ᠦᠰᠦᠭ ᠢᠶᠠᠷ ᠦᠭᠦᠯᠡᠬᠦᠢ᠄ ᠬᠥᠯᠤᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠤᠡᠭᠡᠯ ᠤᠨ ᠲᠠᠶᠢᠯᠤᠮᠵᠢ — ᠬᠤᠲᠠ ᠶᠢᠨ ᠳᠦᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠡᠷᠭᠢᠴᠡᠭᠦᠯᠦᠯ
ᠨᠡᠶᠢᠲᠡᠯᠡᠭᠰᠡᠨ ᠴᠠᠭ᠄
2022/2/28
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠪᠡᠷᠲᠡᠭᠡᠨ ᠵᠠᠰᠠᠬᠤ ᠤᠷᠤᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠲᠠᠭᠠᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ᠂ ᠪᠤᠬᠢᠷᠲᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠭᠠᠳ᠂ ︽ᠠᠷᠪᠠᠨ ᠭᠤᠷᠪᠠᠳᠤᠭᠠᠷ ᠲᠠᠪᠤᠨ ᠵᠢᠯ︾ ᠢ ᠠᠮᠵᠢᠯᠲᠠ ᠲᠠᠢ ᠪᠠᠷ ᠰᠡᠭᠦᠯ ᠬᠤᠷᠢᠶᠠᠨ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠦᠭᠡᠳ᠂ ᠬᠦᠯᠦᠨ ᠪᠤᠶᠢᠷ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃       ︵ᠨᠢᠭᠡ︶ ᠠᠵᠤ ᠠᠬᠤᠢ ᠶᠢᠨ ᠬᠦᠭᠵᠢᠯᠲᠡ ᠲᠤᠭᠲᠠᠭᠤᠨ ᠤ ᠳᠠᠭᠠᠤ ᠳᠤ ᠠᠬᠢᠯᠲᠠ ᠲᠠᠢ ᠪᠣᠯᠪᠠ       ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ ᠮᠢᠩᠭᠠᠨ ᠳ᠋ᠦᠩᠰᠢᠭᠤᠷ ᠲᠦᠭᠦᠷᠢᠭ ᠠᠴᠠ ᠳᠡᠭᠡᠭᠰᠢ ᠳᠤ ᠦᠷᠬᠦᠯᠵᠢᠯᠡᠨ ᠲᠤᠭᠲᠠᠪᠤᠷᠢᠵᠢᠭᠤᠯᠵᠤ᠂ ᠡᠩ ᠤᠨ ᠤᠯᠠᠨ ᠨᠠᠶᠢᠲᠡ ᠶᠢᠨ ᠲᠦᠰᠦᠪ ᠤᠨ ᠤᠷᠤᠯᠭ᠎ᠠ ᠵᠠᠭᠤᠨ ᠳ᠋ᠦᠩᠰᠢᠭᠤᠷ ᠲᠦᠭᠦᠷᠢᠭ ᠲᠤ ᠤᠶᠢᠷᠠᠲᠤᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠯ ᠳᠤᠮᠳᠠᠴᠢ ᠪᠠᠷ 5.4% ᠪᠠ 9.5% ᠨᠡᠮᠡᠭᠳᠡᠪᠡ᠃       ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ ᠵᠡᠷᠭᠡ 8 ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠳᠡᠮᠳᠡᠭ ︽ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠪᠡᠯᠭᠡ ᠲᠡᠮᠳᠡᠭ ᠤᠨ ᠴᠢᠨᠠᠷᠲᠠᠶ ᠲᠥᠷᠥᠯ ᠳᠡᠮᠳᠡᠭ︾ ᠢᠶᠠᠷ ᠰᠤᠩᠭᠤᠭᠳᠠᠪᠠ᠃       ᠴᠢ ᠯᠦ᠂ ᠢᠯᠢ᠂ ᠹᠦ᠋ ᠹᠧᠩ ᠵᠡᠷᠭᠡ ᠬᠡᠯᠬᠢᠶ᠎ᠡ ᠶᠢ ᠴᠢᠩᠭᠠᠷᠠᠭᠤᠯᠤᠨ ᠬᠡᠯᠬᠢᠶ᠎ᠡ ᠶᠢ ᠨᠦᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ ᠲᠦᠷᠦᠯ ᠵᠦᠢᠯ ᠤᠷᠤᠭᠰᠢᠲᠠᠢ  ᠪᠠᠷ ᠠᠰᠢᠭᠯᠠᠯᠲᠠ ᠳᠤ ᠤᠷᠤᠵᠤ᠂ ᠲᠤᠨᠤᠭᠯᠠᠯ ᠦᠢᠯᠡᠳᠬᠦ ᠦᠢᠯᠡᠰ ᠠᠯᠬᠤᠮ ᠠᠯᠬᠤᠮ ᠢᠶᠠᠷ ᠬᠦᠴᠦᠷᠬᠡᠭᠵᠢᠵᠦ᠂ ᠰᠢᠨ᠎ᠡ ᠡᠨᠧᠷᠭᠢ ᠶᠢᠨ ᠮᠠᠰᠢᠨ ᠴᠤᠭᠴᠠᠯᠠᠪᠤᠷᠢ 140 ᠲᠦᠮᠡᠨ ᠺᠢᠯᠤᠸᠠᠲ ᠢ ᠳᠠᠪᠠᠪᠠ᠃       ᠪᠦᠬᠦ ᠤᠯᠤᠰ ᠤᠨ ︽ᠮᠥᠰᠥ ᠴᠠᠰᠤᠨ ᠤ ᠵᠢᠭᠤᠯᠴᠢᠯᠠᠯ ᠤᠨ ᠠᠷᠪᠠᠨ ᠰᠤᠳᠤᠨ ᠬᠤᠳᠠ︾ ᠳᠤ ᠣᠷᠣᠵᠠᠢ᠃       ︵ᠬᠤᠶᠠᠷ︶ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ       ᠤᠢ ᠰᠢᠭᠤᠶ ᠶᠢᠨ ᠪᠦᠷᠬᠦᠯᠲᠡ ᠶᠢᠨ ᠨᠤᠷᠮ᠎ᠠ᠂ ᠲᠠᠯ᠎ᠠ ᠨᠤᠲᠤᠭ ᠤᠨ ᠶᠡᠷᠦᠩᠬᠡᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢᠨ ︽ᠬᠤᠤᠰ ᠳᠡᠭᠡᠭᠰᠢᠯ︾ ᠢ ᠪᠡᠶᠡᠯᠡᠭᠦᠯᠪᠡ᠃       ᠬᠥᠯᠥᠨ ᠨᠠᠭᠤᠷ ᠤᠨ ᠰᠠᠪᠠ ᠭᠠᠵᠠᠷ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠪᠦᠲᠦᠮᠵᠢᠲᠡᠢ ᠰᠡᠷᠭᠦᠭᠡᠭᠳᠡᠪᠡ᠃       ᠬᠤᠲᠠ ᠶᠢᠨ ᠠᠭᠠᠷ ᠤᠨ ᠴᠡᠪᠡᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠪᠥᠬᠦ ᠣᠷᠣᠨ ᠳᠤ ᠲᠡᠷᠢᠭᠦᠯᠡᠪᠡ᠃       ᠪᠣᠬᠢᠷᠲᠤᠯ ᠦᠭᠡᠢ ᠠᠭᠤᠷᠬᠠᠶ ᠶᠢ 32 ᠡᠷᠦᠬᠡ᠂ ᠪᠣᠬᠢᠷᠲᠤᠯ ᠦᠭᠡᠢ ᠦᠢᠯᠡᠳᠪᠦᠷᠢ ᠶᠢ 6 ᠡᠷᠦᠬᠡ ᠪᠠᠶᠢᠭᠤᠯᠪᠠ᠃       ᠪᠦᠬᠦ ᠤᠯᠤᠰ ᠤᠨ ᠤᠰᠤᠨ ᠤ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠴᠡᠭ ᠤᠨ ᠬᠤᠳᠠ ᠶᠢᠨ ᠪᠦᠳᠦᠭᠡᠨ ᠪᠠᠶᠢᠭᠤᠯᠤᠯᠲᠠ ᠨᠢ ᠤᠯᠤᠰ ᠤᠨ ᠰᠢᠯᠭᠠᠨ ᠠᠪᠤᠯᠲᠠ ᠶᠢ ᠦᠩᠭᠡᠷᠡᠭᠡᠭᠡᠳ᠂ ᠬᠠᠮᠤᠭ ᠠᠴᠠ ᠠᠮᠢ ᠠᠬᠤᠢ ᠶᠢᠨ ᠦᠷᠢᠰᠦᠯᠳᠦᠬᠦ ᠬᠦᠴᠦᠨ ᠲᠠᠢ ᠬᠤᠳᠠ ᠪᠠᠷ ᠨᠡᠷᠡᠶᠢᠳᠦᠭᠳᠡᠵᠦ᠂ ᠭᠡᠭᠡᠨ ᠭᠤᠣᠯ ᠬᠤᠳᠠ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠠᠨ ᠪᠠ ︽ᠬᠦᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠦᠨᠡᠯᠡᠭᠳᠡᠪᠡ᠃       ︵ᠭᠤᠷᠪᠠ︶ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠦᠨ ᠠᠬᠢᠭᠤᠯᠪᠠ       ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ ᠵᠢᠯ ᠳᠠᠷᠠᠭᠠᠯᠠᠨ ᠳᠡᠭᠡᠭᠰᠢᠯᠡᠪᠡ᠃       ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ᠂ ᠲᠠᠷᠢᠶᠠᠯᠠᠬᠤ ᠮᠠᠯᠵᠢᠬᠤ ᠣᠷᠣᠨ᠂ ᠰᠢᠭᠤᠶᠢᠲᠤ ᠣᠷᠣᠨ ᠬᠠᠭᠠᠯᠪᠤᠷᠢᠯᠠᠯᠲᠠ ᠶᠢᠨ ᠤᠷᠤᠨ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠪᠠᠲᠤᠲᠠᠢ ᠠᠬᠢᠪᠠ᠃       ᠥᠪᠥᠷ ᠮᠣᠩᠭᠤᠯ ᠤᠨ ᠬᠦᠢᠲᠡᠨ ᠭᠠᠵᠠᠷ ᠤᠨ ᠮᠥᠰᠥ ᠴᠠᠰᠤᠨ ᠤ ᠠᠭᠤᠷ ᠠᠮᠢᠰᠬᠤᠯ ᠤᠨ ᠰᠤᠳᠤᠯᠭᠠᠨ ᠤ ᠲᠥᠪ ᠢ ᠵᠣᠬᠢᠶᠠᠨ ᠪᠠᠶᠢᠭᠤᠯᠵᠤ ᠠᠵᠢᠯᠯᠠᠭᠤᠯᠪᠠ᠃       ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠤᠷᠤᠭᠰᠢᠲᠠᠶ ᠠᠬᠢᠵᠤ᠂ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠶᠢ ᠭᠠᠳᠠᠭᠠᠲᠤ ᠠᠴᠠ ᠤᠷᠤᠭᠤᠯᠬᠤ ᠲᠤᠷᠰᠢᠯᠲᠠ ᠶᠢᠨ ᠴᠡᠭ ᠠᠮᠵᠢᠯᠲᠠ ᠲᠠᠢ ᠪᠠᠷ ᠵᠥᠪᠰᠢᠶᠡᠷᠡᠭᠳᠡᠪᠡ᠃       ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠦᠷᠦ ᠶᠢᠨ ᠪᠤᠳᠤᠯᠭ᠎ᠠ ᠶᠢᠨ ᠲᠦᠭᠡᠮᠡᠯ ᠬᠠᠷᠠᠭᠠᠯᠵᠠᠯ ᠢ ᠪᠦᠷᠬᠦᠭᠦᠯᠵᠦ᠂ ᠡᠪᠦᠳᠦᠭ᠂ ᠠᠷᠤᠬᠠᠰᠢᠶᠠᠲᠤ ᠪᠤᠭᠤᠮᠲᠠ ᠵᠢᠯ ᠲᠤᠷᠰᠢ ᠨᠡᠭᠡᠭᠡᠬᠦ ᠶᠢ ᠪᠡᠶᠡᠯᠡᠭᠦᠯᠵᠦ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠲᠦᠮᠡ ᠭᠠᠷᠤᠢ ᠴᠤᠪᠤᠭ᠎ᠠ ᠨᠡᠪᠲᠡᠷᠡᠵᠦ᠂ ᠪᠦᠬᠦ ᠤᠯᠤᠰ ᠤᠨ ᠬᠢᠯᠢ ᠳᠠᠭᠠᠤ ᠪᠤᠭᠤᠮᠲᠠ ᠶᠢᠨ ᠲᠡᠷᠢᠭᠦᠨ ᠳᠤ ᠤᠷᠤᠪᠠ᠃       ᠤᠯᠠᠨ ᠤᠯᠤᠰ ᠤᠨ ᠨᠦᠬᠦᠷᠰᠡᠭ ᠬᠤᠲᠠ 3 ᠬᠤᠤᠰ ᠰᠢᠨ᠎ᠡ ᠪᠠᠷ ᠨᠡᠮᠡᠭᠳᠡᠪᠡ᠃       ᠬᠦᠯᠦᠨ ᠪᠤᠶᠢᠷ ᠬᠤᠲᠠ — ᠬᠢᠩᠭᠠᠨ ᠠᠶᠢᠮᠠᠭ ᠤᠨ ᠤᠷᠤᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠠᠬᠢᠭᠤᠯᠵᠤ᠂ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠶᠢᠨ ᠤᠷᠤᠨ ᠨᠤᠲᠤᠭ ᠠᠵᠤ ᠠᠬᠤᠶᠢᠯᠠᠯ ᠬᠠᠮᠲᠤᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠦᠷᠭᠡᠳᠭᠡᠪᠡ᠃       ︵ᠳᠦᠷᠪᠡ︶ ᠬᠤᠲᠠ ᠬᠦᠳᠡᠭᠡ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠪᠠ       ᠬᠤᠲᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ 624 ᠲᠦᠷᠦᠯ ᠵᠦᠢᠯ ᠢ ᠬᠡᠷᠡᠭᠵᠢᠭᠦᠯᠪᠡ᠃       ᠵᠠᠰᠠᠮᠠᠯ ᠵᠠᠮ ᠤᠨ ᠶᠡᠷᠦᠩᠬᠡᠢ ᠤᠷᠲᠤ 1334 ᠺᠢᠯᠣᠮᠧᠲᠷ ᠨᠡᠮᠡᠭᠳᠡᠵᠦ᠂ ︽ᠲᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠪᠠᠲᠤᠲᠠᠢ ᠦᠷ᠎ᠡ ᠪᠦᠲᠦᠮᠵᠢ ᠤᠯᠵᠤ᠂ ᠬᠠᠶᠢᠯᠠᠷ — ᠮᠠᠨᠵᠤᠤᠷ ᠵᠡᠷᠭᠡ ᠭᠤᠤᠯᠳᠠᠯᠭ᠎ᠠ ᠲᠠᠢ ᠵᠠᠰᠠᠮᠠᠯ ᠵᠠᠮ ᠤᠨ ᠲᠦᠷᠦᠯ ᠵᠦᠢᠯ ᠤᠷᠤᠭᠰᠢᠲᠠᠢ ᠠᠬᠢᠪᠠ᠃       ︽ᠴᠢᠴᠢᠬᠠᠷ — ᠬᠠᠶᠢᠯᠠᠷ — ᠮᠠᠨᠵᠤᠤᠷ︾ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠦᠯ ᠵᠦᠢᠯ ᠯᠠᠪᠳᠠᠭᠤᠨ ᠢᠶᠠᠷ ᠠᠬᠢᠪᠠ᠃       ︽4+6︾ ᠶᠢᠨ ᠨᠢᠰᠭᠡᠯ ᠤᠨ ᠪᠠᠭᠤᠳᠠᠯ ᠤᠨ ᠪᠦᠯᠦᠭᠵᠢᠯ ᠤᠨ ᠪᠠᠶᠢᠷᠢᠰᠢᠭᠤᠯᠤᠯᠲᠠ ᠠᠩᠬ᠎ᠠ ᠠᠯᠬᠤᠮ ᠪᠦᠷᠢᠯᠳᠦᠪᠡ᠃       ᠵᠠᠳᠤᠨ ᠤᠰᠤᠨ ᠠᠰᠢᠭᠯᠠᠯᠲᠠ ᠶᠢᠨ ᠭᠦᠢᠰᠦ ᠶᠢᠨ ᠬᠠᠭᠠᠯᠲᠠ ᠶᠢ ᠪᠠᠭᠤᠯᠭᠠᠵᠤ ᠤᠰᠤ ᠬᠠᠳᠠᠭᠠᠯᠠᠪᠠ᠃       ᠲᠦᠪ ᠬᠤᠲᠠ ᠶᠢᠨ ᠲᠤᠭᠤᠷᠢᠭ ᠪᠠ ᠬᠤᠰᠢᠭᠤ ᠬᠤᠲᠠ ᠲᠤᠭᠤᠷᠢᠭ ᠤᠨ ᠭᠤᠤᠯᠳᠠᠯᠭ᠎ᠠ ᠲᠠᠢ ᠰᠢᠶᠠᠩ ᠪᠠᠯᠭᠠᠰᠤᠨ ᠳᠤ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃       ᠲᠠᠷᠢᠶᠠᠯᠠᠬᠤ ᠮᠡᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠣᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠵᠤ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ 10.8 ᠲᠦᠮᠡᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ᠂ ᠵᠠᠯᠠᠨ ᠠᠶᠢᠯ ᠬᠤᠲᠠ ᠪᠦᠬᠦ ᠤᠯᠤᠰ ᠤᠨ ᠠᠶᠢᠯ ᠲᠤᠰᠬᠤᠨ ᠢ ᠴᠡᠪᠡᠷᠰᠢᠭᠦᠯᠬᠦ ᠠᠵᠢᠯᠯᠠᠭ᠎ᠠ ᠶᠢᠨ ᠲᠡᠷᠢᠭᠦᠨ ᠤ ᠰᠢᠶᠠᠨ ᠤ ᠴᠤᠯᠠ ᠶᠢ ᠦᠩᠭᠡ ᠭᠡᠷᠡᠯ  ᠲᠠᠢ ᠪᠠᠷ ᠬᠦᠷᠲᠡᠪᠡ᠃       ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠨᠠᠩ ᠨᠡᠮᠡᠭᠳᠡᠪᠡ       ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠬᠤᠪᠢ ᠶᠢᠨ ᠵᠢᠩ 6 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠳᠤᠮᠳᠠᠴᠢ ᠲᠦᠪᠰᠢᠨ ᠠᠴᠠ ᠥᠨᠳᠥᠷ ᠪᠠᠶᠢᠪᠠ᠃       32 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ 2380 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠂ ᠡᠭᠦᠨ ᠳᠤ᠂ ᠪᠡᠭᠡᠵᠢᠩ ᠦᠪᠦᠷ ᠮᠣᠩᠭᠤᠯ ᠤᠨ ᠬᠤᠭᠤᠷᠤᠨᠳᠤᠬᠢ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠥᠷᠥᠯ ᠵᠦᠢᠯ 286 ᠪᠤᠢ᠃       ᠪᠥᠬᠦ ᠬᠤᠲᠠ ᠶᠢᠨ 13.1 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠲᠡᠮᠡᠴᠡᠨ ᠤᠯᠪᠠ᠃       ᠬᠤᠳᠠ ᠪᠠᠯᠭᠠᠰᠤᠨ ᠤ 9.16 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ ᠢᠮᠠᠭᠲᠠ 4% ᠶᠢᠨ ᠳᠣᠲᠣᠷ᠎ᠠ ᠬᠢᠵᠠᠭᠠᠷᠯᠠᠪᠠ᠃       ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠰ ᠲᠤᠰ 25% ᠪᠠ 36% ᠳᠡᠭᠡᠭᠰᠢᠯᠡᠭᠦᠯᠪᠡ᠃       ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃       ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠵᠦ᠂ 14 ᠬᠤᠰᠢᠭᠤ ᠬᠤᠲᠠ ᠲᠣᠭᠤᠷᠢᠭ ᠪᠦᠬᠦᠨ ᠢᠶᠠᠷ ᠢᠶᠠᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠤ ᠦᠨᠡᠯᠡᠨ ᠵᠢᠱᠢᠯᠲᠡ ᠶᠢ ᠦᠩᠭᠡᠷᠡᠭᠡᠪᠡ᠃       ᠵᠢᠷᠭᠤᠭ᠎ᠠ︶ ᠨᠡᠶᠢᠭᠡᠮ ᠤᠨ ᠶᠡᠭᠡ ᠲᠠᠯ᠎ᠠ ᠡᠶ᠎ᠡ ᠵᠤᠬᠢᠴᠠᠩᠭᠤᠢ ᠲᠣᠭᠲᠠᠭᠤᠨᠵᠢᠪᠠ       ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ ᠳᠤ ᠦᠷᠭᠦᠯᠵᠢᠯᠡᠨ ᠢᠯᠠᠯᠲᠠ ᠣᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠦᠲᠦᠮᠵᠢᠲᠡᠢ ᠪᠠᠲᠤᠯᠠᠪᠠ᠃       ᠠᠮᠤᠭᠤᠯᠠᠩᠲᠤ ᠬᠦᠯᠦᠨ ᠪᠤᠶᠢᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠦᠷᠨᠢᠭᠦᠯᠪᠡ᠃       ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢᠨ ᠡᠭᠦᠳᠦᠨ ᠪᠠᠶᠢᠭᠤᠯᠤᠯᠲᠠ ︽ᠲᠠᠪᠤᠨ ᠵᠢᠯ ᠳᠠᠷᠠᠭᠠᠯᠠᠨ ᠲᠡᠷᠢᠭᠦᠯᠡᠬᠦ︾ ᠶᠢ ᠪᠡᠶᠡᠯᠡᠭᠦᠯᠪᠡ᠃       ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠰᠢᠨ᠎ᠡ ᠪᠠᠷᠭᠤ ᠵᠡᠭᠦᠨ ᠬᠤᠰᠢᠭᠤ᠂ ᠤᠷᠴᠤᠨ ᠤ ᠦᠪᠡᠷᠲᠡᠭᠡᠨ ᠵᠠᠰᠠᠬᠤ ᠬᠤᠰᠢᠭᠤ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ ᠤ ᠴᠤᠯᠠ ᠶᠢ ᠦᠩᠭᠡ ᠭᠡᠷᠡᠯ ᠲᠠᠢ ᠪᠠᠷ ᠬᠦᠷᠲᠡᠪᠡ᠃
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ