| | ᠰᠡᠴᠡᠡᠭᠡᠷᠡᠯ ᠤᠨ ᠲᠤᠪᠴᠢ ᠨᠠᠮᠳᠠᠷ᠄ | ᠰᠡᠴᠡᠨᠭᠡᠷᠡᠯ᠂ ᠮᠤᠩᠭᠤᠯ ᠦᠨᠳᠦᠰᠦᠳᠡᠨ᠂ ᠫᠷᠦᠹᠧᠰᠰᠦᠷ᠂ 1963 ᠤᠨ ᠳᠤ ᠵᠢᠷᠢᠮ ᠠᠶᠢᠮᠠᠭ ᠤᠨ ᠨᠠᠢᠮᠠᠨ ᠬᠤᠰᠢᠭᠤᠨ ᠤ ᠭᠤᠷᠪᠠᠨᠬᠤᠧᠠ ᠰᠤᠮᠤᠨ ᠤ | ᠮᠠᠯᠴᠢᠨ ᠸᠠᠩᠪᠦ᠋ᠶᠧᠰᠢ ᠪᠤᠯᠤᠨ ᠨᠢᠴᠢᠳᠮᠠ ᠶᠢᠨ ᠵᠢᠷᠭᠤᠳᠤᠭᠠᠷ ᠦᠬᠢᠨ ᠪᠤᠯᠵᠤ ᠵᠠᠶᠠᠭᠠᠵᠠᠢ᠃ 1985 ᠤᠨ ᠳᠤ ᠥᠪᠦᠷ ᠮᠤᠩᠭᠤᠯ ᠤᠨ ᠦᠨᠳᠦᠰᠦᠲᠡᠨ ᠤ | ᠳᠡᠭᠡᠳᠦ ᠰᠤᠷᠭᠠᠭᠤᠯᠢ ᠶᠢᠨ ᠮᠤᠩᠭᠤᠯ ᠬᠡᠯᠡᠨ ᠤ ᠰᠠᠯᠪᠤᠷᠢ ᠠᠴᠠ ᠲᠡᠭᠦᠰᠦᠭᠡᠳ ᠬᠠᠶᠢᠯᠠᠷ ᠲᠠᠬᠢ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠮᠤᠩᠭᠤᠯ | ᠬᠡᠯᠡᠨ ᠤ ᠰᠠᠯᠪᠤᠷᠢ ︵ᠤᠳᠤ ᠲᠤᠰ ᠰᠤᠷᠭᠠᠭᠤᠯᠢ ᠶᠢᠨ ᠰᠠᠭᠤᠷᠢᠨ ᠳᠡᠭᠡᠷ᠎ᠠ ᠪᠠᠶᠢᠭᠤᠯᠤᠭᠳᠠᠭᠰᠠᠨ ᠬᠦᠯᠦᠨ ᠪᠦᠢᠷ ᠳᠡᠭᠡᠳᠦ ᠰᠤᠷᠭᠠᠭᠤᠯᠢ ᠶᠢᠨ ᠮᠤᠩᠭᠤᠯ | ᠰᠤᠳᠤᠯᠤᠯ ᠤᠨ ᠳᠡᠭᠡᠳᠦ ᠰᠤᠷᠭᠠᠭᠤᠯᠢ ︶ ᠳᠤ ᠢᠷᠡᠵᠤ ᠠᠵᠢᠯᠯᠠᠭᠰᠠᠨ ᠠᠴᠠ ᠠᠪᠤᠭᠠᠳ ᠡᠳᠦᠭᠡ ᠪᠤᠯᠳᠠᠯ᠎ᠠ ᠭᠤᠴᠢᠨ ᠲᠥᠷᠪᠡᠨ ᠵᠢᠯ ᠪᠤᠯᠵᠤ ᠪᠠᠶᠢᠨ᠎ᠠ᠃ 2001 | ᠤᠨ ᠠᠴᠠ ᠡᠮᠦᠨ᠎ᠡ ᠰᠠᠯᠪᠤᠷᠢ ᠶᠢᠨ ᠨᠠᠷᠢᠨ ᠪᠢᠴᠢᠭᠡᠴᠢ ᠶᠢᠨ ᠠᠵᠢᠯ ᠢ ᠬᠠᠪᠰᠤᠷᠭᠠᠨ ᠬᠢᠵᠤ᠂ 2001 ᠤᠨ ᠠᠴᠠ ᠮᠤᠩᠭᠤᠯ ᠬᠡᠯᠡᠨ ᠤ ᠰᠠᠯᠪᠤᠷᠢ ᠶᠢᠨ | ᠡᠷᠬᠢᠯᠡᠭᠴᠢ ᠶᠢᠨ ᠲᠤᠰᠠᠯᠠᠭᠴᠢ ᠶᠢᠨ ᠠᠵᠢᠯ ᠢ ᠬᠠᠷᠢᠭᠤᠴᠠᠵᠤ᠂ 2004 ᠤᠨ ᠠᠴᠠ ᠰᠠᠯᠪᠤᠷᠢ ᠶᠢᠨ ᠨᠠᠮ ᠤᠨ ᠶᠡᠷᠦᠩᠬᠡᠢ ᠡᠭᠦᠷ ᠤᠨ ᠵᠤᠬᠢᠶᠠᠨ ᠪᠠᠶᠢᠭᠤᠯᠬᠤ | ᠬᠡᠰᠢᠬᠦᠨ ᠤ ᠠᠵᠢᠯ ᠢ ᠬᠠᠷᠢᠭᠤᠴᠠᠨ᠂ 2008 ᠤᠨ ᠠᠴᠠ 2012 ᠤᠨ ᠪᠤᠯᠳᠠᠯ᠎ᠠ ᠮᠤᠩᠭᠤᠯ ᠬᠡᠯᠡ ᠤᠳᠬ᠎ᠠ ᠵᠤᠬᠢᠶᠠᠯ ᠤᠨ ᠲᠡᠭᠡᠳᠦ ᠰᠤᠷᠭᠠᠭᠤᠯᠢ ᠶᠢᠨ ᠲᠡᠳ᠋ | ᠵᠠᠬᠢᠷᠤᠯ ᠤᠨ ᠲᠤᠰᠢᠶᠠᠯ ᠢ ᠬᠠᠷᠢᠭᠤᠴᠠᠵᠠᠢ᠃ 2012 ᠤᠨ ᠳᠤ ᠬᠦᠨᠳᠦ ᠡᠪᠡᠳᠴᠢᠯᠡᠭᠰᠡᠨ ᠠᠴᠠ ᠬᠤᠶᠢᠰᠢ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠠᠵᠢᠯ ᠢᠶᠠᠨ | ᠲᠤᠰᠢᠶᠠᠭᠠᠳ ᠤᠳᠤ ᠭᠤᠤᠯᠳᠠᠭᠤ ᠬᠢᠴᠢᠶᠡᠯᠯᠡᠵᠤ ᠪᠤᠢ᠃ | ᠰᠡᠴᠡᠨᠭᠡᠷᠡᠯ ᠪᠠᠭᠰᠢ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠮᠤᠩᠭᠤᠯ ᠵᠢᠭᠠᠬᠤ ᠪᠢᠴᠢᠭ ᠨᠠᠶᠢᠷᠠᠭᠤᠯᠬᠤ ᠠᠵᠢᠯ ᠳᠤ ᠤᠯᠠᠨ ᠤᠳᠠᠭ᠎ᠠ | ᠤᠷᠤᠯᠴᠠᠪᠠ᠃ ᠲᠤᠬᠠᠢᠢᠯᠠᠪᠠᠯ᠂ 1993 ᠤᠨ᠂ 2000 ᠤᠨ᠂ 2013 ᠤᠨ ᠳᠤ ᠲᠤᠰ ᠲᠤᠰ ︽ᠭᠠᠳᠠᠭᠠᠳᠤ ᠶᠢᠨ ᠤᠳᠬ᠎ᠠ ᠵᠤᠬᠢᠶᠠᠯ ᠤᠨ ᠲᠡᠤᠬᠡ︾ ᠬᠡᠬᠦ | ᠵᠢᠭᠠᠬᠤ ᠪᠢᠴᠢᠭ ᠢ ᠨᠠᠶᠢᠷᠠᠭᠤᠯᠵᠤ ᠬᠡᠪᠯᠡᠬᠦ ᠠᠵᠢᠯ ᠳᠤ ᠤᠷᠢᠳ ᠬᠤᠵᠢᠳ ᠭᠤᠷᠪᠠ ᠤᠳᠠᠭ᠎ᠠ ᠤᠷᠤᠯᠴᠠᠵᠤ᠂ ᠰᠡᠬᠦᠯ ᠤᠨ ᠬᠤᠶᠠᠷ ᠤᠳᠠᠭ᠎ᠠ ᠲᠡᠳ᠋ ᠡᠷᠬᠢᠯᠡᠨ | ᠨᠠᠶᠢᠷᠠᠭᠤᠯᠤᠭᠴᠢ ᠶᠢᠨ ᠡᠬᠦᠷᠭᠡ ᠶᠢ ᠬᠦᠢᠴᠡᠳᠭᠡᠪᠡ᠂ 2008 ᠤᠨ ᠳᠤ ᠥᠪᠡᠷ ᠲᠡᠭᠡᠨ ᠨᠠᠶᠢᠷᠠᠭᠤᠯᠵᠤ ᠬᠡᠪᠯᠡᠭᠰᠡᠨ ︽ᠬᠠᠷᠢᠴᠠᠭᠤᠯᠤᠭᠰᠠᠨ ᠤᠳᠬ᠎ᠠ ᠵᠤᠬᠢᠶᠠᠯ︾ | ᠬᠡᠬᠦ ᠵᠢᠭᠠᠬᠤ ᠪᠢᠴᠢᠭ᠂ 2014 ᠤᠨ ᠳᠤ ᠬᠡᠪᠯᠡᠭᠰᠡᠨ ︽ᠦᠷᠦᠨᠡᠳᠦ ᠶᠢᠨ ᠤᠳᠬ᠎ᠠ ᠵᠤᠬᠢᠶᠠᠯ ᠤᠨ ᠤᠨᠤᠯ ᠤᠨ ᠬᠤᠷᠢᠶᠠᠩᠭᠤᠢ︾ ᠶᠢᠨ ᠲᠡᠳ᠋ ᠡᠷᠬᠢᠯᠡᠨ | ᠨᠠᠶᠢᠷᠠᠭᠤᠯᠤᠭᠴᠢ ᠶᠢᠨ ᠡᠬᠦᠷᠭᠡ ᠶᠢ ᠬᠦᠢᠴᠡᠳᠭᠡᠵᠤ᠂ ᠡᠳᠡᠭᠡᠷ ᠨᠤᠮ ᠢᠶᠠᠨ ᠥᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠪᠠ ᠦᠪᠤᠷ | ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠠᠴᠠ ᠲᠤᠰ ᠲᠤᠰ ᠬᠡᠪᠯᠡᠬᠦᠯᠵᠤ᠂ 2015 ᠤᠨ ᠳᠤ ᠬᠡᠪᠯᠡᠭᠰᠡᠨ ︽ᠦᠷᠦᠨᠡᠳᠠᠬᠢᠨ ᠤ ᠤᠳᠤᠬᠢᠴᠢ ᠦᠵᠡᠯ ᠤᠨ | ᠤᠳᠬ᠎ᠠ ᠵᠤᠬᠢᠶᠠᠯ︾ ᠤᠨ ᠭᠤᠤᠯ ᠡᠷᠬᠢᠯᠡᠨ ᠨᠠᠶᠢᠷᠠᠭᠤᠯᠤᠭᠴᠢ ᠪᠠᠷ ᠠᠵᠢᠯᠯᠠᠪᠠ᠃ ᠡᠬᠦᠨ ᠳᠤ ︽ᠦᠷᠦᠨᠡᠳᠠᠬᠢᠨ ᠤ ᠤᠳᠤᠬᠢᠴᠢ ᠦᠵᠡᠯ ᠤᠨ ᠤᠳᠬ᠎ᠠ ᠵᠤᠬᠢᠶᠠᠯ︾ | ᠨᠤᠮ ᠢᠶᠠᠷ ᠢᠶᠠᠨ 2017 ᠤᠨ ᠳᠤ ᠥᠪᠦᠷ ᠮᠤᠩᠭᠤᠯ ᠤᠨ ᠵᠢᠷᠭᠤᠳᠤᠭᠠᠷ ᠬᠤᠭᠤᠴᠠᠭᠠᠨ ᠤ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠭᠤᠷᠪᠠᠳᠤᠭᠠᠷ | ᠲᠡᠰ ᠤᠨ ᠱᠠᠩᠨᠠᠯ ᠪᠠ ᠬᠦᠯᠦᠨ ᠪᠦᠢᠷ ᠳᠡᠭᠡᠳᠦ ᠰᠤᠷᠭᠠᠭᠤᠯᠢ ᠶᠢᠨ ︽ᠰᠢᠯᠢᠳᠡᠭ ᠰᠢᠨᠵᠢᠯᠡᠬᠦ ᠤᠬᠠᠭᠠᠨ ᠤ ᠠᠵᠢᠯᠳᠠᠨ︾ ᠤ ᠱᠠᠩᠨᠠᠯ ᠬᠦᠷᠲᠡᠪᠡ᠃ | ᠰᠡᠴᠡᠨᠭᠡᠷᠡᠯ ᠪᠠᠭᠰᠢ ᠭᠤᠴᠢ ᠭᠠᠷᠤᠢ ᠵᠢᠯ ᠤᠨ ᠵᠢᠭᠠᠨ ᠰᠤᠷᠭᠠᠯᠳᠠ ᠶᠢᠨ ᠶᠠᠪᠤᠴᠠ ᠲᠤᠮᠳᠠ᠂ ᠰᠤᠷᠭᠠᠭᠤᠯᠢ ᠶᠢᠨ ᠲᠡᠰ ᠤᠨ ᠡᠷᠳᠡᠮ ᠰᠢᠨᠵᠢᠯᠡᠭᠡᠨ ᠤ ᠨᠢᠭᠡ᠂ | ᠬᠤᠶᠠᠷ᠂ ᠭᠤᠷᠪᠠᠳᠤᠭᠠᠷ ᠲᠡᠰ ᠤᠨ ᠱᠠᠩᠨᠠᠯ᠂ ︽ᠰᠢᠯᠢᠳᠡᠭ ᠨᠠᠮ ᠤᠨ ᠬᠡᠰᠢᠬᠦᠨ︾᠂ ︽ᠰᠢᠯᠢᠳᠡᠭ ᠨᠠᠮ ᠤᠨ ᠠᠵᠢᠯᠳᠠᠨ︾᠂ ︽ᠰᠢᠯᠢᠳᠡᠭ ᠪᠠᠭᠰᠢ︾ ᠶᠢᠨ ᠱᠠᠩᠨᠠᠯ ᠢ | ᠤᠯᠠᠨᠳᠠ ᠬᠦᠷᠲᠡᠵᠤ ᠦᠩᠭᠡᠷᠡᠭᠰᠡᠨ ᠤ ᠬᠠᠮᠳᠤ 2012 ᠤᠨ ᠳᠤ ᠮᠠᠨ ᠤ ᠬᠤᠳᠠ ᠶᠢᠨ ︽ᠮᠤᠩᠭᠤᠯ ᠦᠬᠡ ᠭᠡᠯᠡ ᠥᠰᠥᠭ ᠪᠢᠴᠢᠭ ᠰᠤᠷᠴᠤ ᠬᠡᠷᠡᠭᠯᠡᠭᠰᠡᠨ | ᠲᠡᠷᠢᠬᠦᠨ ᠤ ᠬᠤᠪᠢ ᠬᠦᠮᠦᠨ︾ ᠬᠡᠬᠦ ᠢᠷᠠᠭᠤ ᠠᠯᠳᠠᠷ ᠢ ᠬᠦᠷᠲᠡᠵᠤ ᠦᠩᠭᠡᠷᠡᠭᠰᠡᠨ ᠪᠢᠯᠡ᠃ | ᠡᠷᠳᠡᠮ ᠰᠢᠨᠵᠢᠯᠡᠭᠡᠨ ᠤ ᠲᠠᠯ᠎ᠠ ᠪᠠᠷ ᠤᠳᠤ ᠪᠤᠯᠳᠠᠯ᠎ᠠ ᠤᠯᠤᠰ ᠤᠨ ᠲᠤᠳᠤᠭᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠰᠡᠳᠬᠦᠯ ᠳᠡᠭᠡᠷ᠎ᠡ ︽ᠢᠰᠦᠪ ᠤᠨ | ᠶᠤᠭᠳᠠ ᠦᠯᠢᠭᠡᠷ ᠬᠢᠭᠡᠳ ᠺᠷᠢᠯᠦᠧ ᠤᠨ ᠶᠤᠭᠳᠠ ᠦᠯᠢᠭᠡᠷ︾᠂ ︽ᠲᠡᠯᠡᠬᠡᠢ ᠶᠢᠨ ᠦᠬᠦᠯᠡᠯᠭᠡ ᠶᠢᠨ ᠭᠤᠷᠪᠠᠨ ᠲᠠᠷᠬᠠᠨ ᠤ ᠤᠷᠠᠯᠢᠭ ᠤᠨ ᠬᠡᠪ ᠨᠠᠮᠪᠠ︾᠂ ︽︿ | ᠰᠤᠨᠳᠤᠷ﹀ ᠢ ᠲᠠᠬᠢᠨ ᠦᠬᠦᠯᠡᠬᠦ ᠨᠢ︾᠂ ︽︿ᠠᠷᠢᠭᠤᠨ ᠨᠤᠮ ᠤᠨ ᠦᠯᠢᠭᠡᠷ﹀ ᠪᠤᠯᠤᠨ ︿ᠺᠦᠷᠠᠨ ᠰᠤᠳᠦᠷ ᠤᠨ ᠦᠯᠢᠭᠡᠷ﹀︾᠂ ︽ᠲᠤᠮᠳᠠᠳᠤ ᠭᠠᠳᠠᠭᠠᠳᠤ ᠶᠢᠨ | ᠬᠤᠶᠠᠷ ᠵᠦᠢᠯ ᠤᠨ ᠤᠳᠬ᠎ᠠ ᠵᠤᠬᠢᠶᠠᠯ ᠤᠨ ᠬᠡᠪᠰᠢᠯ︾᠂ ︽ᠲᠠᠷᠤᠭᠳᠠᠰᠢ ᠦᠭᠡᠢ ᠰᠠᠶᠢᠨ ᠡᠷ᠎ᠠ︾᠂ ︽ᠠᠷᠠᠳ ᠤᠨ ᠠᠮᠠᠨ ᠵᠤᠬᠢᠶᠠᠯ ᠳᠠᠬᠢ ᠠᠮᠢ ᠶᠢᠨ ᠤᠬᠠᠮᠰᠡᠷ︾ | ᠂ ︽ᠲᠠᠭᠤᠷ ᠲᠤᠤᠯᠢ ︿ᠴᠤᠤᠺᠡᠢ ᠮᠡᠷᠭᠡᠨ﹀ ᠤ ᠮᠤᠲᠢᠹ ᠰᠤᠳᠤᠯᠤᠯ︾᠂ ︽ᠲᠠᠭᠤᠷ ᠲᠤᠤᠯᠢ ᠶᠢᠨ ᠬᠡᠪᠰᠢᠯ ᠤᠨ ᠬᠠᠷᠢᠴᠠᠭᠤᠯᠤᠯ︾᠂ ︽ᠪᠠᠶᠢᠨᠠᠴᠠ᠂ ᠦᠨᠳᠦᠷ᠂ | ᠴᠠᠭᠠᠨ ᠡᠪᠦᠭᠡᠨ ᠬᠢᠭᠡᠳ ᠢᠰᠦ᠋ᠰ ᠤᠨ ᠴᠠᠭᠠᠨ ᠡᠪᠦᠭᠡᠨ︾᠂ ︽ᠮᠤᠩᠭᠤᠯ ᠦᠨᠳᠦᠰᠦᠳᠡᠨ ᠤ ︿ᠭᠠᠳᠠ ᠮᠠᠶᠢᠷᠠᠨ﹀ ᠬᠢᠭᠡᠳ ᠲᠠᠭᠤᠷ ᠦᠨᠳᠦᠰᠦᠲᠡᠨ ᠤ ︿ᠱᠤᠤ | ᠯᠠᠩ ᠪᠤᠯᠤᠨ ᠳ᠋ᠠᠢ ᠹᠦ᠋﹀︾᠂ ︽ᠠᠩᠬ᠎ᠠ ᠲᠤᠮᠳᠠᠳᠤ ᠶᠢᠨ ᠬᠡᠯᠡ ᠪᠢᠴᠢᠭ ᠲᠠᠬᠢ ᠭᠠᠳᠠᠭᠠᠳᠤ ᠶᠢᠨ ᠤᠳᠬ᠎ᠠ ᠵᠤᠬᠢᠶᠠᠯ ᠤᠨ ᠵᠢᠭᠠᠨ ᠰᠤᠷᠭᠠᠯᠳᠠ︾᠂ ︽ᠦᠨᠳᠦᠷ | ᠲᠤᠮᠳᠠᠳᠤ ᠶᠢᠨ ᠬᠡᠯᠡ ᠪᠢᠴᠢᠭ ᠲᠠᠬᠢ ᠭᠠᠳᠠᠭᠠᠳᠤ ᠶᠢᠨ ᠤᠳᠬ᠎ᠠ ᠵᠤᠬᠢᠶᠠᠯ︾᠂ ︽ᠮᠠᠷᠺᠧᠰ ᠬᠢᠭᠡᠳ ᠺᠠᠹᠺᠡ︾᠂ ︽ᠮᠡᠷᠭᠡᠨ ᠤ ᠦᠯᠢᠭᠡᠷ ᠲᠠᠬᠢ ᠠᠩ ᠠᠩᠨᠠᠯ ᠤᠨ | ᠰᠤᠶᠤᠯ︾ ᠵᠡᠷᠭᠡ ᠲᠠᠪᠢ ᠭᠠᠷᠤᠢ ᠦᠬᠦᠯᠡᠯ ᠨᠡᠶᠢᠳᠡᠯᠡᠪᠡ᠃ ᠥᠪᠦᠷ ᠮᠤᠩᠭᠤᠯ ᠤᠨ ᠰᠤᠷᠭᠠᠨ ᠬᠦᠮᠦᠵᠢᠯ ᠤᠨ ᠲᠢᠩᠬᠢᠮ ᠤᠨ ᠰᠡᠳᠦᠪ ︽ᠲᠠᠭᠤᠷ ᠲᠤᠤᠯᠢ ᠶᠢᠨ | ᠰᠤᠶᠤᠯ ᠰᠤᠨᠳᠠᠯᠠᠭᠰᠠᠨ ᠬᠠᠷᠢᠴᠠᠭᠤᠯᠤᠭᠰᠠᠨ ᠰᠤᠳᠤᠯᠤᠯ︾᠂ ᠬᠦᠯᠦᠨ ᠪᠦᠢᠷ ᠳᠡᠭᠡᠳᠦ ᠰᠤᠷᠭᠠᠭᠤᠯᠢ ᠶᠢᠨ ᠵᠢᠭᠠᠬᠤ ᠶᠢ ᠰᠤᠳᠤᠯᠬᠤ ᠭᠤᠤᠯᠳᠠᠯᠭᠠᠳᠤ ᠰᠡᠳᠦᠪ | ︽ᠲᠤᠮᠳᠠ ᠪᠠᠭ᠎ᠠ ᠰᠤᠷᠭᠠᠭᠤᠯᠢ ᠶᠢᠨ ᠭᠠᠳᠠᠭᠠᠳᠤ ᠶᠢᠨ ᠤᠳᠬ᠎ᠠ ᠵᠤᠬᠢᠶᠠᠯ ᠤᠨ ᠰᠤᠳᠤᠯᠤᠯ︾᠂ ᠥᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠲᠦᠰᠦᠪ ᠤᠨ ᠰᠡᠳᠦᠪ ︽ᠲᠠᠭᠤᠷ᠂ ᠡᠧᠡᠩᠬᠢ᠂ ᠤᠷᠴᠤᠨ ᠠᠷᠠᠳ ᠤᠨ ᠠᠮᠠᠨ ᠦᠯᠢᠭᠡᠷ ᠤᠨ ᠬᠠᠷᠢᠴᠠᠭᠤᠯᠤᠭᠰᠠᠨ ᠰᠤᠳᠤᠯᠤᠯ︾ ᠵᠡᠷᠭᠡ ᠰᠤᠳᠤᠯᠭᠠᠨ ᠢ ᠬᠢᠵᠤ | ᠲᠠᠭᠤᠰᠬᠠᠪᠠ᠃ 2019 ᠣᠨ ᠤ 7 ᠰᠠᠷ᠎ᠠ ᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠰᠦᠯ ᠪᠤᠯᠬᠤ ︽ᠮᠣᠩᠭᠤᠯ | ᠦᠨᠳᠦᠰᠦᠲᠡᠨ ᠤ ᠶᠤᠭᠲᠠ ᠦᠯᠢᠭᠡᠷ ᠪᠤᠯᠤᠨ ᠳᠠᠭᠤᠷ ᠡᠸᠡᠩᠬᠢ ᠣᠷᠴᠤᠨ ᠦᠨᠳᠦᠰᠦᠳᠡᠨ ᠤ ᠶᠤᠭᠲᠠ ᠦᠯᠢᠭᠡᠷ ᠤᠨ ᠰᠤᠳᠤᠯᠤᠯ︾ ᠰᠡᠳᠤᠪ ᠢᠶᠠᠨ ᠪᠠᠳᠤᠯᠠᠭᠤᠯᠤᠨ | ᠣᠯᠪᠠ᠃ |