ᠬᠠᠰᠤᠨ
ᠨᠡᠶᠢᠲᠡᠯᠡᠭᠰᠡᠨ ᠴᠠᠭ᠄
2022/12/9
1124-1.jpg
             ᠬᠠᠰᠤᠨ ᠤ ᠲᠤᠪᠴᠢ ᠨᠠᠮᠲᠠᠷ᠄       ᠬᠠᠰᠤᠨ ᠪᠤᠯ ᠪᠤᠶᠢᠺᠦ ᠪᠦᠮᠪᠦᠭᠡ ᠶᠢᠨ ᠤᠯᠤᠰ ᠤᠨ ᠲᠡᠰ ᠤᠨ ᠲᠦᠯᠦᠬᠡᠯᠡᠭᠴᠢ ᠦᠪᠯᠡᠨ ᠤᠯᠠᠮᠵᠢᠯᠠᠭᠴᠢ ᠮᠦᠨ᠃       1944 ᠤᠨ ᠳᠤ ᠨᠢᠭᠡᠨ ᠴᠡᠷᠢᠭ ᠤᠨ ᠡᠮᠴᠢ ᠶᠢᠨ ᠭᠡᠷ ᠪᠦᠯᠢ ᠳᠤ ᠲᠦᠷᠦᠵᠦ᠂ ᠲᠡᠬᠦᠨ ᠤ ᠠᠪᠤ ᠨᠢ ᠸᠠᠩ ᠬᠠᠢ ᠱᠠᠨ ᠤ ᠮᠤᠷᠢᠳᠤ ᠴᠡᠷᠢᠭ ᠤᠨ ᠡᠮᠴᠢᠯᠡᠭᠡᠨ ᠤ ᠠᠩᠬᠢ ᠶᠢᠨ ᠠᠩᠬᠢ ᠶᠢᠨ ᠲᠠᠷᠤᠭ᠎ᠠ ᠪᠠᠶᠢᠪᠠ᠃ ᠬᠠᠰᠤᠨ ᠪᠠᠭ᠎ᠠ ᠠᠴᠠ ᠪᠠᠨ ᠲᠠᠮᠢᠷ ᠤᠨ ᠬᠦᠳᠡᠯᠭᠡᠭᠡᠨ ᠳᠤ ᠲᠤᠷᠠᠳᠠᠢ ᠪᠠᠶᠢᠵᠦ᠂ 9 ᠨᠠᠰᠤᠨ ᠠᠴᠠ ᠪᠠᠨ ᠲᠠᠮᠢᠷ ᠪᠤᠯᠪᠠᠰᠤᠷᠠᠵᠠᠢ᠃ ᠲᠡᠷᠡ ᠪᠠᠭ᠎ᠠ ᠠᠴᠠ ᠪᠠᠨ ᠤᠯᠠᠭᠠᠨᠬᠤᠳᠠ ᠳᠤ ᠲᠦᠷᠦᠵᠦ ᠦᠰᠦᠭᠰᠠᠨ ᠪᠤᠯᠪᠠᠴᠦ ᠠᠪᠤ ᠡᠵᠢ ᠪᠠᠨ ᠡᠷᠳᠡ ᠠᠯᠳᠠᠭᠰᠠᠨ ᠠᠴᠠ 1959 ᠤᠨ ᠳᠤ ᠲᠡᠭᠡᠳᠦᠰ ᠤᠨ ᠨᠤᠳᠤᠭ — ᠮᠤᠷᠢᠨᠳᠠᠪᠠᠭ᠎ᠠ ᠬᠤᠰᠢᠭᠤᠨ ᠳᠠᠭᠠᠨ ᠪᠤᠴᠠᠨ ᠢᠷᠡᠵᠦ᠂ ᠠᠵᠢᠯ ᠳᠤ ᠤᠷᠤᠪᠠ᠃ ᠢᠩᠬᠢᠭᠡᠳ ᠲᠡᠷᠡ ᠨᠤᠳᠤᠭ ᠤᠨ ᠢᠶᠠᠨ ᠪᠤᠶᠢᠺᠦ ᠪᠦᠮᠪᠦᠭᠡ ᠶᠢᠨ ᠦᠢᠯᠡᠰ ᠲᠤ ᠬᠦᠴᠦᠨ ᠴᠢᠳᠠᠯ ᠢᠶᠠᠨ ᠡᠷᠬᠦᠵᠦ ᠡᠬᠢᠯᠡᠭᠰᠡᠨ ᠪᠠᠶᠢᠨ᠎ᠠ᠃ ᠮᠦᠨ ᠴᠦ ᠲᠤᠰ ᠨᠤᠳᠤᠭ ᠲᠠᠭᠠᠨ ᠨᠠᠰᠤᠨ ᠤ ᠬᠠᠨᠢ ᠪᠠᠨ ᠤᠯᠵᠦ᠂ ᠠᠭᠤᠯᠠ ᠬᠠᠯᠠ ᠶᠢᠨ ᠰᠠᠢ ᠯᠢᠨ ᠨᠦᠬᠦᠷ ᠲᠠᠢ ᠬᠤᠷᠢᠮᠯᠠᠵᠦ ᠵᠤᠯ ᠵᠢᠷᠭᠠᠯᠳᠤ ᠭᠡᠷ ᠪᠦᠯᠢ ᠪᠠᠨ ᠪᠠᠶᠢᠭᠤᠯᠤᠭᠰᠠᠨ ᠶᠤᠮ᠃ ᠠᠭᠤᠯᠠ · ᠰᠠᠢ ᠯᠢᠨ ᠨᠦᠬᠦᠷ ᠪᠤᠯ ᠲᠠᠭᠤᠷ ᠦᠨᠳᠦᠰᠦᠳᠠᠨ ᠤ ᠨᠡᠷᠡᠳᠦ ᠭᠡᠷᠡᠯ ᠵᠢᠷᠤᠭᠴᠢᠨ᠂ ᠬᠠᠰᠤᠨ ᠤ ᠪᠤᠶᠢᠺᠦ ᠪᠦᠮᠪᠦᠭᠡ ᠶᠢᠨ ᠦᠢᠯᠡᠰ ᠲᠤ ᠮᠠᠰᠢ ᠠᠷᠪᠢᠨ ᠬᠡᠷᠡᠯ ᠵᠢᠷᠤᠭ ᠤᠨ ᠮᠠᠲ᠋ᠧᠷᠢᠶᠠᠯ ᠦᠯᠡᠳᠡᠬᠡᠵᠦ ᠦᠭᠬᠦᠭᠰᠡᠨ ᠠᠴᠢᠳᠦ ᠬᠦᠮᠦᠨ ᠨᠢ ᠪᠤᠯᠤᠨ᠎ᠠ᠃        ᠬᠠᠰᠤᠨ ᠭᠤᠧᠠᠢ ᠠᠵᠢᠯ ᠤᠨ ᠪᠠᠶᠢᠷᠢᠨ ᠳᠠᠭᠠᠨ ᠪᠠᠶᠢᠭᠰᠠᠨ ᠭᠤᠴᠢ ᠭᠠᠷᠤᠶ ᠵᠢᠯ ᠤᠨ ᠲᠤᠷᠰᠢ ᠣᠯᠠᠨ ᠵᠦᠢᠯ ᠤᠨ ᠲᠠᠮᠢᠷ ᠤᠨ ᠬᠥᠳᠡᠯᠭᠡᠭᠡᠨ ᠳᠤ ᠤᠷᠤᠯᠴᠠᠵᠦ᠂ ᠬᠦᠨᠳᠦ ᠬᠥᠩᠭᠡᠨ ᠪᠡᠶ᠎ᠠ ᠶᠢᠨ ᠲᠠᠮᠢᠷᠴᠢᠨ ᠪᠠᠶᠢᠭᠰᠠᠨ ᠪᠦᠭᠡᠳ ᠰᠠᠭᠰᠤᠨ ᠪᠥᠮᠪᠦᠭᠡ ᠶᠢᠨ ᠰᠢᠯᠢᠳᠡᠭ ᠲᠠᠮᠢᠷᠴᠢᠨ ᠶᠠᠪᠤᠵᠠᠢ᠃ ᠮᠦᠨ ᠴᠦ ᠮᠤᠷᠢᠨᠳᠠᠪᠠᠭ᠎ᠠ ᠬᠤᠰᠢᠭᠤᠨ ᠤ ᠪᠠᠨ ᠪᠠᠶ᠎ᠠ ᠶᠢᠨ ᠲᠠᠮᠢᠷ ᠤᠨ ᠬᠦᠳᠡᠯᠭᠡᠭᠡᠨ ᠤ ᠺᠤᠮᠢᠰ ᠤᠨ ︵ᠳᠤᠬᠠᠢ ᠶᠢᠨ ᠦᠶ᠎ᠠ ᠶᠢᠨ︶ ᠲᠡᠳ᠋ ᠡᠷᠬᠢᠯᠡᠭᠴᠢ ᠪᠠᠶᠢᠪᠠ᠃ ᠲᠡᠷᠡ 28 ᠨᠠᠰᠤᠨ ᠳᠠᠭᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠪᠤᠯᠵᠦ᠂ ᠤᠯᠤᠰ ᠲᠦᠷᠦ ᠶᠢᠨ ᠵᠦᠪᠯᠡᠯᠭᠡᠨ ᠤ ᠬᠤᠷᠠᠯ ᠳᠤ ᠤᠷᠤᠯᠴᠠᠬᠤ ᠳᠠᠭᠠᠨ ︽ᠵᠦᠭᠡᠷ ᠯᠡ ᠤᠷᠤᠯᠴᠠᠭᠠᠳ ᠪᠤᠯᠬᠤ ᠦᠭᠡᠢ᠂ ᠵᠠᠪᠠᠯ ᠦᠪᠡᠷ ᠤᠨ ᠨᠤᠳᠤᠭ ᠤᠰᠤ ᠠᠷᠠᠳ ᠲᠦᠮᠡᠨ ᠳᠡᠭᠡᠨ ᠲᠤᠰᠠ ᠪᠤᠯᠬᠤ ᠬᠡᠷᠡᠭᠳᠡᠢ︾ ᠭᠡᠮᠡᠨ ᠪᠤᠳᠤᠵᠦ᠂ ᠤᠳᠠᠭ᠎ᠠ ᠪᠤᠯᠭᠠᠨ ᠰᠢᠯᠢᠳᠡᠭ ᠰᠠᠨᠠᠯ ᠲᠤᠷᠠᠳᠤᠯᠭ᠎ᠠ ᠪᠠᠨ ᠲᠤᠷᠠᠳᠴᠦ ᠶᠠᠪᠤᠪᠠ᠃ ᠲᠡᠭᠡᠭᠡᠳ ᠲᠠᠭᠤᠷ ᠦᠨᠳᠦᠰᠦᠳᠠᠨ ᠤ ᠪᠤᠶᠢᠺᠦ ᠪᠦᠮᠪᠦᠭᠡ ᠪᠠᠨ ᠬᠤᠷᠠᠯ ᠲᠡᠭᠡᠷ᠎ᠠ ᠲᠤᠷᠠᠳᠤᠭᠰᠠᠭᠠᠷ ᠪᠠᠶᠢᠵᠦ᠂ ᠲᠤᠰ ᠲᠦᠷᠦᠯ ᠤᠨ ᠲᠡᠮᠢᠷ ᠤᠨ ᠬᠦᠳᠡᠯᠭᠡᠭᠡᠨ ᠨᠢ 1976 ᠤᠨ ᠳᠤ ᠤᠤᠯ ᠤᠨ ᠤᠯᠤᠰ ᠤᠨ ᠪᠠᠶ᠎ᠠ ᠶᠢᠨ ᠲᠠᠮᠢᠷ ᠤᠨ ᠬᠦᠳᠡᠯᠭᠡᠭᠡᠨ ᠤ ᠺᠤᠮᠢᠰ ᠤᠨ ᠴᠢᠬᠤᠯᠠᠴᠢᠯᠠᠯ ᠢ ᠤᠯᠵᠦ᠂ ᠮᠠᠨ ᠤ ᠤᠯᠤᠰ ᠤᠨ ᠠᠩᠬᠠᠳᠠᠭᠴᠢ ᠪᠤᠶᠢᠺᠦ ᠪᠦᠮᠪᠦᠭᠡ ᠶᠢᠨ ᠠᠩᠬᠢ ᠶᠢ ᠡᠬᠦᠰᠭᠡᠨ ᠪᠠᠶᠢᠭᠤᠯᠤᠭᠰᠠᠨ ᠪᠠᠶᠢᠨ᠎ᠠ᠃       ᠮᠠᠨ ᠤ ᠤᠯᠤᠰ ᠤᠨ ᠠᠩᠬᠠᠳᠠᠭᠴᠢ ᠪᠤᠶᠢᠺᠦ ᠪᠦᠮᠪᠦᠭᠡ ᠶᠢᠨ ᠠᠩᠬᠢ ᠮᠤᠷᠢᠨᠳᠠᠪᠠᠭ᠎ᠠ ᠳᠤ ᠪᠠᠶᠢᠭᠤᠯᠤᠭᠳᠠᠭᠰᠠᠨ ᠤ ᠲᠠᠷᠠᠭ᠎ᠠ ᠠᠳᠡᠬᠢ ᠲᠠᠮᠢᠷᠴᠢᠳ ᠰᠢᠯᠢᠳᠡᠭ ᠬᠢᠷᠢ ᠪᠦᠳᠦᠮᠵᠢ ᠤᠯᠬᠤ ᠪᠠᠷ ᠴᠢᠷᠮᠠᠶᠢᠨ ᠪᠤᠯᠪᠠᠰᠤᠷᠠᠳᠠᠭ ᠪᠠᠶᠢᠪᠠ᠃ ᠬᠠᠰᠤᠨ ᠴᠦ ᠲᠠᠮᠢᠷᠴᠢᠳ ᠢᠶᠠᠨ ᠨᠡᠩ ᠦᠨᠳᠦᠷ ᠲᠦᠪᠰᠢᠨ ᠳᠤ ᠬᠦᠷᠭᠡᠬᠦ ᠶᠢᠨ ᠲᠦᠯᠦᠭᠡ ᠫᠠᠺᠢᠰᠲ᠋ᠠᠨ ᠵᠡᠷᠭᠡ ᠤᠯᠤᠰ ᠤᠷᠤᠨ ᠢᠶᠠᠷ ᠲᠠᠭᠠᠭᠤᠯᠵᠦ ᠰᠤᠷᠤᠯᠴᠠᠭᠤᠯᠤᠨ᠂ ᠪᠤᠶᠢᠺᠦ ᠪᠦᠮᠪᠦᠭᠡ ᠶᠢᠨ ᠮᠡᠷᠭᠡᠵᠢᠯ ᠴᠢᠳᠠᠪᠤᠷᠢ ᠶᠢ ᠨᠢ ᠲᠡᠭᠡᠭᠰᠢᠯᠡᠬᠦᠯᠪᠡ᠃ ᠲᠡᠳᠡ ᠤᠯᠤᠰ ᠤᠷᠤᠨ ᠪᠠ ᠲᠡᠯᠡᠬᠡᠢ ᠶᠢᠨ ᠬᠡᠪᠴᠢᠶᠡᠨ ᠤ ᠲᠠᠮᠢᠷ ᠤᠨ ᠤᠷᠤᠯᠳᠤᠭᠠᠨ ᠳᠤ ᠵᠠᠯᠭᠠᠪᠠᠷ ᠰᠠᠶᠢᠨ ᠬᠢᠷᠢ ᠪᠦᠳᠦᠮᠵᠢ ᠤᠯᠵᠦ ᠶᠠᠪᠤᠭᠰᠠᠨ ᠮᠦᠷᠳᠡᠬᠡᠨ ᠮᠤᠷᠢᠨᠳᠠᠪᠠᠭ᠎ᠠ ᠬᠤᠰᠢᠭᠤᠨ ᠤ ᠪᠤᠶᠢᠺᠦ ᠪᠦᠮᠪᠦᠭᠡ ᠶᠢᠨ ᠠᠩᠬᠢ ᠶᠢᠨ ᠤᠷᠬᠢᠯ ᠴᠠᠭ ᠦᠶ᠎ᠠ ᠶᠢ ᠡᠬᠦᠳᠦᠭᠰᠡᠨ ᠪᠠᠶᠢᠨ᠎ᠠ᠃    
1124-2.jpg      
             1978 ᠤᠨ ᠳᠤ ᠮᠠᠨ ᠤ ᠤᠯᠤᠰ ᠲᠤ ᠠᠩᠬᠠᠳᠠᠭᠴᠢ ᠤᠳᠠᠭᠠᠨ ᠤ ᠪᠤᠶᠢᠺᠦ ᠪᠦᠮᠪᠦᠭᠡ ᠶᠢᠨ ᠤᠷᠤᠯᠳᠤᠭᠠᠨ ᠶᠠᠪᠤᠭᠳᠠᠪᠠ᠃ ᠬᠠᠰᠤᠨ ᠤ ᠲᠠᠭᠠᠭᠤᠯᠤᠭᠰᠠᠨ ᠪᠤᠶᠢᠺᠦ ᠪᠦᠮᠪᠦᠭᠡ ᠶᠢᠨ ᠠᠩᠬᠢ ᠨᠢ ᠬᠠᠷᠠᠮᠥ᠋ᠷᠡᠨ ᠮᠤᠵᠢ ᠶᠢᠨ ᠨᠢᠭᠡᠳᠦᠭᠡᠷ ᠠᠩᠬᠢ ᠶᠢ ᠲᠥᠯᠥᠭᠡᠯᠡᠨ ᠪᠦᠬᠦ ᠤᠯᠤᠰ ᠤᠨ ᠪᠦᠢᠺᠦ ᠪᠥᠮᠪᠦᠭᠡ ᠶᠢᠨ ᠤᠷᠤᠯᠳᠤᠭᠠᠨ ᠳᠤ ᠣᠷᠣᠯᠴᠠᠭᠠᠳ ᠲᠡᠷᠢᠬᠦᠯᠡᠵᠠᠢ᠃ ᠰᠡᠬᠦᠯᠡᠷ ᠨᠢ ᠲᠤᠰ ᠠᠩᠬᠢ ᠨᠢ ᠦᠪᠦᠷ ᠮᠤᠩᠭᠤᠯ᠂ ᠪᠡᠭᠡᠵᠢᠩ ᠵᠡᠷᠭᠡ ᠤᠯᠠᠨ ᠭᠠᠵᠠᠷ ᠤᠷᠤᠨ ᠢ ᠲᠦᠯᠦᠭᠡᠯᠡᠨ ᠤᠷᠤᠯᠳᠤᠭᠠᠨ ᠳᠤ ᠤᠷᠤᠯᠴᠠᠭᠠᠳ ᠤᠳᠠᠭ᠎ᠠ ᠪᠤᠯᠭᠠᠨ ᠰᠠᠶᠢᠨ ᠬᠢᠷᠢ ᠪᠦᠳᠦᠮᠵᠢ ᠤᠯᠵᠠᠢ᠃        1976 ᠣᠨ ᠳᠤ ᠮᠤᠷᠢᠨᠳᠠᠪᠠᠭ᠎ᠠ ᠬᠤᠰᠢᠭᠤᠨ ᠳᠤ ᠮᠠᠨ ᠤ ᠤᠯᠤᠰ ᠤᠨ ᠠᠩᠬᠠᠳᠠᠭᠴᠢ ᠡᠷᠡᠭᠲᠡᠶ ᠶᠢᠨ ᠪᠤᠶᠢᠺᠤ ᠪᠥᠮᠪᠦᠭᠡ ᠶᠢᠨ ᠠᠩᠭᠢ ᠪᠠᠶᠢᠭᠤᠯᠤᠭᠳᠠᠵᠦ᠂ ᠬᠠᠰᠤᠨ ᠭᠤᠧᠠᠢ 1978 ᠣᠨ ᠠᠴᠠ ᠡᠬᠢᠯᠡᠨ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠲᠡᠦᠬᠡᠨ ᠳᠡᠭᠡᠷᠡᠬᠢ ᠵᠢᠩᠬᠢᠨᠢ ᠪᠤᠶᠢᠺᠦ ᠪᠦᠮᠪᠦᠭᠡ ᠶᠢᠨ ᠤᠷᠤᠯᠳᠤᠭᠠᠨ ‍ᠦᠬᠡᠢ ᠪᠠᠶᠢᠬᠤ ᠬᠤᠭᠤᠰᠣᠨ ᠢ ᠨᠥᠬᠦᠪᠥᠷᠢᠯᠡᠬᠦ ᠶᠢᠨ ᠲᠥᠯᠥᠭᠡ ᠶᠡᠭᠡ ᠬᠡᠮᠵᠢᠶᠡᠨ ᠤ ᠠᠵᠢᠯ ᠬᠢᠵᠦ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠭᠰᠠᠨ ᠶᠤᠮ᠃ ᠳᠡᠶᠢᠨ ᠬᠦ ᠮᠤᠷᠢᠨᠳᠠᠪᠠᠭ᠎ᠠ ᠬᠤᠰᠢᠭᠤᠨ ᠳᠤ ᠪᠠᠶᠢᠭ᠎ᠠ ︽ᠥᠪᠥᠷ ᠮᠣᠩᠭᠤᠯ ᠤᠨ ᠠᠩᠭᠢ︾ ᠶᠢᠨ ᠤᠯᠤᠰ ᠤᠨ ᠳᠣᠲᠣᠭᠠᠳᠤ ᠶᠢᠨ ᠤᠷᠤᠯᠳᠤᠭᠠᠨ ᠳᠤ ᠣᠯᠤᠭᠰᠠᠨ ᠰᠢᠯᠢᠳᠡᠭ ᠬᠢᠷᠢ ᠪᠦᠲᠦᠮᠵᠢ ᠡᠳᠦᠷ ᠠᠴᠠ ᠡᠳᠦᠷ ᠵᠤᠵᠠᠭᠠᠷᠠᠵᠤ᠂ ᠤᠳᠤ ᠪᠤᠯᠬᠤ ᠳᠤ 40 ᠭᠠᠷᠤᠢ ᠠᠯᠲᠠᠨ ᠮᠧᠳᠠᠯ ᠤᠯᠤᠭᠰᠠᠨ ᠪᠠᠶᠢᠨ᠎ᠠ᠃       1980 ᠣᠨ ᠳᠤ ᠲᠡᠬᠦᠨ ᠤ ᠰᠠᠨᠠᠭᠠᠴᠢᠯᠠᠭ᠎ᠠ ᠪᠠ ᠴᠢᠷᠮᠠᠶᠢᠯᠭ᠎ᠠ ᠳᠣᠣᠷ᠎ᠠ᠂ ᠮᠠᠨ ᠤ ᠤᠯᠤᠰ ᠤᠨ ᠠᠩᠬᠠᠳᠠᠭᠴᠢ ᠡᠮᠡᠭᠲᠡᠶ ᠶᠢᠨ ᠪᠤᠶᠢᠺᠤ ᠪᠥᠮᠪᠦᠭᠡ ᠶᠢᠨ ᠠᠩᠭᠢ ᠪᠠᠶᠢᠭᠤᠯᠤᠭᠳᠠᠵᠦ᠂ ᠬᠠᠰᠤᠨ ᠮᠠᠨ ᠤ ᠤᠯᠤᠰ ᠤᠨ ᠠᠩᠬᠠᠳᠠᠭᠴᠢ ᠪᠦᠢᠺᠤ ᠪᠦᠮᠪᠦᠭᠡ ᠶᠢᠨ ᠡᠮᠡᠭᠳᠡᠢ ᠲᠠᠰᠬᠠᠯᠵᠢᠭᠤᠯᠤᠭᠴᠢ ᠪᠤᠯᠵᠦ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠡᠦᠬᠡᠨ ᠳᠡᠭᠡᠷ᠎ᠡ ᠪᠠᠰᠠ ᠨᠢᠭᠡᠨ ᠭᠡᠷᠡᠯ ᠰᠠᠴᠤᠷᠠᠩᠭᠤᠶ ᠬᠠᠭᠤᠳᠠᠰᠤ ᠶᠢ ᠪᠢᠴᠢᠭᠯᠡᠪᠡ᠃       1989 ᠣᠨ ᠳᠤ ᠬᠠᠰᠤᠨ ᠭᠤᠧᠠᠢ ᠲᠠᠮᠢᠷ ᠤᠨ ᠠᠩᠬᠢ ᠠᠴᠠ ᠪᠠᠨ ᠬᠠᠯᠠᠭᠳᠠᠨ᠂ ᠲᠠᠮᠢᠷ ᠤᠨ ᠦᠢᠯᠡᠰ ᠠᠴᠠ ᠪᠠᠨ ᠲᠦᠷ ᠰᠠᠯᠵᠦ᠂ ᠮᠤᠷᠢᠨᠳᠠᠪᠠᠭ᠎ᠠ ᠬᠤᠰᠢᠭᠤᠨ ᠤ ᠠᠬᠠᠮᠠᠳ ᠺᠠᠳ᠋ᠷᠴᠤᠳ ᠤᠨ ᠳᠤᠪᠴᠢᠶ᠎ᠠ ᠶᠢᠨ ᠲᠣᠪᠴᠢᠶᠠᠨ ᠳᠠᠷᠤᠭ᠎ᠠ᠂ ᠮᠤᠷᠢᠨᠳᠠᠪᠠᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ᠂ ᠮᠤᠷᠢᠨᠳᠠᠪᠠᠭ᠎ᠠ ᠬᠤᠰᠢᠭᠤᠨ ᠤ ᠦᠨᠳᠦᠰᠦᠳᠡᠨ ᠤ ᠬᠡᠷᠡᠭ ᠡᠷᠬᠢᠯᠡᠬᠦ ᠲᠣᠪᠴᠢᠶᠠᠨ ᠤ ᠲᠤᠪᠴᠢᠶᠠᠨ ᠳᠠᠷᠤᠭ᠎ᠠ ᠵᠡᠷᠭᠡ ᠲᠤᠰᠢᠶᠠᠯ ᠢ ᠡᠭᠦᠷᠭᠡᠯᠡᠵᠦ ᠶᠠᠪᠤᠵᠠᠢ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ