ᠣᠷᠴᠤᠨ ᠬᠤᠰᠢᠭᠤ ︽ᠪᠦᠬᠦ ᠤᠯᠤᠰ ᠤᠨ ᠠᠷᠪᠠᠨ ᠰᠣᠳᠤᠨ ᠰᠣᠶᠤᠯ ᠤᠨ ᠵᠤᠭᠠᠴᠠᠯ ᠤᠨ ᠨᠡᠷᠡᠲᠦ ᠰᠢᠶᠠᠨ︾ ᠤ ᠢᠷᠠᠭᠤ ᠠᠯᠳᠠᠷ ᠢ ᠬᠦᠷᠲᠡᠪᠡ
ᠨᠡᠶᠢᠲᠡᠯᠡᠭᠰᠡᠨ ᠴᠠᠭ᠄
2022/12/12
      2018 ᠤᠨ ᠤ 1 ᠰᠠᠷ᠎ᠠ ᠳᠤ᠂ ᠤᠯᠤᠰ ᠤᠨ ᠦᠭᠡᠷᠡᠴᠢᠯᠡᠯᠲᠡ ᠬᠦᠭᠵᠢᠭᠦᠯᠦᠯᠲᠡ ᠶᠢᠨ ᠵᠦᠪᠯᠡᠯ ᠤᠨ ︽ᠬᠤᠷᠸ᠎ᠠ ᠠᠵᠤ ᠠᠬᠤᠢ ᠶᠢᠨ ᠬᠠᠮᠢᠶᠠᠷᠤᠯᠲᠠ︾ ᠰᠡᠳᠬᠦᠯ ᠤᠨ ᠨᠠᠶᠢᠷᠠᠭᠤᠯᠬᠤ ᠬᠡᠯᠳᠡᠰ᠂ ᠳᠤᠮᠳᠠᠳᠤ ᠤᠯᠤᠰ ᠤᠨ ᠣᠢ ᠰᠢᠭᠤᠢ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠠᠬᠢᠭᠤᠯᠬᠤ ᠨᠡᠶᠢᠭᠡᠮᠯᠢᠭ᠂ ᠠᠷᠠᠳ ᠤᠨ ᠡᠳᠦᠷ ᠤᠨ ᠰᠣᠨᠢᠨ ᠤ ︽ᠳᠤᠮᠳᠠᠳᠤ ᠤᠯᠤᠰ ᠤᠨ ᠬᠤᠲᠠ ᠶᠢᠨ ᠰᠣᠨᠢᠨ︾ ᠵᠡᠷᠭᠡ ᠪᠠᠶᠢᠭᠤᠯᠭ᠎ᠠ ᠨᠢᠭᠡᠴᠢ ᠠᠴᠠ ᠬᠠᠮᠲᠤᠷᠠᠨ ᠡᠷᠬᠢᠯᠡᠭᠰᠡᠨ 2018 ᠣᠨ ᠤ ︽ᠪᠣᠬᠢᠷᠲᠤᠯ ᠦᠭᠡᠢ ᠬᠦᠭᠵᠢᠯᠲᠡ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ︾ ᠤᠨ ᠵᠢᠱᠢᠶᠡᠴᠢ ᠬᠤᠲᠠ ᠪᠠᠯᠭᠠᠰᠤ ᠪᠠ ᠦᠵᠡᠮᠵᠢ ᠶᠢᠨ ᠣᠷᠤᠨ ᠤ ᠳᠡᠭᠡᠳᠦ ᠳᠡᠰ ᠤᠨ ᠶᠠᠷᠢᠶᠠᠨ ᠤ ᠲᠠᠪᠴᠠᠩ ᠬᠢᠭᠡᠳ ᠳᠤᠮᠳᠠᠳᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠯᠪᠤᠭᠠᠲᠤ ᠬᠤᠷᠠᠯ ᠤᠨ ᠠᠮᠢ ᠠᠬᠤᠢ ᠶᠢᠨ ᠬᠤᠲᠠ ᠶᠢᠨ ᠠᠵᠢᠯ ᠤᠨ ᠵᠦᠪᠯᠡᠯ ᠤᠨ ᠪᠡᠯᠡᠳᠬᠡᠯ ᠺᠤᠮᠢᠰ ᠪᠠᠶᠢᠭᠤᠯᠤᠭᠳᠠᠬᠤ ᠬᠤᠷᠠᠯ ᠳᠤ᠂ ᠣᠷᠴᠤᠨ ᠬᠤᠰᠢᠭᠤ ︽ᠪᠦᠬᠦ ᠤᠯᠤᠰ ᠤᠨ ᠠᠷᠪᠠᠨ ᠰᠣᠳᠤᠨ ᠰᠣᠶᠤᠯ ᠤᠨ ᠵᠤᠭᠠᠴᠠᠯ ᠤᠨ ᠨᠡᠷᠡᠲᠦ ᠰᠢᠶᠠᠨ︾ ᠤ ᠢᠷᠠᠭᠤ ᠠᠯᠳᠠᠷ ᠢ ᠬᠦᠷᠲᠡᠪᠡ᠃       ᠣᠷᠴᠤᠨ ᠤ ᠦᠪᠡᠷᠲᠡᠭᠡᠨ ᠵᠠᠰᠠᠬᠤ ᠬᠤᠰᠢᠭᠤᠨ ᠤ ᠨᠤᠲᠤᠭ ᠳᠡᠪᠢᠰᠬᠡᠷ ᠤᠨ ᠶᠡᠷᠦᠩᠬᠡᠢ ᠲᠠᠯᠠᠪᠠᠢ 59800 ᠲᠡᠭᠰᠢ ᠳᠦᠷᠪᠡᠯᠵᠢᠨ ᠺᠢᠯᠤᠮᠧᠲᠷ᠂ ᠶᠡᠷᠦᠩᠬᠡᠢ ᠬᠦᠮᠦᠨ ᠠᠮᠠ ᠶᠢᠨ ᠲᠤᠭ᠎ᠠ 28 ᠲᠦᠮᠡ ᠪᠠᠶᠢᠵᠤ᠂ ᠮᠠᠨ ᠤ ᠬᠤᠲᠠ ᠶᠢᠨ ᠨᠤᠲᠤᠭ ᠳᠡᠪᠢᠰᠬᠡᠷ ᠤᠨ ᠲᠠᠯᠠᠪᠠᠢ ᠪᠠᠷ ᠬᠠᠮᠤᠭ ᠶᠡᠭᠡ ᠬᠤᠰᠢᠭᠤ ︵ᠬᠤᠲᠠ︶ ᠮᠦᠷᠲᠡᠭᠡᠨ ︽ᠤᠮᠠᠷᠠᠲᠤ ᠣᠷᠤᠨ ᠤ ᠨᠣᠮᠢᠨ ᠨᠣᠭᠤᠭᠠᠨ ᠬᠠᠰ︾᠂ ︽ᠪᠣᠬᠢᠷᠲᠤᠯ ᠦᠭᠡᠢ ᠬᠦᠷᠦᠰᠦ ᠰᠢᠷᠤᠢ︾᠂ ︽ᠰᠢᠶᠠᠨᠪᠢ ᠦᠨᠳᠦᠰᠦᠲᠡᠨ ᠤ ᠡᠬᠢ ᠡᠭᠦᠰᠦᠯ ᠤᠨ ᠭᠠᠵᠠᠷ︾ ᠵᠡᠷᠭᠡ ᠰᠠᠶᠢᠬᠠᠨ ᠢᠷᠠᠭᠤ ᠠᠯᠳᠠᠷ ᠲᠠᠢ᠃ ᠲᠣᠰ ᠬᠤᠰᠢᠭᠤ ᠨᠢᠭᠡᠨᠲᠡ ᠤᠯᠤᠰ ᠤᠨ ᠳᠡᠰ ᠤᠨ ᠣᠢ ᠰᠢᠭᠤᠢ ᠶᠢᠨ ᠴᠡᠴᠡᠷᠯᠢᠭ ᠢ 3᠂ ᠦᠪᠡᠷᠲᠡᠭᠡᠨ ᠵᠠᠰᠠᠬᠤ ᠣᠷᠤᠨ ᠤ ᠳᠡᠰ  ᠤᠨ ᠣᠢ ᠰᠢᠭᠤᠢ ᠶᠢᠨ ᠴᠡᠴᠡᠷᠯᠢᠭ ᠢ 1᠂ ᠤᠯᠤᠰ᠂ ᠦᠪᠡᠷᠲᠡᠭᠡᠨ ᠵᠠᠰᠠᠬᠤ ᠣᠷᠤᠨ᠂ ᠬᠤᠰᠢᠭᠤᠨ ᠤ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠢ 8᠂ ᠤᠯᠤᠰ ᠪᠠ ᠦᠪᠡᠷᠲᠡᠭᠡᠨ ᠵᠠᠰᠠᠬᠤ ᠣᠷᠤᠨ ᠤ ᠳᠡᠰ ᠤᠨ ᠠᠮᠢ ᠠᠬᠤᠢ ᠶᠢᠨ ᠰᠢᠶᠠᠩ ᠪᠠᠯᠭᠠᠰᠤ ᠶᠢ 5 ᠪᠠᠶᠢᠭᠤᠯᠵᠤ᠂ ︽ᠤᠯᠤᠰ ᠤᠨ ᠴᠢᠨᠠᠷ ᠰᠠᠶᠢᠲᠠᠢ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ︾᠂ ︽ᠤᠯᠤᠰ ᠤᠨ ᠳᠡᠰ ᠤᠨ ᠪᠣᠬᠢᠷᠲᠤᠯ ᠦᠭᠡᠢ ᠲᠠᠷᠢᠶᠠᠯᠠᠩ ᠤᠨ ᠵᠢᠱᠢᠶ᠎ᠠ ᠦᠵᠡᠭᠦᠯᠬᠦ ᠣᠷᠤᠨ︾᠂ ︽ᠤᠯᠤᠰ ᠤᠨ ᠠᠮᠢ ᠠᠬᠤᠢ ᠶᠢᠨ ᠵᠢᠱᠢᠶ᠎ᠠ ᠦᠵᠡᠭᠦᠯᠬᠦ ᠣᠷᠤᠨ︾ ᠵᠡᠷᠭᠡ ᠢᠷᠠᠭᠤ ᠠᠯᠳᠠᠷ ᠢ ᠬᠦᠷᠲᠡᠭᠰᠡᠨ ᠶᠤᠮ᠃       ᠣᠶᠢᠷ᠎ᠠ ᠶᠢᠨ ᠵᠢᠯ ᠳᠤ᠂ ᠲᠣᠰ ᠬᠤᠰᠢᠭᠤ ︽ᠰᠣᠶᠤᠯ ᠤᠨ ᠵᠤᠭᠠᠴᠠᠯ ᠢᠶᠠᠷ ᠬᠤᠰᠢᠭᠤ ᠪᠠᠨ ᠮᠠᠨᠳᠤᠭᠤᠯᠬᠤ︾ ᠪᠠᠶᠢᠯᠳᠤᠬᠤ ᠪᠣᠳᠤᠯᠭ᠎ᠠ ᠶᠢ ᠭᠦᠨᠵᠡᠭᠡᠢ ᠬᠡᠷᠡᠭᠵᠢᠭᠦᠯᠦᠨ᠂ ︽ᠪᠦᠬᠦ ᠣᠷᠤᠨ ᠪᠦᠰᠡ ᠶᠢᠨ ᠵᠤᠭᠠᠴᠠᠯ︾᠂ ︽ᠳᠦᠷᠪᠡᠨ ᠤᠯᠠᠷᠢᠯ ᠤᠨ ᠵᠤᠭᠠᠴᠠᠯ︾ ᠤᠨ ᠣᠶᠢᠯᠠᠭᠠᠭᠳᠠᠬᠤᠨ ᠢ ᠪᠣᠢ ᠪᠣᠯᠭᠠᠵᠤ᠂ ᠤᠯᠤᠰ ᠤᠨ ᠳᠡᠰ ᠤᠨ ᠵᠤᠭᠠᠴᠠᠯ ᠤᠨ ᠵᠤᠭ᠎ᠠ ᠴᠡᠩᠬᠡᠯ ᠤᠨ ᠣᠷᠤᠨ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠵᠤᠭᠠᠴᠠᠯ + ᠲᠡᠦᠬᠡ + ᠠᠮᠢ ᠠᠬᠤᠢ + ᠦᠨᠳᠦᠰᠦᠲᠡᠨ + ᠪᠠᠶᠠᠷ ᠳᠤᠷᠠᠰᠬᠠᠯ ᠤᠨ ᠡᠳᠦᠷ + ᠪᠡᠶ᠎ᠡ ᠶᠢᠨ ᠲᠠᠮᠢᠷ︾ ᠤᠨ ᠰᠢᠨ᠎ᠡ ᠶᠢ ᠡᠭᠦᠳᠬᠦ ᠬᠦᠳᠡᠯᠭᠡᠭᠦᠷ ᠢ ᠭᠦᠢᠴᠡᠳ ᠠᠰᠢᠭᠯᠠᠵᠤ᠂ ᠣᠷᠴᠤᠨ ᠤ ︽ᠲᠠᠪᠤᠨ ᠨᠡᠷᠡᠲᠦ ᠲᠡᠮᠳᠡᠭ︾᠂ ︽ᠬᠠᠪᠤᠷ ᠤᠨ ᠴᠡᠴᠡᠭ᠂ ᠵᠤᠨ ᠤ ᠳᠦᠳᠡᠭ ᠭᠠᠯ᠂ ᠨᠠᠮᠤᠷ ᠤᠨ ᠪᠡᠶ᠎ᠡ ᠶᠢᠨ ᠲᠠᠮᠢᠷ᠂ ᠡᠪᠦᠯ ᠤᠨ ᠮᠦᠰᠦ ᠴᠠᠰᠤ︾ ᠶᠢᠨ ᠳᠦᠷᠪᠡᠨ ᠲᠣᠮᠤ ᠪᠠᠶᠠᠷ ᠳᠤᠷᠠᠰᠬᠠᠯ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠵᠤᠭᠠᠴᠠᠯ ᠤᠨ ᠦᠢᠯᠡᠳᠬᠦᠨ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠨᠴᠠᠯᠢᠭᠲᠤ ᠵᠤᠭᠠᠴᠠᠯ ᠤᠨ ᠦᠢᠯᠡᠳᠬᠦᠨ ᠤ ᠳᠤᠮᠳᠠ ᠳᠦᠷᠪᠡᠨ ᠤᠯᠠᠷᠢᠯ ᠤᠨ ᠣᠨᠴᠠᠯᠢᠭ ᠰᠢᠨᠵᠢ ᠶᠢ ᠰᠢᠩᠭᠡᠭᠡᠵᠦ᠂ ᠨᠡᠯᠢᠶᠡᠳ ᠰᠠᠶᠢᠨ ᠲᠦᠷᠦᠯ ᠲᠡᠮᠳᠡᠭ ᠤᠨ ᠨᠡᠷ᠎ᠡ ᠠᠯᠳᠠᠷᠰᠢᠯ ᠤᠨ ᠬᠡᠮᠵᠢᠶ᠎ᠡ ᠪᠠ ᠵᠤᠭᠠᠴᠠᠯ ᠤᠨ ᠦᠢᠯᠡᠰ ᠤᠨ ᠨᠡᠷ᠎ᠡ ᠶᠢᠨ ᠺᠠᠷᠲ ᠢ ᠪᠦᠷᠢᠯᠳᠦᠭᠦᠯᠵᠡᠢ᠃       2017 ᠣᠨ ᠳᠤ ᠲᠣᠰ ᠬᠤᠰᠢᠭᠤ ᠵᠤᠭᠠᠴᠠᠭᠰᠠᠳ ᠢ 79.32 ᠲᠦᠮᠡᠨ ᠬᠦᠮᠦᠨ ᠤᠳᠠᠭ᠎ᠠ ᠬᠦᠯᠢᠶᠡᠨ ᠠᠪᠴᠤ ᠵᠣᠴᠢᠯᠠᠨ᠂ 6.26 ᠳ᠋ᠦᠩᠰᠢᠭᠤᠷ ᠲᠦᠭᠦᠷᠢᠭ ᠤᠨ ᠵᠤᠭᠠᠴᠠᠯ ᠤᠨ ᠣᠷᠤᠯᠭ᠎ᠠ ᠶᠢ ᠪᠡᠶᠡᠯᠡᠭᠦᠯᠵᠡᠢ᠃                                                                                     ᠰᠣᠷᠪᠤᠯᠵᠢᠯᠠᠭᠴᠢ᠄ ᠸᠠᠩ ᠯᠢ ᠵᠢᠶᠧ
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ