| | ᠡᠦ ᠱᠤᠸᠠᠩ ᠯᠦᠡᠭ ᠤᠨ ᠲᠤᠪᠴᠢ ᠨᠠᠮᠲᠡᠷ᠄ | 1956 ᠤᠨ ᠳᠤ ᠵᠢᠷᠢᠮ ᠠᠶᠢᠮᠠᠭ ᠤᠨ ᠲᠠᠷᠬᠠᠨ ᠬᠤᠰᠢᠭᠤᠨ ᠤ ᠶᠤᠯᠤᠮᠤᠲᠤ ᠰᠤᠮᠤᠨ ᠳᠤ ᠲᠦᠷᠦᠵᠡᠢ᠃ ᠪᠦᠬᠦ ᠤᠯᠤᠰ ᠤᠨ ᠰᠢᠯᠢᠳᠡᠭ ᠰᠤᠷᠭᠠᠨ | ᠬᠦᠮᠦᠵᠢᠯ ᠤᠨ ᠠᠵᠢᠯᠲᠡᠨ᠂ ᠦᠪᠡᠷᠲᠡᠭᠡᠨ ᠵᠠᠰᠠᠬᠤ ᠤᠷᠤᠨ ᠤ ᠰᠢᠯᠢᠳᠡᠭ ᠨᠠᠮ ᠤᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠬᠦᠳᠡᠯᠮᠤᠷᠢ ᠶᠢᠨ ᠵᠢᠱᠢᠶᠡᠴᠢ᠃ | 1964 ᠤᠨ ᠤ 3 ᠰᠠᠷ᠎ᠠ ᠠᠴᠠ 1974 ᠤᠨ ᠤ 7 ᠰᠠᠷ᠎ᠠ ᠪᠤᠯᠲᠠᠯ᠎ᠠ ᠵᠢᠷᠢᠮ ᠠᠶᠢᠮᠠᠭ ᠤᠨ ᠬᠤᠷᠴᠢᠨ ᠵᠡᠬᠦᠨ ᠭᠠᠷᠤᠨ ᠳᠤᠮᠳᠠᠳᠤ ᠬᠤᠰᠢᠭᠤᠨ ᠤ | ᠱᠧᠪᠡᠷᠲᠦ ᠳᠤᠮᠳᠠᠳᠤ ᠰᠤᠷᠭᠠᠭᠤᠯᠢ ᠳᠤ ᠰᠤᠷᠤᠯᠴᠠᠪᠠ᠃ 1976 ᠤᠨ ᠤ 7 ᠰᠠᠷ᠎ᠠ ᠠᠴᠠ 1977 ᠤᠨ ᠤ 3 ᠰᠠᠷ᠎ᠠ ᠪᠤᠯᠲᠠᠯ᠎ᠡ ᠨᠤᠲᠤᠭ ᠲᠠᠭᠠᠨ ᠪᠤᠴᠠᠵᠤ | ᠲᠠᠷᠢᠶᠠᠨ ᠠᠵᠢᠯ ᠬᠢᠵᠠᠢ᠃ ᠭᠡᠪᠡᠴᠦ ᠲᠡᠷᠡ ᠪᠢᠴᠢᠭ ᠨᠤᠮ ᠢᠶᠠᠨ ᠬᠠᠶᠠᠯ ᠦᠭᠡᠢ ᠵᠠᠪ ᠴᠢᠯᠦᠭᠡ ᠭᠠᠷᠪᠠᠯ ᠨᠤᠮ ᠲᠡᠪᠲᠡᠷ ᠤᠷᠪᠠᠭᠤᠯᠵᠤ ᠰᠠᠭᠤᠵᠤ ᠪᠠᠶᠢᠲᠡᠯᠠ ᠠᠵᠠ ᠶᠢᠨ | ᠲᠡᠭᠷᠢ ᠢᠪᠡᠭᠡᠵᠤ ᠤᠯᠤᠰ ᠤᠨ ᠨᠢᠭᠡᠳᠦᠯᠲᠡᠢ ᠰᠢᠯᠭᠠᠯᠳᠠ ᠶᠢᠨ ᠲᠦᠷᠢᠮ ᠰᠡᠷᠬᠦᠭᠡᠭᠳᠡᠵᠡᠢ᠃ ︽ᠪᠡᠯᠡᠳᠬᠡᠯ ᠲᠠᠢ ᠬᠦᠮᠦᠨ ᠪᠠᠯᠢᠳᠠᠬᠤ ᠦᠭᠡᠢ︾ ᠭᠡᠳᠡᠭ ᠢᠶᠠᠷ᠂ ᠲᠡᠷᠡ | 1977 ᠤᠨ ᠳᠤ ᠲᠦᠡᠭᠯᠢᠶᠤᠤ ᠶᠢᠨ ᠪᠠᠭᠰᠢ ᠶᠢᠨ ᠰᠤᠷᠭᠠᠭᠤᠯᠢ ᠳᠤ ᠰᠢᠯᠭᠠᠭᠤᠯᠤᠨ ᠤᠷᠤᠵᠤ᠂ 1977 ᠤᠨ ᠤ 3 ᠰᠠᠷ᠎ᠠ ᠠᠴᠠ 1979 ᠤᠨ ᠤ 7 ᠰᠠᠷ᠎ᠠ | ᠪᠤᠯᠲᠠᠯ᠎ᠡ ᠲᠦᠡᠭᠯᠢᠶᠤᠤ ᠶᠢᠨ ᠪᠠᠭᠰᠢ ᠶᠢᠨ ᠰᠤᠷᠭᠠᠭᠤᠯᠢ ᠳᠤ ᠲᠤᠭᠠᠨ ᠤ ᠤᠬᠠᠭᠠᠨ ᠤ ᠮᠡᠷᠭᠡᠵᠢᠯ ᠢᠶᠠᠷ ᠰᠤᠷᠤᠯᠴᠠᠵᠤ᠂ 1979 ᠤᠨ ᠤ 7 ᠰᠠᠷ᠎ᠠ ᠠᠴᠠ 1986 | ᠤᠨ ᠤ 6 ᠰᠠᠷ᠎ᠠ ᠪᠤᠯᠳᠠᠯ᠎ᠡ ᠬᠤᠷᠴᠢᠨ ᠵᠡᠬᠦᠨ ᠭᠠᠷᠤᠨ ᠳᠤᠮᠳᠠᠳᠤ ᠬᠤᠰᠢᠭᠤᠨ ᠤ ᠤᠪᠤᠨᠲᠠᠢ ᠳᠤᠮᠳᠠᠳᠤ ᠰᠤᠷᠭᠠᠭᠤᠯᠢ ᠪᠠ ᠶᠤᠯᠤᠮᠤᠲᠤ ᠳᠤᠮᠳᠠᠳᠤ ᠰᠤᠷᠭᠠᠭᠤᠯᠢ ᠳᠤ | ᠪᠠᠭᠰᠢᠯᠠᠵᠠᠢ᠃ | 1986 ᠤᠨ ᠤ 6 ᠰᠠᠷ᠎ᠠ ᠠᠴᠠ ᠬᠦᠯᠦᠨ ᠪᠤᠶᠢᠷ ᠠᠶᠢᠮᠠᠭ ᠤᠨ ᠰᠢᠨ᠎ᠡ ᠪᠡᠷᠭᠤ ᠵᠡᠬᠦᠨ ᠬᠤᠰᠢᠭᠤᠨ ᠤ ᠴᠠᠭᠠᠨ ᠮᠠᠯᠵᠢᠯ ᠤᠨ ᠲᠠᠯᠠᠪᠠᠢ ᠶᠢᠨ | ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠭᠰᠠᠨ ᠢᠶᠠᠨ 1988 ᠤᠨ ᠤ 5 ᠰᠠᠷ᠎ᠠ ᠳᠤ ᠰᠢᠨ᠎ᠡ ᠪᠡᠷᠭᠤ ᠵᠡᠬᠦᠨ ᠬᠤᠰᠢᠭᠤᠨ ᠤ ᠭᠠᠯᠪᠠᠷ | ᠳᠤᠮᠳᠠᠳᠤ ᠰᠤᠷᠭᠠᠭᠤᠯᠢ ᠶᠢᠨ ᠪᠠᠭᠰᠢ ᠪᠠᠷ ᠠᠵᠢᠯ ᠰᠢᠯᠵᠢᠵᠠᠢ᠃ 1989 ᠤᠨ ᠤ 10 ᠰᠠᠷ᠎ᠠ ᠠᠴᠠ 1996 ᠤᠨ ᠤ 8 ᠰᠠᠷ᠎ᠠ ᠪᠤᠯᠲᠠᠯ᠎ᠡ ᠰᠢᠨ᠎ᠡ ᠪᠠᠷᠭᠤ ᠵᠡᠬᠦᠨ | ᠬᠤᠰᠢᠭᠤᠨ ᠤ ᠵᠢᠪᠬᠤᠯᠠᠩᠲᠤ ᠰᠤᠮᠤᠨ ᠤ ᠰᠤᠷᠭᠠᠭᠤᠯᠢ ᠪᠠ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠳᠤ ᠵᠠᠬᠢᠷᠤᠯ ᠤᠨ ᠲᠤᠰᠢᠶᠠᠯ ᠢ ᠬᠠᠷᠢᠭᠤᠴᠠᠪᠠ᠃ | 1996 ᠤᠨ ᠤ 8 ᠰᠠᠷ᠎ᠠ ᠠᠴᠠ ᠰᠢᠨ᠎ᠡ ᠪᠠᠷᠭᠤ ᠵᠡᠬᠦᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ | ᠪᠠᠶᠢᠭᠰᠠᠨ ᠢᠶᠠᠨ 1999 ᠤᠨ ᠤ 5 ᠰᠠᠷ᠎ᠠ ᠳᠤ ᠬᠠᠶᠢᠯᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠵᠤ᠂ 2016 | ᠤᠨ ᠤ 7 ᠰᠠᠷ᠎ᠠ ᠳᠤ ᠠᠵᠢᠯ ᠠᠴᠠ ᠪᠠᠨ ᠠᠮᠠᠷᠠᠪᠠ᠃ |