ᠰᠧᠷᠡᠨᠳᠠᠮᠪᠠ
ᠨᠡᠶᠢᠲᠡᠯᠡᠭᠰᠡᠨ ᠴᠠᠭ᠄
2022/12/13
      ᠰᠧᠷᠡᠨᠳᠠᠮᠪᠠ ᠶᠢᠨ ᠲᠤᠪᠴᠢ ᠨᠠᠮᠲᠠᠷ᠄       ᠰᠧᠷᠡᠨᠳᠠᠮᠪᠠ᠂ ᠤᠯᠤᠰ ᠤᠨ ᠨᠢᠭᠡᠲᠦᠭᠡᠷ ᠲᠡᠰ ᠤᠨ ᠬᠦᠭᠵᠢᠮ ᠤᠨ ᠤᠲᠤᠷᠢᠲᠤᠭᠠᠴᠢ᠃ 1957 ᠤᠨ ᠳᠤ ᠲᠦᠷᠦᠪᠡ᠃ ᠵᠢᠷᠢᠮ ᠠᠶᠢᠮᠠᠭ ᠤᠨ ᠬᠦᠷᠢᠶ᠎ᠡ ᠬᠤᠰᠢᠭᠤᠨ ᠤ ᠤᠤᠭᠠᠯ᠃ 6 ᠨᠠᠰᠤᠲᠠᠢ ᠳᠠᠭᠠᠨ ᠠᠪᠤ ᠡᠵᠢ ᠪᠠᠨ ᠲᠠᠭᠠᠵᠦ ᠬᠦᠯᠦᠨ ᠪᠤᠶᠢᠷ ᠠᠶᠢᠮᠠᠭ ᠤᠨ ᠬᠠᠶᠢᠯᠠᠷ ᠬᠤᠲᠠ ᠳᠤ ᠢᠷᠡᠵᠦ ᠨᠤᠲᠤᠭᠰᠢᠪᠠ᠃ 1975 ᠤᠨ ᠳᠤ ᠲᠦᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠤᠷᠠᠯᠢᠭ ᠤᠨ ᠰᠠᠯᠪᠤᠷᠢ ᠶᠢᠨ ᠬᠦᠭᠵᠢᠮ ᠤᠨ ᠠᠩᠭᠢ ᠠᠴᠠ ᠲᠡᠭᠦᠰᠴᠦ᠂ ᠲᠤᠰ ᠵᠢᠯ ᠳᠡᠭᠡᠨ ᠬᠦᠯᠦᠨ ᠪᠤᠶᠢᠷ ᠠᠶᠢᠮᠠᠭ ᠤᠨ ᠦᠨᠳᠦᠰᠦᠲᠡᠨ ᠤ ᠲᠠᠭᠤᠤ ᠪᠦᠵᠢᠭ ᠤᠨ ᠪᠦᠯᠬᠦᠮ ᠳᠤ ᠠᠵᠢᠯ ᠤᠨ ᠭᠠᠷᠤᠭ᠎ᠠ ᠪᠠᠨ ᠠᠪᠤᠪᠠ᠃ 2004 ᠤᠨ ᠳᠤ ᠤᠯᠤᠰ ᠤᠨ ᠨᠢᠭᠡᠳᠦᠭᠡᠷ ᠳᠡᠰ ᠤᠨ ᠬᠦᠭᠵᠢᠮ ᠤᠨ ᠤᠲᠤᠷᠢᠲᠤᠭᠠᠴᠢ ᠪᠤᠯᠪᠠ᠃ 2017 ᠤᠨ ᠳᠤ ᠠᠵᠢᠯ ᠠᠴᠠ ᠪᠠᠨ ᠠᠮᠠᠷᠠᠪᠠ᠃ ᠤᠲᠤ ᠦᠪᠦᠷ ᠮᠤᠩᠭᠤᠯ ᠤᠨ ᠲᠠᠭᠤᠤ ᠬᠦᠭᠵᠢᠮᠴᠢᠳ ᠤᠨ ᠨᠡᠶᠢᠭᠡᠮᠯᠢᠭ ᠤᠨ ᠭᠡᠰᠢᠭᠦᠨ᠂ ᠦᠪᠦᠷ ᠮᠤᠩᠭᠤᠯ ᠤᠨ ᠨᠠᠶᠢᠷᠠᠯ ᠬᠦᠭᠵᠢᠮ ᠤᠨ ᠲᠤᠷ᠎ᠠ ᠪᠠᠭ᠋ᠠᠲᠠᠳ ᠤᠨ ᠨᠡᠶᠢᠭᠡᠮᠯᠢᠭ ᠤᠨ ᠭᠡᠰᠢᠭᠦᠨ᠂ ᠬᠦᠯᠦᠨ ᠪᠤᠶᠢᠷ ᠬᠤᠲᠠ ᠶᠢᠨ ᠲᠠᠭᠤᠤ ᠬᠦᠭᠵᠢᠮᠴᠢᠳ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠬᠦᠯᠦᠨ ᠪᠤᠶᠢᠷ ᠤᠨ ᠦᠨᠳᠦᠰᠦᠲᠡᠨ ᠤ ᠲᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠤᠷᠠᠯᠢᠭ ᠤᠨ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ ᠵᠡᠷᠭᠡ ᠨᠡᠶᠢᠭᠡᠮ ᠤᠨ ᠡᠭᠦᠷᠭᠡ ᠲᠤᠰᠢᠶᠠᠯ ᠢ ᠡᠭᠦᠷᠭᠡᠯᠡᠵᠦ ᠪᠤᠢ᠃       1975 ᠤᠨ ᠳᠤ ᠠᠵᠢᠯᠯᠠᠭᠰᠠᠨ ᠠᠴᠠ ᠤᠲᠤ ᠪᠤᠯᠳᠠᠯ᠎ᠠ᠂ ᠬᠦᠯᠦᠨ ᠪᠤᠶᠢᠷ ᠤᠨ ᠦᠨᠳᠦᠰᠦᠲᠡᠨ ᠤ ᠲᠠᠭᠤᠤ ᠪᠦᠵᠢᠭ ᠵᠦᠴᠦᠭᠡ ᠶᠢᠨ ᠬᠦᠷᠢᠶᠡᠯᠡᠩ ᠳᠤ ᠡᠪᠦᠯ ᠤᠨ ᠪᠤᠯᠪᠠᠰᠤᠷᠠᠯ ᠤᠨ ᠲᠠᠭᠤᠤ ᠬᠦᠭᠵᠢᠮ ᠤᠨ ᠤᠨᠤᠯ ᠤᠨ ᠪᠠᠭᠰᠢ ᠪᠠᠷ᠂ ᠪᠠᠰᠠ ᠤᠯᠠᠨ ᠤᠲᠠᠭ᠎ᠠ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠢᠢᠯᠠᠯ᠂ ᠠᠵᠤ ᠦᠢᠯᠡᠰ ᠤᠨ ᠨᠢᠭᠡᠴᠢ᠂ ᠴᠡᠷᠢᠭ ᠤᠨ ᠬᠤᠧᠠᠷᠠᠨ᠂ ᠰᠤᠷᠭᠠᠭᠤᠯᠢ᠂ ᠤᠯᠠᠭᠠᠨᠮᠦ᠋ᠴᠢᠷ᠂ ᠬᠤᠲᠠ ᠶᠢᠨ ᠲᠠᠭᠤᠤ ᠬᠦᠭᠵᠢᠮ ᠤᠨ ᠰᠤᠷᠭᠠᠭᠴᠢ ᠨᠠᠷ ᠲᠤ ᠤᠷᠠᠯᠢᠭ ᠤᠨ ᠵᠢᠯᠤᠭᠤᠲᠤᠮᠵᠢ ᠬᠢᠬᠦ ᠪᠠ ᠪᠤᠯᠪᠠᠰᠤᠷᠠᠯ ᠬᠦ᠋ᠷᠲᠡᠭᠡᠵᠦ᠂ ᠰᠠᠶᠢᠨ ᠦᠷ᠎ᠡ ᠪᠦᠲᠦᠮᠵᠢ ᠤᠯᠵᠠᠢ᠃        2016 ᠤᠨ ᠳᠤ ᠬᠦᠯᠦᠨ ᠪᠤᠶᠢᠷ ᠲᠡᠭᠡᠲᠦ ᠰᠤᠷᠭᠠᠭᠤᠯᠢ ᠳᠤ ᠪᠦᠬᠦ ᠤᠯᠤᠰ ᠤᠨ ᠰᠢᠯᠢᠲᠡᠭ ᠲᠠᠭᠤᠤ ᠬᠦᠭᠵᠢᠮ ᠤᠨ ᠰᠤᠷᠭᠠᠭᠴᠢ ᠨᠠᠷ ᠤᠨ ᠪᠤᠯᠪᠠᠰᠤᠷᠠᠯ ᠤᠨ ᠠᠩᠭᠢ ᠶᠢ ᠡᠷᠬᠢᠯᠡᠬᠦ ᠬᠤᠭᠤᠴᠠᠭᠠᠨ ᠳᠤ᠂ ᠭᠠᠭᠴᠠᠭᠠᠷ ᠢᠶᠠᠨ ᠲᠠᠭᠤᠤ ᠬᠦᠭᠵᠢᠮ ᠤᠨ ᠰᠤᠷᠭᠠᠭᠴᠢ ᠨᠠᠷ ᠤᠨ ᠪᠤᠯᠪᠠᠰᠤᠷᠠᠯ ᠪᠤᠯᠤᠨ ᠬᠠᠷᠢᠯᠴᠠᠨ ᠰᠤᠯᠢᠯᠴᠠᠬᠤ ᠠᠵᠢᠯᠯᠠᠭ᠎ᠠ ᠶᠢ ᠪᠡᠶᠡᠯᠡᠭᠦᠯᠵᠦ᠂ ︽ᠲᠠᠭᠤᠤ ᠬᠦᠭᠵᠢᠮ ᠤᠨ ᠤᠨᠤᠯ ᠤᠨ ᠪᠤᠲᠠᠲᠠᠢ ᠬᠡᠷᠡᠭᠯᠡᠯᠲᠡ ᠪᠤᠯᠤᠨ ᠨᠠᠶᠢᠷᠠᠯ ᠲᠠᠭᠤᠤ ᠶᠢ ᠵᠤᠬᠢᠶᠠᠨ ᠪᠠᠶᠢᠭᠤᠯᠬᠤ᠂ ᠪᠤᠯᠪᠠᠰᠤᠷᠠᠯ ᠵᠢᠴᠢ ᠤᠲᠤᠷᠢᠳᠬᠤ ᠤᠷ᠎ᠠ ᠮᠡᠷᠭᠡᠵᠢᠯ︾ ᠨᠡᠭᠡᠭᠡᠲᠡᠯᠲᠦ ᠬᠢᠴᠢᠶᠡᠯ ᠨᠢ ᠲᠤᠰᠬᠠᠢ ᠮᠡᠷᠭᠡᠵᠢᠯᠲᠡᠨ ᠪᠤᠯᠤᠨ ᠡᠯ᠎ᠡ ᠭᠠᠵᠠᠷ ᠤᠷᠤᠨ ᠤ ᠲᠠᠭᠤᠤ ᠬᠦᠭᠵᠢᠮ ᠤᠨ ᠰᠤᠷᠭᠠᠭᠴᠢ ᠨᠠᠷ ᠤᠨ ᠦᠨᠳᠦᠷ ᠦᠨᠡᠯᠡᠯᠲᠡ ᠶᠢ ᠤᠯᠪᠠ᠃        2011 ᠤᠨ ᠠᠴᠠ 2018 ᠤᠨ ᠪᠤᠯᠳᠠᠯ᠎ᠠ ᠬᠦᠯᠦᠨ ᠪᠤᠶᠢᠷ ᠲᠡᠭᠡᠲᠦ ᠰᠤᠷᠭᠠᠭᠤᠯᠢ ᠳᠤ ᠵᠤᠴᠢᠨ ᠫᠷᠤᠹᠧᠰᠰᠤᠷ ᠢᠶᠠᠷ ᠤᠷᠢᠭᠲᠠᠵᠦ ᠤᠶᠤᠲᠠᠳ ᠲᠤ ᠲᠠᠭᠤᠤ ᠬᠦᠭᠵᠢᠮ ᠤᠨ ᠤᠨᠤᠯ ᠤᠨ ᠬᠢᠴᠢᠶᠡᠯ᠂ ᠤᠲᠤᠷᠢᠲᠤᠭᠠᠴᠢ ᠶᠢᠨ ᠮᠡᠷᠭᠡᠵᠢᠯ ᠤᠨ ᠬᠢᠴᠢᠶᠡᠯ᠂ ᠲᠡᠭᠦᠯᠲᠡᠷ ᠬᠦᠭᠵᠢᠮ ᠵᠡᠷᠭᠡ ᠬᠢᠴᠢᠶᠡᠯ ᠢ ᠵᠢᠭᠠᠪᠠ᠃        2019 ᠤᠨ ᠳᠤ ᠲᠤᠮᠳᠠᠳᠤ ᠤᠯᠤᠰ ᠤᠨ ᠲᠠᠭᠤᠤ ᠬᠦᠭᠵᠢᠮᠴᠢᠳ ᠤᠨ ᠨᠡᠶᠢᠭᠡᠮᠯᠢᠭ ᠤᠨ ᠨᠠᠶᠢᠷᠠᠯ ᠲᠠᠭᠤᠤ ᠶᠢᠨ ᠬᠤᠯᠪᠤᠭ᠎ᠠ ᠠᠴᠠ ᠵᠤᠬᠢᠶᠠᠨ ᠪᠠᠶᠢᠭᠤᠯᠤᠭᠰᠠᠨ ︽ᠪᠦᠬᠦ ᠤᠯᠤᠰ ᠤᠨ ᠨᠠᠶᠢᠷᠠᠯ ᠲᠠᠭᠤᠤ ᠶᠢᠨ ᠤᠷᠤᠯᠲᠤᠭᠠᠨ︾ ᠳᠤ ᠬᠢᠨᠠᠭᠴᠢ ᠪᠠᠷ ᠤᠷᠢᠭᠲᠠᠵᠦ᠂ ᠵᠢᠯᠤᠭᠤᠲᠤᠮᠵᠢ ᠬᠢᠪᠡ᠃ ᠮᠦᠨ ᠲᠤᠰ ᠵᠢᠯ ᠳᠤ ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠪᠦᠭᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠨᠠᠶᠢᠷᠠᠯ ᠲᠠᠭᠤᠤ ᠶᠢᠨ ᠤᠷᠤᠯᠲᠤᠭᠠᠨ ᠳᠤ ᠵᠡᠷᠭᠡᠪᠡᠷ 5 ᠪᠦᠯᠬᠦᠮ ᠤᠨ ᠬᠦᠭᠵᠢᠮ ᠤᠨ ᠤᠲᠤᠷᠢᠲᠤᠭᠠᠴᠢ ᠶᠢᠨ ᠠᠵᠢᠯ ᠢ ᠬᠠᠷᠢᠭᠤᠴᠠᠵᠦ᠂ ᠤᠲᠤᠷᠢᠲᠤᠭᠠᠭᠰᠠᠨ ᠪᠦᠯᠬᠦᠮ ᠨᠢ ᠰᠢᠯᠢᠲᠡᠭ ᠠᠮᠵᠢᠯᠲᠠ ᠤᠯᠵᠠᠢ᠃ ᠪᠠᠰᠠ ᠬᠦᠯᠦᠨ ᠪᠤᠶᠢᠷ ᠬᠤᠲᠠ ᠶᠢᠨ ᠬᠦᠭᠵᠢᠬᠦᠯᠤᠯᠲᠠ ᠦᠭᠡᠷᠡᠴᠢᠯᠡᠯᠲᠡ ᠶᠢᠨ ᠵᠦᠪᠯᠡᠯ᠂ ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠠ ᠤᠯᠠᠭᠠᠨᠮᠦ᠋ᠴᠢᠷ ᠤᠨ ᠪᠦᠭᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠨᠠᠶᠢᠷᠠᠯ ᠲᠠᠭᠤᠤ ᠶᠢᠨ ᠤᠲᠤᠷᠢᠲᠤᠭᠠᠴᠢ ᠪᠠᠷ ᠠᠵᠢᠯᠯᠠᠪᠠ᠃       ᠤᠷᠠᠯᠢᠭ ᠤᠨ ᠠᠮᠵᠢᠯᠲᠠ᠄       1988 ᠤᠨ ᠳᠤ ᠲᠤᠮᠤ ᠬᠡᠪᠴᠢᠶᠡᠨ ᠤ ᠲᠠᠭᠤᠤᠷᠢ ︽ᠰᠤᠯᠤᠩᠭᠠᠨ ᠰᠢᠨᠡᠭᠡᠨ︾᠂ ︽ ᠶᠢᠨ ᠹᠧᠩ ᠪᠤᠯᠤᠨ ᠠ ᠨᠢᠦ︾ ᠶᠢ ᠤᠲᠤᠷᠢᠳᠴᠦ ᠦᠪᠡᠷᠲᠡᠭᠡᠨ ᠵᠠᠰᠠᠬᠤ ᠤᠷᠤᠨ ᠤ ᠤᠷᠠᠨ ᠰᠠᠶᠢᠬᠠᠨ ᠤ ᠬᠠᠷᠢᠭᠤ ᠮᠡᠲᠡᠭᠦᠯᠦᠯᠲᠡ ᠶᠢᠨ ᠲᠤᠭᠯᠠᠯᠲᠠ ᠳᠤ ᠤᠷᠤᠯᠴᠠᠵᠦ ᠤᠯᠠᠨ ᠱᠠᠩᠨᠠᠯ ᠬᠦᠭᠢᠬᠦᠯᠦᠯ ᠲᠤᠰᠪᠠ᠃       1989 ᠤᠨ ᠳᠤ ᠵᠤᠬᠢᠶᠠᠭᠰᠠᠨ ᠲᠠᠭᠤᠯᠠᠬᠤᠢ ᠶᠢᠨ ᠪᠦᠲᠦᠭᠡᠯ ︽ᠨᠤᠲᠤᠭ︾ ᠢᠶᠠᠨ ᠪᠡᠭᠡᠵᠢᠩ ᠳᠤ ᠰᠢᠩᠭᠡᠭᠡᠨ ᠦᠢᠯᠡᠳᠴᠦ ᠲᠠᠷᠬᠠᠭᠠᠪᠠ᠃       1997 ᠤᠨ ᠳᠤ ᠲᠤᠮᠤ ᠬᠡᠪᠴᠢᠶᠡᠨ ᠤ ᠪᠦᠵᠢᠭᠲᠦ ᠲᠠᠭᠤᠤᠷᠢ ︽ᠵᠢᠷᠦᠬᠡᠨ᠎ᠠ ᠬᠤᠯᠪᠤᠭ᠎ᠠ ᠲᠠᠢ ᠬᠢᠩᠭᠠᠨ︾ ᠨᠢ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠬᠦᠷᠲᠡᠪᠡ᠃       1998 ᠤᠨ ᠳᠤ ᠪᠦᠲᠦᠭᠡᠭᠰᠡᠨ ︽ᠰᠡᠳᠬᠢᠯ ᠠᠴᠠ ᠤᠶᠠᠭᠠᠲᠠᠢ ᠬᠢᠩᠭᠠᠨ ᠳᠠᠭᠠᠨ︾ ᠨᠢ ᠲᠦᠪ ᠤᠨ ᠠᠷᠠᠳ ᠤᠨ ᠷᠠᠳᠢᠣ᠋ ᠬᠤᠷᠢᠶ᠎ᠠ ᠶᠢᠨ ︽ᠢᠩ ᠳ᠋ᠠᠨ︾ ᠬᠤᠨᠳᠠᠭᠠᠲᠤ ᠱᠠᠩᠨᠠᠯ ᠢ ᠲᠤᠰᠪᠠ᠃       2000 ᠤᠨ ᠳᠤ ︽ᠪᠠᠶᠠᠰᠬᠤᠯᠠᠩᠳᠤ ᠪᠤᠷᠢᠶᠠᠳ︾ ᠨᠢ ᠶᠠᠫᠤᠨ ᠤ ᠲᠦᠷᠪᠡᠲᠦᠭᠡᠷ ᠬᠤᠭᠤᠴᠠᠭᠠᠨ ᠤ ᠲᠤᠮᠳᠠᠳᠤ ᠶᠢᠨ ᠲᠠᠭᠤᠤ ᠬᠦᠭᠵᠢᠮ ᠤᠨ ᠤᠷᠤᠯᠳᠤᠭᠠᠨ ᠳᠤ ᠲᠤᠰᠬᠠᠢ ᠮᠡᠷᠭᠡᠵᠢᠯ ᠤᠨ ᠲᠤᠭᠤᠢᠢᠯᠠᠩ ᠤᠨ ︽ᠭᠤᠷᠪᠠᠲᠤᠭᠠᠷ ᠲᠡᠰ ᠤᠨ ᠨᠢᠭᠡᠲᠦᠭᠡᠷ ᠲᠤ︾ ᠲᠤᠲᠤᠷᠠᠵᠠᠢ᠃       2003 ᠤᠨ ᠳᠤ ᠵᠤᠬᠢᠶᠠᠭᠰᠠᠨ ︽ᠪᠡᠯᠴᠢᠭᠡᠷ ᠳᠡᠬᠡᠷᠡᠬᠢ ᠬᠤᠨᠭ᠍ᠬᠤᠨ ᠳᠠᠭᠤᠨ︾ ᠨᠢ ︽ᠲᠤᠮᠳᠠᠳᠤ ᠶᠢᠨ ᠬᠠᠪᠤᠷ · ᠲᠤᠮᠳᠠᠳᠤ ᠤᠯᠤᠰ ᠤᠨ ᠦᠨᠳᠦᠰᠦᠲᠡᠨ ᠤ ᠲᠠᠭᠤᠤ ᠶᠢᠨ ᠰᠤᠩᠭᠤᠮᠠᠯ︾ ᠳᠤ ᠰᠤᠩᠭᠤᠭᠲᠠᠨ ᠬᠡᠪᠯᠡᠭᠲᠡᠨ ᠲᠠᠷᠬᠠᠭᠠᠭᠲᠠᠪᠠ᠃       2004 ᠤᠨ ᠳᠤ ᠵᠤᠬᠢᠶᠠᠨ ᠪᠠᠶᠢᠭᠤᠯᠤᠨ ᠵᠢᠯᠤᠭᠤᠲᠤᠭᠰᠠᠨ ᠲᠤᠮᠳᠠᠳᠤ ᠶᠢᠨ ᠨᠠᠶᠢᠷᠠᠯ ᠲᠠᠭᠤᠤ ᠶᠢᠨ ᠪᠦᠯᠬᠦᠮ ᠨᠢ ︽ᠲᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠤᠷᠠᠯᠢᠭ ᠤᠨ ᠨᠠᠶᠢᠷ︾ ᠲᠤ ᠤᠷᠤᠯᠴᠠᠵᠦ ᠤᠨᠴᠠᠭᠠᠢ ᠱᠠᠩᠨᠠᠯ ᠲᠤᠰᠪᠠ᠃ ᠰᠧᠷᠡᠡᠳᠠᠮᠪᠡ ᠲᠤᠰ ᠤᠷᠠᠯᠢᠭ ᠤᠨ ᠨᠠᠶᠢᠷ ᠲᠤ ᠬᠢᠨᠠᠭᠴᠢ ᠪᠠᠷ ᠤᠷᠤᠯᠴᠠᠪᠡ᠃       2008 ᠤᠨ ᠠᠴᠠ ᠬᠤᠶᠢᠰᠢ ᠤᠷᠰᠺᠧᠳ᠋ᠷᠠ ᠬᠦᠭᠵᠢᠮ᠂ ᠮᠤᠩᠭᠤᠯ ᠦᠨᠳᠦᠰᠦᠲᠡᠨ ᠤ ᠡᠷᠲᠡᠨ ᠤ ᠬᠦᠭᠵᠢᠮ ᠢ ᠤᠲᠤᠷᠢᠳᠴᠤ᠂ ᠲᠤᠭ᠎ᠠ ᠦᠭᠡᠢ ᠤᠯᠠᠨ ᠲᠠᠭᠤᠤ ᠬᠦᠭᠵᠢᠮ ᠤᠨ ᠦᠳᠡᠰᠢᠯᠡᠭᠡ ᠶᠢ ᠵᠢᠯᠤᠭᠤᠲᠤᠨ ᠤᠲᠤᠷᠢᠲᠤᠭᠠᠪᠠ᠃         ᠤᠯᠠᠭᠠᠨᠮᠦ᠋ᠴᠢᠷ ᠪᠠᠶᠢᠭᠤᠯᠤᠭᠲᠠᠭᠰᠠᠨ 50 ᠵᠢᠯ ᠤᠨ ᠤᠢ ᠳᠤ᠂ ᠡᠧᠡᠩᠬᠢ ᠬᠤᠰᠢᠭᠤᠨ ᠤ ᠤᠯᠠᠭᠠᠨᠮᠦ᠋ᠴᠢᠷ ᠤᠨ ᠶᠡᠷᠦᠩᠬᠡᠢ ᠤᠲᠤᠷᠢᠲᠤᠭᠠᠴᠢ ᠪᠤᠯᠵᠤ ᠰᠢᠯᠢ ᠶᠢᠨ ᠭᠤᠤᠯ ᠤᠨ ᠪᠠᠷᠠᠭᠤᠨ ᠰᠦᠨᠢᠳ ᠲᠤ ᠬᠦᠷᠴᠤ ᠤᠷᠤᠯᠲᠤᠵᠦ ᠠᠯᠳᠠᠨ ᠮᠧᠲᠡᠯ ᠤᠯᠵᠠᠢ᠃       ᠡᠨᠡ ᠬᠤᠭᠤᠴᠠᠭᠠᠨ ᠳᠤ᠂ ᠤᠷᠢᠳ ᠬᠤᠵᠢᠳ ᠠᠯᠳᠠᠷᠲᠤ ᠲᠠᠭᠤᠴᠢᠨ ᠨᠠᠷᠠᠩᠭᠤ᠋ ᠣᠠ᠋᠂ ᠳᠡᠳᠮ᠎ᠡ᠂ ᠭᠦᠸᠧ ᠰᠦᠩ ᠨᠠᠷ ᠲᠠᠢ ᠬᠠᠮᠳᠤᠷᠠᠨ ᠲᠤᠭᠯᠠᠪᠠ᠃ ᠮᠤᠩᠭᠤᠯ ᠦᠨᠳᠦᠰᠦᠲᠡᠨ ᠤ ᠨᠡᠷᠡᠲᠦ ᠲᠠᠭᠤᠴᠢᠨ ᠤᠳᠤᠩᠭᠤᠸ᠎ᠠ ᠶᠢᠨ ᠤᠷᠠᠯᠢᠭ ᠤᠨ ᠳᠠᠶᠢᠰᠠᠨ ᠠᠴᠠ ᠠᠶᠠᠷᠯᠠᠬᠤ ᠲᠠᠭᠤᠤ ᠬᠦᠭᠵᠢᠮ ᠤᠨ ᠲᠤᠰᠬᠠᠢ ᠦᠳᠡᠰᠢᠯᠡᠭᠡ ᠳᠤ ᠤᠲᠤᠷᠢᠲᠤᠭᠠᠴᠢ ᠪᠠᠷ ᠠᠵᠢᠯᠯᠠᠪᠠ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ