷᠢᠰᠢᠭᠤᠯᠬᠤ ᠤᠷᠢᠶᠠᠯᠠᠭ᠎ᠠ ᠳᠤᠷᠠᠳᠪᠠ᠃

ᠡᠶᠢᠨᠬᠦ᠂ ᠤᠷᠴᠤᠨ ᠤ ᠦᠪᠡᠷᠲᠡᠬᠡᠨ ᠵᠠᠰᠠᠬᠤ ᠬᠤᠰᠢᠭᠤ ᠤᠷᠤᠰᠬᠠᠯ ᠳᠠᠭᠠᠤ ᠲᠠᠷᠬᠠᠨ ᠠᠮᠢᠳᠤᠷᠠᠵᠤ ᠪᠠᠶᠢᠭ᠎ᠠ ᠡᠯ᠎ᠡ ᠠᠶᠢᠮᠠᠭ ᠪᠦᠯᠦᠭ ᠢ ᠳᠦᠷᠪᠡᠨ ᠰᠠᠭᠤᠷᠢᠰᠢᠯ ᠪᠤᠯᠭᠠᠨ

ᠬᠤᠪᠢᠶᠠᠵᠤ᠂ ᠠᠭᠤᠯᠠ ᠤᠰᠤᠨ ᠠᠴᠠ ᠤᠶᠢᠷᠠᠬᠠᠨ᠂ ᠵᠠᠮ ᠬᠠᠷᠢᠯᠴᠠᠭ᠎ᠠ ᠳᠦᠬᠦᠮ᠂ ᠠᠩᠴᠢᠳ ᠤᠨ ᠦᠢᠯᠡᠳᠪᠦᠷᠢᠯᠡᠯ ᠬᠢᠬᠦ ᠳᠤ ᠠᠰᠢᠭᠳᠠᠢ ᠭᠠᠵᠠᠷ ᠢ ᠰᠤᠩᠭᠤᠵᠤ ᠰᠢᠨ᠎ᠡ

ᠰᠠᠭᠤᠷᠢᠰᠢᠯ ᠴᠡᠭ ᠪᠤᠯᠭᠠᠨ᠂ ᠮᠤᠳᠤᠨ ᠨᠢᠷᠤᠭᠤᠪᠴᠢ ᠲᠠᠢ᠂ ᠤᠯᠠᠯᠵᠢᠨ ᠠᠲᠠᠷ ᠲᠠᠢ ᠰᠢᠪᠠᠷ ᠪᠠᠶᠢᠰᠢᠩ ᠪᠠᠷᠢᠵᠤ ᠤᠷᠴᠤᠨ ᠠᠩᠴᠢᠳ ᠢ ᠰᠠᠭᠤᠷᠢᠰᠢᠭᠤᠯᠵᠠᠢ᠃ 1954

ᠤᠨ ᠳᠤ ᠬᠠᠮᠤᠭ ᠠᠩᠬᠠᠨ ᠤ ᠰᠠᠭᠤᠷᠢᠰᠢᠯ ᠢ ᠪᠠᠶᠢᠭᠤᠯᠵᠤ ᠡᠬᠢᠯᠡᠭᠰᠡᠨ ᠠᠴᠠ 1958 ᠤᠨ ᠳᠤ ᠬᠠᠮᠤᠭ ᠰᠡᠭᠦᠯᠴᠢ ᠶᠢᠨ ᠰᠠᠭᠤᠷᠢᠰᠢᠯ ᠢ ᠪᠠᠶᠢᠭᠤᠯᠵᠤ ᠳᠠᠭᠤᠰᠳᠠᠯ᠎ᠠ

ᠲᠤᠰ ᠬᠤᠰᠢᠭᠤ ᠨᠡᠶᠢᠳᠡ 4 ᠠᠩᠴᠢᠳ ᠤᠨ ᠲᠤᠰᠬᠤᠨ ᠢ ᠪᠠᠶᠢᠭᠤᠯᠵᠤ᠂ ᠡᠭᠦᠨ ᠠᠴᠠ ᠡᠬᠢᠯᠡᠵᠦ ᠪᠦᠬᠦ ᠤᠷᠴᠤᠨ ᠠᠩᠴᠢᠳ ᠰᠠᠭᠤᠷᠢᠰᠢᠯ ᠠᠮᠢᠳᠤᠷᠠᠯ ᠢ ᠡᠳ᠋ᠯᠡᠬᠦ

ᠪᠤᠯᠵᠠᠢ᠃ ᠰᠡᠭᠦᠯᠡᠷ ᠨᠢ ᠵᠠᠰᠠᠭ ᠤᠨ ᠤᠷᠳᠤᠨ ᠠᠴᠠ ᠤᠯᠠᠨ ᠤᠳᠠᠭ᠎ᠠ ᠠᠩᠴᠢᠳ ᠤᠨ ᠰᠠᠭᠤᠬᠤ ᠭᠡᠷ ᠢ  ᠵᠠᠰᠠᠨ ᠰᠢᠨᠡᠳᠬᠡᠵᠦ᠂ ᠰᠢᠪᠠᠷ ᠪᠠᠶᠢᠰᠢᠩ ᠠᠴᠠ ᠮᠤᠳᠤᠨ

ᠬᠠᠪᠳᠠᠰᠤᠳᠤ ᠰᠢᠪᠠᠷ ᠪᠠᠶᠢᠰᠢᠩ᠂ ᠳᠠᠬᠢᠨ ᠸᠠᠭᠠᠷ ᠲᠤᠭᠤᠰᠬᠠᠨ ᠪᠠᠶᠢᠰᠢᠩ ᠪᠠᠶᠢᠭᠤᠯᠤᠨ ᠦᠭᠴᠦ᠂ ᠤᠷᠴᠤᠨᠴᠤᠳ ᠤᠨ ᠰᠠᠭᠤᠬᠤ ᠭᠡᠷ ᠤᠨ ᠨᠦᠬᠦᠴᠡᠯ ᠢ ᠠᠯᠭᠤᠷ

ᠰᠠᠶᠢᠵᠢᠷᠠᠭᠤᠯᠪᠠ᠃ 2000 ᠤᠨ ᠳᠤ ᠳᠤᠰ ᠬᠤᠰᠢᠭᠤ ᠨᠢ ᠬᠤᠰᠢᠭᠤ ᠠᠩᠬ᠎ᠠ ᠪᠠᠶᠢᠭᠤᠯᠤᠭᠰᠠᠨ ᠭᠠᠵᠠᠷ ᠪᠤᠯᠬᠤ ᠨᠤᠮᠢᠨ ᠪᠠᠯᠭᠠᠰᠤᠨ ᠳᠤ ᠬᠠᠮᠤᠭ ᠠᠩᠬ᠎ᠠ

ᠠᠩᠴᠢᠨ ᠤ ᠲᠤᠰᠬᠤᠨ ᠢ ᠨᠡᠶᠢᠭᠡᠮ ᠲᠤᠭᠤᠷᠢᠭ ᠮᠠᠶ᠋ᠢᠭ ᠢᠶᠠᠷ ᠬᠠᠮᠢᠶᠠᠷᠬᠤ ᠳᠠᠭᠤᠷᠢᠶᠠᠯ ᠲᠤᠰᠬᠤᠨ ᠢ ᠪᠠᠶᠢᠭᠤᠯᠪᠠ᠃ ᠡᠭᠦᠨ ᠠᠴᠠ ᠰᠡᠭᠦᠯᠡᠷ ᠵᠠᠷᠢᠮ ᠠᠩᠴᠢᠳ ᠤᠨ

ᠲᠤᠰᠬᠤᠨ ᠨᠢ ᠠᠰᠠᠷ ᠲᠠᠭᠲᠤ ᠪᠠᠷᠢᠵᠤ ᠡᠬᠢᠯᠡᠵᠡᠢ᠃ ᠤᠳᠤᠬᠠᠨ ᠳᠤ ᠠᠩᠴᠢᠳ ᠤᠨ ᠲᠤᠰᠬᠤᠨ ᠤ ᠭᠡᠷ ᠪᠠᠷᠢᠯᠭ᠎ᠠ ᠨᠢ ᠡᠮᠬᠢ ᠴᠡᠭᠴᠡ ᠲᠠᠢ᠂ ᠲᠤᠨᠤᠭ ᠲᠦᠬᠦᠭᠡᠷᠦᠮᠵᠢ

ᠪᠦᠷᠢᠨ ᠲᠦᠬᠦᠷ᠂ ᠤᠷᠴᠢᠨ ᠲᠤᠭᠤᠷᠢᠨ ᠴᠡᠪᠡᠷ ᠴᠡᠮᠴᠡᠭᠡᠷ᠂ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠨᠢ ᠴᠦ ᠪᠦᠬᠦᠨ ᠢᠶᠠᠷ ᠢᠶᠠᠨ ᠳᠦᠷᠢᠮᠵᠢᠭᠰᠡᠨ

ᠪᠠᠶᠢᠳᠠᠯ ᠳᠤ ᠤᠷᠤᠵᠤ᠂ ᠠᠩᠴᠢᠳ ᠤᠳᠤᠬᠢᠴᠢᠯᠠᠭᠰᠠᠨ ᠠᠮᠢᠳᠤᠷᠠᠯ ᠢ ᠡᠳ᠋ᠯᠡᠵᠦ ᠡᠬᠢᠯᠡᠵᠡᠢ᠃

              ᠠᠩᠴᠢᠳ ᠤᠨ ᠳᠤᠰᠬᠤᠨ ᠠᠩᠬ᠎ᠠ ᠪᠠᠶᠢᠭᠤᠯᠤᠭᠳᠠᠬᠤ ᠦᠶ᠎ᠡ ᠶᠢᠨ ᠰᠢᠪᠠᠷ ᠪᠠᠶᠢᠰᠢᠩ

                ᠠᠩᠴᠢᠳ ᠤᠨ ᠠᠮᠢᠳᠤᠷᠠᠵᠤ ᠪᠠᠶᠢᠭ᠎ᠠ ᠰᠢᠨ᠎ᠡ ᠸᠠᠭᠠᠷ ᠲᠤᠭᠤᠰᠬᠠᠨ ᠪᠠᠶᠢᠰᠢᠩ

                1951 ᠤᠨ ᠤ ᠦᠶ᠎ᠡ ᠶᠢᠨ ᠨᠤᠮᠢᠨ ᠪᠠᠯᠭᠠᠰᠤ

                   ᠨᠤᠮᠢᠨ ᠪᠠᠯᠭᠠᠰᠤᠨ ᠳᠠᠬᠢ ᠠᠩᠴᠢᠳ ᠤᠨ ᠳᠤᠰᠬᠤᠨ ᠤ ᠰᠢᠨ᠎ᠡ ᠦᠵᠡᠮᠵᠢ

                           ︵ᠲᠤᠰ ᠠᠭᠤᠯᠭ᠎ᠠ ᠶᠢ 2017 ᠤᠨ ᠳᠤ ᠮᠡᠳᠡᠭᠡᠯᠡᠪᠡ︶

ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ